ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠶ᠋ᠢᠷ ᠬᠤᠲᠠ ᠵᠢᠨ ᠵᠠᠰᠠᠮᠠᠯ ᠵᠠᠮ᠎ᠤᠨ ᠨᠡᠪᠲᠡᠷᠡᠬᠦ ᠰᠦᠢ᠍ᠳᠭᠡᠯ ᠲᠠᠲᠠᠪᠤᠷᠢᠯᠠᠬᠤ ᠲᠥᠪ᠎ᠤᠨ ᠰᠢᠩ ᠯᠦᠩ ᠰᠦᠢ᠍ᠳᠭᠡᠯ ᠬᠤᠷᠢᠶᠠᠬᠤ ᠥᠷᠲᠡᠭᠡ ᠴᠢᠨᠠᠷ ᠰᠠᠶ᠋ᠢᠲᠠᠶ ᠦᠢ᠍ᠯᠡᠴᠢᠯᠡᠭᠡ᠎ᠪᠠᠷ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠢ᠌ᠷᠡᠭᠦᠯᠪᠡ
ᠨᠡᠶ᠋ᠢᠲᠡᠯᠡᠭᠰᠡᠨ ᠴᠠᠭ᠄ 2025-09-17

ᠣᠢ᠌ᠷ᠎ᠠ ᠵᠢᠨ ᠵᠢᠯ᠎ᠤᠨ ᠲᠤᠷᠰᠢ᠂ ᠬᠥᠯᠥᠨ ᠪᠤᠶ᠋ᠢᠷ ᠬᠤᠲᠠ ᠵᠢᠨ ᠵᠠᠰᠠᠮᠠᠯ ᠵᠠᠮ᠎ᠤᠨ ᠨᠡᠪᠲᠡᠷᠡᠬᠦ ᠰᠦᠢ᠍ᠳᠭᠡᠯ ᠲᠠᠲᠠᠪᠤᠷᠢᠯᠠᠬᠤ ᠲᠥᠪ᠎ᠤᠨ ᠰᠢᠩ ᠯᠦᠩ ᠰᠦᠢ᠍ᠳᠭᠡᠯ ᠬᠤᠷᠢᠶᠠᠬᠤ ᠥᠷᠲᠡᠭᠡ᠎ᠨᠢ 《ᠵᠢᠯᠣᠭᠤᠴᠢ ᠪᠠ ᠠᠶᠠᠨᠴᠢᠳ᠎ᠢ ᠳᠡᠭᠡᠳᠦᠯᠡᠬᠦ᠂ ᠦᠢ᠍ᠯᠡᠴᠢᠯᠡᠭᠡ ᠵᠢ ᠦᠨᠡᠨᠴᠢ ᠪᠠᠢ᠌ᠯᠭ᠋ᠠᠬᠤ》 ᠣᠨᠣᠯᠵᠢᠬᠤᠨ᠎ᠢ ᠢᠮᠠᠭᠲᠠ ᠪᠠᠷᠢᠮᠲᠠᠯᠠᠵᠤ᠂ ᠪᠣᠯᠪᠠᠰᠤᠨ᠎ᠤ ᠦᠢ᠍ᠯᠡᠴᠢᠯᠡᠭᠡ ᠵᠢ ᠡᠳᠦᠷ ᠲᠤᠲᠤᠮ᠎ᠤᠨ ᠡᠵᠡᠩᠨᠡᠯᠲᠡ ᠵᠢᠨ ᠭᠤᠭᠴᠤᠭ᠎ᠠ ᠨᠢᠭᠡᠪᠦᠷᠢ᠎ᠳᠤ ᠠᠭᠤᠰᠬᠠᠨ ᠣᠷᠣᠭᠤᠯᠵᠤ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠢ᠌ᠭᠤᠯᠤᠯᠲᠠ᠂ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠬᠦᠮᠦᠨᠴᠢᠯᠡᠭᠰᠡᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃

ᠪᠣᠯᠪᠠᠰᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ᠃ ᠲᠤᠰ ᠥᠷᠲᠡᠭᠡ᠎ᠨᠢ ᠦᠩᠭᠡ ᠵᠢᠰᠦ ᠳᠦᠷᠢ ᠳᠦᠷᠬᠦ᠂ ᠪᠣᠯᠪᠠᠰᠤᠨ ᠬᠡᠷᠡᠭᠯᠡᠭᠡᠨ᠎ᠤ ᠦᠭᠡ᠂ ᠠᠵᠢᠯᠯᠠᠭ᠋ᠠᠨ᠎ᠤ ᠶᠠᠪᠤᠴᠠ ᠵᠢ ᠬᠠᠮᠤᠷᠤᠭᠰᠠᠨ ᠦᠢ᠍ᠯᠡᠴᠢᠯᠡᠭᠡᠨ᠎ᠤ ᠵᠢᠷᠤᠮᠵᠢᠯ᠎ᠤᠨ ᠰᠢᠰᠲ᠋ᠧᠮ᠎ᠢ ᠲᠣᠭᠲᠠᠭ᠋ᠠᠵᠤ᠂ 《ᠢᠷᠡᠬᠦ᠎ᠳᠤ ᠤᠭᠲᠤᠬᠤ ᠳᠠᠭᠤᠨ᠎ᠲᠠᠢ᠂ ᠠᠰᠠᠭᠤᠬᠤ᠎ᠳᠤ ᠬᠠᠷᠢᠭᠤ ᠥᠭᠬᠦ ᠳᠠᠭᠤᠨ᠎ᠲᠠᠢ᠂ ᠶᠠᠪᠤᠬᠤ᠎ᠳᠤ ᠬᠦᠷᠭᠡᠬᠦ ᠳᠠᠭᠤᠨ᠎ᠲᠠᠢ ᠪᠠᠶ᠋ᠢᠬᠤ》 ᠵᠢ ᠪᠡᠶᠡᠯᠡᠭᠦᠯᠪᠡ᠃ ᠡᠭᠦᠨ᠎ᠤ ᠬᠠᠮᠲᠤ᠂ ᠰᠦᠢ᠍ᠳᠬᠡᠯ ᠬᠤᠷᠢᠶᠠᠬᠤ ᠠᠵᠢᠯ᠎ᠤᠨ ᠶᠠᠪᠤᠴᠠ ᠵᠢ ᠵᠢᠷᠤᠮᠵᠢᠭᠤᠯᠵᠤ᠂ ᠲᠡᠷᠭᠡ ᠬᠥᠰᠬᠡ ᠬᠦᠯᠢᠶᠡᠬᠦ ᠴᠠᠭ᠎ᠢ ᠪᠠᠭ᠋ᠠᠰᠬᠠᠨ᠂ ᠰᠦᠢ᠍ᠳᠬᠡᠯ ᠬᠤᠷᠢᠶᠠᠬᠤ ᠭᠤᠭᠴᠤᠭ᠎ᠠ ᠵᠢᠨ ᠥᠨᠳᠥᠷ ᠪᠦᠲᠦᠮᠵᠢᠲᠡᠶ ᠪᠥᠭᠡᠳ ᠰᠠᠭ᠋ᠠᠳ ᠦᠭᠡᠢ ᠪᠠᠶ᠋ᠢᠬᠤ ᠵᠢ ᠦᠨᠡᠨᠬᠦ ᠪᠠᠲᠤᠯᠠᠪᠠ᠃ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠲᠣᠰ ᠥᠷᠲᠡᠭᠡ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠪᠣᠯᠪᠠᠰᠤᠨ᠎ᠤ ᠦᠢ᠍ᠯᠡᠴᠢᠯᠡᠭᠡᠨ᠎ᠤ ᠪᠣᠯᠪᠠᠰᠤᠷᠠᠯ ᠪᠠ ᠪᠤᠲᠠᠲᠠᠢ ᠠᠵᠢᠯᠯᠠᠬᠤ ᠰᠣᠷᠢᠯᠲᠠ ᠵᠢ ᠥᠷᠨᠢᠭᠦᠯᠵᠦ᠂ ᠵᠢᠯᠣᠭᠤᠴᠢ ᠪᠠ ᠠᠶᠠᠨᠴᠢᠳ᠎ᠤᠨ ᠯᠠᠪᠯᠠᠭ᠎ᠠ᠂ ᠣᠨᠴᠠᠭ᠋ᠠᠢ ᠪᠠᠶ᠋ᠢᠳᠠᠯ᠎ᠢ ᠰᠢᠢ᠍ᠳᠪᠦᠷᠢᠯᠡᠬᠦ ᠵᠢ ᠳᠠᠭᠤᠷᠢᠶᠠᠬᠤ ᠵᠡᠷᠭᠡ ᠪᠠᠢ᠌ᠳᠠᠯ ᠵᠶ᠋ᠠᠷ ᠳᠠᠮᠵᠢᠭᠤᠯᠤᠨ᠂ ᠰᠦᠢ᠍ᠳᠬᠡᠯ ᠬᠤᠷᠢᠶᠠᠭᠴᠢ ᠵᠢᠨ ᠦᠢ᠍ᠯᠡᠴᠢᠯᠡᠭᠡᠨ᠎ᠤ ᠮᠡᠷᠭᠡᠵᠢᠯ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠪᠡ᠃

ᠬᠠᠮᠢᠶᠠᠷᠤᠯᠲᠠ᠎ᠪᠠᠨ ᠨᠠᠷᠢᠯᠢᠭᠵᠢᠭᠤᠯᠤᠨ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠪᠡ᠃ ᠲᠣᠰ ᠥᠷᠲᠡᠭᠡ᠎ᠨᠢ 《ᠲᠤᠰᠬᠠᠶ ᠬᠥᠮᠦᠨ ᠵᠶ᠋ᠠᠷ ᠲᠣᠭᠤᠷᠢᠨ ᠪᠠᠢ᠌ᠴᠠᠭ᠋ᠠᠬᠤ + ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ》 ᠳᠠᠪᠬᠤᠷ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠰᠦᠢ᠍ᠳᠬᠡᠯ ᠬᠤᠷᠢᠶᠠᠭᠴᠢ ᠵᠢᠨ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠪᠠᠢ᠌ᠴᠠᠭ᠋ᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠦᠨᠡᠯᠡᠪᠡ᠃ ᠲᠡᠷᠭᠡᠨ ᠴᠣᠪᠤᠷᠠᠯ᠎ᠤᠨ ᠣᠷᠭᠢᠯ᠎ᠤᠨ ᠦᠶ᠎ᠡ᠎ᠳᠤ ᠠᠮᠠᠷᠬᠠᠨ ᠲᠦᠭᠵᠢᠷᠡᠬᠦ ᠠᠰᠠᠭᠤᠳᠠᠯ᠎ᠳᠤ ᠴᠢᠭᠯᠡᠭᠦᠯᠦᠨ᠂ ᠰᠦᠢ᠍ᠳᠬᠡᠯ ᠬᠤᠷᠢᠶᠠᠬᠤ ᠥᠷᠲᠡᠭᠡ᠎ᠨᠢ ᠬᠥᠮᠦᠨ᠎ᠤ ᠬᠦᠴᠦᠨ᠎ᠢ ᠵᠣᠬᠢᠰᠲᠠᠶ ᠲᠣᠬᠢᠷᠠᠭᠤᠯᠵᠤ᠂ ᠰᠦᠢ᠍ᠳᠬᠡᠯ ᠬᠤᠷᠢᠶᠠᠬᠤ ᠲᠡᠷᠭᠡᠨ ᠵᠠᠮ᠎ᠢ ᠨᠡᠮᠡᠵᠦ ᠨᠡᠭᠡᠭᠡᠬᠦ ᠵᠢᠨ ᠬᠠᠮᠲᠤ ᠲᠤᠰᠬᠠᠶ ᠬᠥᠮᠦᠨ ᠲᠣᠬᠢᠷᠠᠭᠤᠯᠤᠨ ᠰᠦᠢ᠍ᠳᠬᠡᠯ ᠬᠤᠷᠢᠶᠠᠬᠤ ᠲᠠᠯᠠᠪᠠᠶ᠎ᠳᠤ ᠬᠥᠲᠥᠯᠥᠨ ᠵᠢᠯᠣᠭᠤᠳᠴᠤ᠂ ᠲᠡᠷᠭᠡ ᠬᠥᠰᠬᠡ ᠵᠢᠨ ᠲᠦᠷᠭᠡᠨ ᠨᠡᠪᠲᠡᠷᠡᠬᠦ ᠵᠢ ᠪᠠᠲᠤᠯᠠᠪᠠ᠃

ᠴᠢᠨᠠᠷ ᠰᠠᠶ᠋ᠢᠲᠠᠶ ᠦᠢ᠍ᠯᠡᠴᠢᠯᠡᠭᠡ᠎ᠪᠠᠷ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠢ᠌ᠷᠡᠭᠦᠯᠪᠡ᠃ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠡᠷᠭᠡ ᠭᠠᠳᠠᠭᠰᠢ ᠭᠠᠷᠬᠤ ᠣᠷᠭᠢᠯ᠎ᠤᠨ ᠡᠳᠦᠷ᠎ᠲᠤ᠂ ᠲᠣᠰ ᠥᠷᠲᠡᠭᠡ᠎ᠨᠢ 《ᠪᠣᠯᠪᠠᠰᠤᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ》 ᠲᠣᠬᠢᠷᠠᠭᠤᠯᠵᠤ᠂ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ᠎ᠢ ᠵᠣᠬᠢᠶᠠᠨ ᠪᠠᠶ᠋ᠢᠭᠤᠯᠤᠨ ᠵᠢᠯᠣᠭᠤᠴᠢ ᠪᠠ ᠠᠶᠠᠨᠴᠢᠳ᠎ᠲᠤ ᠵᠠᠮ᠎ᠤᠨ ᠪᠠᠶ᠋ᠢᠳᠠᠯ᠎ᠤᠨ ᠯᠠᠪᠯᠠᠭ᠎ᠠ᠂ ᠬᠠᠯᠠᠭᠤᠨ ᠤᠰᠤᠨ᠎ᠤ ᠬᠠᠩᠭ᠋ᠠᠯᠭ᠎ᠠ᠂ ᠣᠷᠣ ᠳᠡᠪᠢᠰᠬᠡᠷ᠎ᠢ ᠵᠥᠭᠡᠭᠡᠪᠦᠷᠢᠯᠡᠬᠦ ᠵᠡᠷᠭᠡ ᠦᠢ᠍ᠯᠡᠴᠢᠯᠡᠭᠡ ᠬᠠᠩᠭ᠋ᠠᠪᠠ᠃ ᠮᠠᠭᠤ ᠠᠭᠤᠷ ᠠᠮᠢᠰᠬᠤᠯ ᠲᠣᠬᠢᠶᠠᠯᠳᠤᠪᠠᠯ ᠰᠦᠢ᠍ᠳᠭᠡᠯ ᠬᠤᠷᠢᠶᠠᠭᠴᠢ ᠴᠠᠭ ᠲᠤᠬᠠᠶ᠎ᠳᠤ᠎ᠨᠢ ᠵᠢᠯᠣᠭᠤᠴᠢ ᠪᠠ ᠠᠶᠠᠨᠴᠢᠳ᠎ᠲᠤ ᠠᠮᠤᠷ ᠲᠦᠪᠰᠢᠨ᠎ᠢ ᠠᠩᠬᠠᠷᠬᠤ ᠵᠢ ᠰᠠᠨᠠᠭᠤᠯᠵᠤ᠂ ᠴᠢᠨᠠᠷ ᠰᠠᠶ᠋ᠢᠲᠠᠶ ᠦᠢ᠍ᠯᠡᠴᠢᠯᠡᠭᠡ᠎ᠪᠠᠷ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠢ᠌ᠷᠡᠭᠦᠯᠪᠡ᠃ (ᠵᠠᠩ ᠯᠧᠢ) 

ᠢᠷᠡᠯᠲᠡ᠄ ᠬᠥᠯᠥᠨ ᠪᠤᠶ᠋ᠢᠷ ᠬᠤᠲᠠ ᠵᠢᠨ ᠵᠠᠰᠠᠮᠠᠯ ᠵᠠᠮ᠎ᠤᠨ ᠨᠡᠪᠲᠡᠷᠡᠬᠦ ᠰᠦᠢ᠍ᠳᠭᠡᠯ ᠲᠠᠲᠠᠪᠤᠷᠢᠯᠠᠬᠤ ᠲᠥᠪ᠎ᠤᠨ ᠰᠢᠩ ᠯᠦᠩ ᠰᠦᠢ᠍ᠳᠭᠡᠯ ᠬᠤᠷᠢᠶᠠᠬᠤ ᠥᠷᠲᠡᠭᠡ
          
ᠬᠠᠮᠢᠶ᠎ᠡ ᠪᠦᠬᠦᠢ ᠰᠣᠨᠢᠨ
 
            