ᠲᠦᠷᠦᠭᠦᠬᠡᠨ᠂ ᠮᠠᠨᠵᠤᠤᠷ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ 12328 ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠴᠢᠯᠡᠭᠡᠨ᠎ᠦ ᠬᠢᠨᠠᠯᠲᠠ ᠲᠠᠯᠪᠢᠬᠤ ᠬᠠᠯᠠᠮᠰᠢᠯ ᠤᠲᠠᠰᠤᠨ᠎ᠤ ᠰᠢᠯᠵᠢᠭᠦᠯᠦᠨ ᠭᠦᠢᠴᠡᠳᠬᠡᠬᠦ ᠠᠵᠢᠯ᠎ᠤᠨ ᠬᠠᠭᠤᠳᠠᠰᠤ ᠶᠢ ᠲᠣᠰᠴᠦ ᠠᠪᠤᠯ᠎ᠠ᠂ ᠨᠢᠭᠡᠨ ᠪᠠᠷᠠᠭᠠᠨ᠎ᠤ᠋ ᠲᠡᠷᠭᠡᠨ ᠵᠢᠯᠣᠭᠣᠴᠢ ᠪᠠᠷᠠᠭ᠎ᠠ᠎ᠶᠢ ᠳᠠᠭᠠᠭᠠᠴᠢᠯᠠᠨ ᠲᠡᠭᠡᠭᠡᠪᠦᠷᠢᠯᠡᠭᠡᠳ ᠳᠠᠭᠤᠰᠤᠭ᠍ᠰᠠᠨᠤ᠋ ᠳᠠᠷᠠᠭ᠎ᠠ᠂ ᠬᠡᠷᠡᠭ᠎ᠲᠦ᠍ ᠬᠣᠯᠪᠣᠭ᠍ᠳᠠᠭ᠍ᠰᠠᠨ ᠪᠠᠷᠠᠭᠠᠨ᠎ᠤ᠋ ᠡᠵᠡᠨ ᠬᠣᠶᠠᠷ ᠲᠠᠯ᠎ᠠ ᠶ᠋ᠢᠨ ᠪᠣᠯᠵᠣᠭ᠎ᠠ ᠶᠣᠰᠣᠭᠠᠷ ᠲᠡᠭᠡᠭᠡᠪᠦᠷᠢ ᠶ᠋ᠢᠨ ᠵᠠᠷᠤᠳᠠᠯ᠎ᠢᠶᠠᠨ ᠲᠤᠰᠢᠶᠠᠭᠰᠠᠨ ᠦᠭᠡᠢ᠂ ᠣᠯᠠᠨ ᠤᠳᠠᠭ᠎ᠠ ᠬᠠᠷᠢᠯᠴᠠᠭᠠᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠬᠤᠯᠪᠤᠭᠳᠠᠯ ᠪᠦᠬᠦᠢ ᠰᠠᠯᠠᠭ᠎ᠠ ᠮᠥᠴᠢᠷᠦ᠋ᠨ ᠵᠣᠬᠢᠴᠠᠭᠤᠯᠭ᠎ᠠ ᠬᠠᠪᠰᠤᠷᠤᠯᠭ᠎ᠠ᠎ᠶᠢ ᠡᠷᠢᠵᠦ᠍᠂ ᠬᠠᠮᠢᠶ᠎ᠠ ᠪᠦᠬᠦᠢ ᠵᠣᠭᠣᠰᠢ᠋ ᠲᠦᠷᠭᠡᠬᠡᠨ ᠨᠡᠬᠡᠵᠦ᠍ ᠠᠪᠴᠢᠷᠠᠬᠤ᠎ᠶᠢ ᠬᠦᠰᠡᠵᠦ᠍ ᠪᠠᠢᠨ᠎ᠠ ᠭᠡᠵᠡᠢ᠃

ᠠᠵᠢᠯ᠎ᠤᠨ ᠬᠠᠭᠤᠳᠠᠰᠤ᠎ᠶ᠋ᠢ ᠣᠯᠤᠭ᠍ᠰᠠᠨ᠎ᠤ ᠳᠠᠷᠠᠭ᠎ᠠ᠂ ᠬᠠᠮᠢᠶ᠎ᠠ ᠪᠥᠬᠦᠶ ᠲᠣᠭ᠍ᠲᠠᠴᠠ᠎ᠶ᠋ᠢᠨ ᠱᠠᠭᠠᠷᠳᠠᠯᠭ᠎ᠠ ᠶᠣᠰᠣᠭᠠᠷ᠂ ᠠᠵᠢᠯ᠎ᠤᠨ ᠬᠠᠭᠤᠳᠠᠰᠤ᠎ᠶ᠋ᠢ ᠭᠦᠢᠴᠡᠳᠭᠡᠬᠦ᠌ ᠬᠥᠮᠦᠰ ᠲᠡᠷᠡ ᠳᠠᠷᠤᠶ᠎ᠳᠤ ᠨᠢ ᠵᠠᠭᠠᠯᠳᠤᠭ᠍ᠴᠢᠲᠠᠢ ᠬᠠᠷᠢᠯᠴᠠᠵᠤ᠂ ᠵᠢᠯᠣᠭᠤᠴᠢ᠎ᠶ᠋ᠢᠨ ᠬᠦᠰᠡᠯ ᠱᠠᠭᠠᠷᠳᠠᠯᠭ᠎ᠠ ᠪᠠ ᠬᠦᠴᠢᠷᠳᠡᠯ᠎ᠤᠨ ᠪᠠᠢᠳᠠᠯ᠎ᠢ ᠤᠢᠯᠠᠭᠠᠨ᠂ ᠨᠠᠷᠢᠨ ᠲᠣᠳᠣᠷᠬᠠᠶ ᠡᠬᠡ ᠲᠠᠩᠰᠠ ᠪᠣᠯᠭᠠᠬᠤ᠎ᠶ᠋ᠢᠨ ᠬᠠᠮᠲᠤ᠌᠂ ᠠᠰᠠᠭᠤᠳᠠᠯ᠎ᠤᠨ ᠪᠠᠢᠳᠠᠯ᠎ᠢᠶᠠᠨ ᠳᠡᠭᠡᠳᠦ ᠱᠠᠲᠤᠨ᠎ᠤ ᠤᠳᠤᠷᠢᠳᠤᠯᠭ᠎ᠠ᠎ᠳᠤ ᠬᠠᠷᠢᠭᠤ ᠮᠡᠳᠡᠭᠦᠯᠪᠡ᠃ ᠮᠠᠨᠵᠤᠤᠷ ᠬᠤᠳᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠲᠡᠷᠡ ᠳᠠᠷᠤᠢ᠎ᠳᠦ ᠨᠢ ᠠᠵᠢᠯ᠎ᠤᠨ ᠪᠠᠢᠷᠢᠯᠠᠭᠤᠯᠤᠯᠲᠠ ᠬᠢᠵᠦ᠂ ᠬᠠᠤᠯᠢ ᠬᠡᠷᠡᠭᠵᠢᠭᠦᠯᠬᠦ ᠶᠡᠬᠡ ᠠᠩᠭᠢ᠎ᠪᠠᠷ ᠲᠦᠷᠦᠭᠦᠯᠡᠭᠦᠯᠦᠨ ᠨᠠᠢᠳᠠᠪᠤᠷᠢᠵᠢᠭᠤᠯᠬᠤ᠎ᠶᠢᠨ ᠬᠠᠮᠲᠤ ᠬᠠᠤᠯᠢ ᠴᠠᠭᠠᠵᠠ᠎ᠶᠢᠨ ᠵᠥᠪᠯᠡᠭᠴᠢ᠂ ᠨᠡᠢᠭᠡᠮ᠎ᠦᠨ ᠪᠠᠲᠤᠯᠠᠭ᠎ᠠ ᠵᠡᠷᠭᠡ ᠤᠯᠠᠨ ᠰᠠᠯᠠᠭ᠎ᠠ ᠮᠥᠴᠢᠷ᠎ᠡᠴᠡ ᠠᠰᠠᠭᠤᠨ ᠯᠠᠪᠯᠠᠬᠤ᠎ᠪᠠᠷ ᠳᠠᠮᠵᠢᠭᠤᠯᠵᠤ᠂ ᠰᠢᠢᠳᠪᠦᠷᠢᠯᠡᠬᠦ ᠠᠷᠭ᠎ᠠ᠎ᠶᠢ ᠡᠷᠢᠯᠬᠢᠯᠡᠪᠡ᠃
ᠡᠴᠦᠰ᠎ᠲᠤ᠌᠂ ᠬᠠᠤᠯᠢ ᠬᠡᠷᠡᠭ᠌ᠵᠢᠭᠦᠯᠬᠦ᠌ ᠶᠡᠭᠡ ᠠᠩᠭᠢ᠎ᠶ᠋ᠢᠨ ᠭᠤᠤᠯ ᠬᠠᠷᠢᠭᠤᠴᠠᠯᠭᠠᠲᠠᠨ᠎ᠡᠴᠡ ᠲᠡᠭᠡᠭᠡᠪᠦᠷᠢ᠎ᠶ᠋ᠢᠨ ᠵᠠᠷᠤᠳᠠᠯ ᠥᠷᠢᠲᠦᠵᠦ᠍ ᠪᠠᠢᠭ᠎ᠠ ᠲᠠᠯ᠎ᠠ᠎ᠶ᠋ᠢᠨ᠎ᠬᠢᠨ᠎ᠲᠠᠢ ᠣᠯᠠᠨ ᠤᠳᠠᠭ᠎ᠠ ᠵᠣᠬᠢᠴᠠᠭᠤᠯᠤᠨ ᠨᠡᠪᠲᠡᠷᠡᠯᠴᠡᠭᠦᠯᠬᠦ᠌᠎ᠪᠠᠷ ᠳᠡᠮᠵᠢᠨ᠂ ᠪᠠᠷᠠᠭᠠᠨ᠎ᠤ ᠲᠡᠷᠭᠡᠨ ᠵᠢᠯᠣᠭᠤᠴᠢ᠎ᠶ᠋ᠢ ᠬᠠᠪᠰᠤᠷᠤᠨ ᠲᠡᠭᠡᠭᠡᠪᠦᠷᠢ᠎ᠶ᠋ᠢᠨ ᠵᠠᠷᠤᠳᠠᠯ᠎ᠢ 5 ᠲᠦᠮᠡᠨ ᠲᠥᠭᠦᠷᠢᠭ ᠤᠷᠤᠭ᠍ᠰᠢᠲᠠᠶ ᠣᠯᠵᠤ᠂ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠭ᠎ᠠ᠎ᠲᠠᠢ ᠪᠣᠯᠭᠠᠪᠠ᠃
ᠲᠤᠰ ᠲᠤᠪᠴᠢᠶ᠎ᠠ ᠦᠷᠭᠦᠯᠵᠢᠯᠡᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠦ ᠬᠦᠰᠡᠵᠦ᠍ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠩ ᠥᠨᠳᠥᠷ ᠪᠦᠲᠦᠮᠵᠢᠲᠡᠢ᠂ ᠨᠡᠩ ᠳᠣᠲᠣᠨᠣ ᠦᠢᠯᠡᠴᠢᠯᠡᠭᠡ᠎ᠪᠠᠷ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭ᠋ᠠᠯᠠᠵᠤ ᠪᠠᠢ᠌ᠨ᠎ᠠ᠃ ( ᠡᠾᠧ ᠴᠠᠩ )