ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠮᠦᠭᠳᠡᠨ ᠬᠤᠶᠠᠷ ᠬᠤᠲᠠ 《ᠭᠤᠷᠪᠠᠨ ᠮᠤᠵᠢ ᠨᠢᠭᠡ ᠣᠷᠣᠨ》᠎ᠤ ᠣᠷᠣᠨ ᠪᠦᠰᠡ ᠵᠢᠨ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠎ᠠ ᠵᠢ ᠬᠠᠮᠵᠢᠯᠴᠠᠨ ᠠᠬᠢᠭᠤᠯᠪᠠ
ᠨᠡᠶ᠋ᠢᠲᠡᠯᠡᠭᠰᠡᠨ ᠴᠠᠭ᠄ 2025-11-07

11 ᠳ᠋ᠦ᠍ᠭᠡᠷ ᠰᠠᠷ᠎ᠠ ᠵᠢᠨ 4᠎ᠤ ᠡᠳᠦᠷ᠂ ᠲᠦᠩᠯᠢᠶᠣᠤ ᠪᠣᠯᠤᠨ ᠮᠦᠭᠳᠡᠨ ᠬᠤᠶᠠᠷ ᠬᠤᠲᠠ ᠲᠦᠩᠯᠢᠶᠣᠤ ᠬᠤᠲᠠ ᠵᠢᠨ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠳᠤ 《ᠭᠤᠷᠪᠠᠨ ᠮᠤᠵᠢ ᠨᠢᠭᠡ ᠣᠷᠣᠨ》᠎ᠤ ᠣᠷᠣᠨ ᠪᠦᠰᠡ ᠵᠢᠨ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠋ᠠᠨ᠎ᠤ ᠳ᠋ᠦᠩᠨᠡᠯᠲᠡ ᠵᠢᠨ ᠰᠣᠯᠢᠯᠴᠠᠭ᠋ᠠᠨ᠎ᠤ ᠶᠠᠷᠢᠯᠴᠠᠬᠤ ᠬᠤᠷᠠᠯ ᠬᠢᠪᠠ᠃ ᠱᠧᠨᠶᠠᠩ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠩᠭᠢ ᠪᠣᠯᠤᠨ ᠲᠦᠩᠯᠢᠶᠣᠤ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠵᠢᠨ ᠬᠤᠯᠪᠣᠭᠳᠠᠯ ᠪᠥᠬᠦᠶ ᠨᠥᠬᠦᠳ ᠬᠤᠷᠠᠯ᠎ᠳᠤ ᠣᠷᠣᠯᠴᠠᠵᠠᠶ ᠃ 

ᠬᠤᠷᠠᠯ  ᠳᠡᠭᠡᠷ᠎ᠡ᠂ ᠬᠤᠷᠠᠯ᠎ᠳᠤ ᠣᠷᠤᠯᠴᠠᠭᠰᠠᠨ ᠡᠯ᠎ᠡ ᠨᠢᠭᠡᠴᠢ ᠣᠷᠣᠨ ᠪᠦᠰᠡ ᠠᠯᠤᠰᠯᠠᠭᠰᠠᠨ ᠬᠠᠤᠯᠢ ᠬᠡᠷᠡᠭᠵᠢᠭᠦᠯᠬᠦ ᠠᠵᠢᠯ᠎ᠤᠨ ᠦᠷ᠎ᠡ ᠪᠦᠲᠦᠭᠡᠯ ᠵᠶ᠋ᠠᠨ ᠬᠤᠪᠢᠶᠠᠯᠴᠠᠵᠤ᠂ ᠬᠠᠮᠵᠢᠯᠴᠠᠨ ᠬᠤᠯᠪᠣᠭ᠋ᠠᠯᠠᠨ ᠬᠥᠳᠡᠯᠦᠯᠴᠡᠬᠦ ᠵᠢ ᠭᠦᠨᠵᠡᠭᠡᠶ᠋ᠢᠷᠡᠭᠦᠯᠬᠦ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠣᠭᠤᠮᠲᠠ ᠰᠢᠪᠲᠤᠯᠬᠤ ᠵᠢ ᠭᠦᠨᠵᠡᠭᠡᠶ᠋ᠢᠷᠡᠭᠦᠯᠬᠦ᠂ ᠬᠠᠤᠯᠢ ᠬᠡᠷᠡᠭᠵᠢᠭᠦᠯᠬᠦ ᠡᠩᠨᠡᠭᠡ ᠵᠢᠨ ᠬᠡᠪ ᠴᠢᠨᠠᠷ᠎ᠢ ᠳᠡᠭᠡᠭᠰᠢᠯᠡᠭᠦᠯᠬᠦ ᠵᠡᠷᠭᠡ ᠵᠥᠪᠯᠡᠬᠦ ᠰᠡᠳᠦᠪ᠎ᠤᠨ ᠲᠣᠭᠤᠷᠢᠨ᠎ᠳᠤ ᠭᠦᠨᠵᠡᠭᠡᠶ ᠰᠤᠳᠤᠯᠤᠨ ᠶᠠᠷᠢᠯᠴᠠᠵᠤ᠂ ᠣᠳᠣᠬᠠᠨ᠎ᠤ ᠣᠷᠣᠨ ᠪᠦᠰᠡ ᠠᠯᠤᠰᠯᠠᠭᠰᠠᠨ ᠬᠠᠤᠯᠢ ᠬᠡᠷᠡᠭᠵᠢᠭᠦᠯᠬᠦ ᠳᠤᠮᠳᠠ ᠣᠷᠣᠰᠢᠵᠤ ᠪᠠᠶ᠋ᠢᠭ᠎ᠠ ᠪᠠᠷᠢᠮᠵᠢᠶ᠎ᠠ ᠨᠢᠭᠡᠳᠦᠯ ᠥᠬᠡᠶ᠂ ᠮᠡᠳᠡᠭᠡ ᠵᠠᠩᠭᠢ ᠳᠠᠮᠵᠢᠭᠤᠯᠬᠤ ᠬᠤᠴᠣᠷᠤᠩᠭᠤᠶ᠂ ᠡᠬᠢ ᠡᠭᠦᠰᠦᠯ᠎ᠤᠨ ᠬᠢᠨᠠᠯᠲᠠ ᠬᠠᠮᠢᠶᠠᠷᠤᠯᠲᠠ ᠵᠢᠨ ᠵᠣᠯᠭ᠋ᠠᠯᠴᠠᠭ᠎ᠠ ᠬᠦᠷᠦᠯᠴᠡᠬᠦ ᠥᠬᠡᠶ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠥᠭᠵᠢᠶᠡᠨᠲᠡᠶ ᠶᠠᠷᠢᠯᠴᠠᠭᠰᠠᠨ ᠪᠥᠭᠡᠳ ᠣᠯᠠᠨ ᠵᠦᠢ᠍ᠯ᠎ᠤᠨ ᠬᠠᠮᠲᠤ ᠵᠢᠨ ᠲᠠᠨᠢᠯᠲᠠ᠎ᠲᠠᠢ ᠪᠣᠯᠪᠠ᠃

ᠬᠤᠷᠠᠯ᠎ᠠᠴᠠ᠂ ᠡᠯ᠎ᠡ ᠨᠢᠭᠡᠴᠢ ᠵᠢᠨ᠎ᠬᠢᠨ ᠲᠤᠰ ᠤᠳᠠᠭ᠎ᠠ ᠵᠢᠨ ᠰᠣᠯᠢᠯᠴᠠᠭ᠋ᠠᠨ᠎ᠤ ᠬᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠬᠠᠮᠵᠢᠯᠴᠠᠨ ᠬᠠᠮᠲᠤᠷᠠᠯᠴᠠᠬᠤ ᠵᠢ ᠭᠦᠨᠵᠡᠭᠡᠶ᠋ᠢᠷᠡᠭᠦᠯᠬᠦ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠯᠴᠡᠵᠦ ᠬᠠᠮᠲᠤ ᠎ᠪᠠᠷ ᠡᠳ᠋ᠯᠡᠬᠦ ᠲᠠᠯ᠎ᠠ᠎ᠪᠠᠷ ᠲᠠᠬᠢᠨ ᠬᠦᠴᠦᠯᠡᠵᠦ᠂ ᠰᠢᠨ᠎ᠡ ᠵᠢ ᠡᠭᠦᠳᠬᠦ ᠡᠬᠢ ᠡᠭᠦᠰᠦᠯ᠎ᠠᠴᠠ᠎ᠨᠢ ᠬᠢᠨᠠᠨ ᠬᠠᠮᠢᠶᠠᠷᠬᠤ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠡᠩᠨᠡᠭᠡᠨ᠎ᠤ ᠬᠡᠪ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠎ᠠ ᠵᠢ 《ᠱᠠᠳᠤᠴᠢ ᠴᠢᠨᠠᠷᠲᠠᠢ ᠬᠠᠮᠲᠤᠷᠠᠯᠴᠠᠬᠤ》 ᠪᠠᠶ᠋ᠢᠭᠰᠠᠨ᠎ᠠᠴᠠ 《ᠪᠠᠶ᠋ᠢᠩᠭᠤᠵᠢᠭᠰᠠᠨ ᠬᠠᠮᠵᠢᠯᠴᠠᠭ᠎ᠠ》 ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠬᠠᠤᠯᠢ ᠬᠡᠷᠡᠭᠵᠢᠭᠦᠯᠦᠯᠲᠡ ᠵᠢᠨ ᠡᠬᠢ ᠪᠠᠶᠠᠯᠢᠭ᠎ᠢ ᠪᠦᠲᠦᠮᠵᠢᠲᠡᠢ ᠨᠡᠶ᠋ᠢᠳᠬᠡᠵᠦ᠂ ᠵᠠᠰᠠᠯᠲᠠ ᠵᠢᠨ ᠳᠤᠲᠠᠭᠤᠳᠠᠯ᠎ᠢ ᠨᠥᠬᠦᠪᠥᠷᠢᠯᠡᠵᠦ᠂ ᠣᠷᠣᠨ ᠪᠦᠰᠡ ᠵᠢᠨ ᠵᠠᠰᠠᠯᠲᠠ ᠵᠢᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠬᠠᠮᠲᠤ ᠎ᠪᠠᠷ ᠵᠥᠪᠳᠡᠯᠴᠡᠵᠦ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠠᠤᠯᠢᠵᠢᠯ᠎ᠤᠨ ᠬᠠᠯᠬᠠᠪᠴᠢ ᠵᠢ ᠪᠠᠲᠤ ᠴᠣᠭᠴᠠᠯᠠᠨ᠎ᠠ ᠭᠡᠵᠦ ᠲᠣᠳᠣᠷᠬᠠᠶ᠋ᠢᠯᠠᠪᠠ᠃

ᠢᠷᠡᠯᠲᠡ᠄ ᠲᠦᠩᠯᠢᠶᠣᠤ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            