ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠤᠰ᠎ᠤᠨ ᠵᠠᠮ᠎ᠤᠨ 331 ᠱᠤᠭᠤᠮ᠎ᠤᠨ ᠬᠤᠢᠲᠤ ᠢᠩᠭᠡᠨ᠎ᠠᠴᠠ ᠯᠦ᠍ ᠵᠢᠩ ᠬᠦᠷᠬᠦ᠌ ᠬᠡᠰᠡᠭ᠎ᠦᠨ ᠵᠠᠰᠠᠮᠠᠯ ᠵᠠᠮ ᠪᠠᠷᠢᠯᠭ᠎ᠠ ᠳᠠᠭᠤᠰᠴᠦ ᠱᠢᠯᠭᠠᠨ ᠪᠠᠢᠴᠠᠭᠠᠯᠲᠠ᠎ᠳᠤ ᠤᠷᠤᠭ᠍ᠰᠢᠲᠠᠢ ᠪᠠᠲᠤᠯᠠᠭᠳᠠᠪᠠ
ᠨᠡᠶ᠋ᠢᠲᠡᠯᠡᠭᠰᠡᠨ ᠴᠠᠭ᠄ 2026-01-20

ᠣᠢᠷ᠎ᠠ᠎ᠳᠤ᠂ ᠤᠯᠤᠰ᠎ᠤᠨ ᠵᠠᠮ᠎ᠤᠨ 331 ᠱᠤᠭᠤᠮ᠎ᠤᠨ ᠬᠤᠢᠲᠤ ᠢᠩᠭᠡᠨ᠎ᠠᠴᠠ ᠯᠦ᠍ ᠵᠢᠩ ᠬᠥᠷᠬᠦ᠌ ᠬᠡᠰᠡᠭ᠎ᠤᠨ ᠵᠠᠰᠠᠮᠠᠯ ᠵᠠᠮ᠎ᠤᠨ ᠢᠨᠵᠸᠨ᠋ᠸᠷᠢᠩ᠎ᠦᠨ ᠲᠥᠷᠥᠯ ᠵᠦᠢᠯ ᠪᠠᠷᠢᠯᠭ᠎ᠠ ᠳᠠᠭᠤᠰᠴᠦ ᠱᠢᠯᠭᠠᠨ ᠪᠠᠢᠴᠠᠭᠠᠯᠲᠠ᠎ᠳᠤ ᠪᠠᠲᠤᠯᠠᠭᠳᠠᠪᠠ᠃

ᠬᠤᠢᠲᠤ ᠢᠩᠭᠡᠨ᠎ᠠᠴᠠ ᠯᠦ᠍ ᠵᠢᠩ ᠬᠦᠷᠬᠦ᠌ ᠵᠠᠰᠠᠮᠠᠯ ᠵᠠᠮ ᠪᠣᠯ ᠤᠯᠤᠰ᠎ᠤᠨ ᠵᠠᠮ᠎ᠤᠨ 331 ᠱᠤᠭᠤᠮ᠎ᠤᠨ ᠳ᠋ᠠᠨᠳᠦ᠋ᠩ (ᠯᠢᠶᠣᠤᠨᠢᠩ) ᠎ᠠᠴᠠ ᠠᠯᠲᠠᠢ (ᠱᠢᠨᠵᠢᠶᠠᠩ)  ᠬᠦᠷᠬᠦ ᠳᠤᠮᠳᠠᠬᠢ ᠨᠢᠭᠡ ᠬᠡᠰᠡᠭ ᠪᠣᠯᠤᠨ᠎ᠠ᠂ ᠭᠤᠤᠯ ᠱᠤᠭᠤᠮ᠎ᠤᠨ ᠪᠥᠬᠦ᠌ ᠣᠷᠳᠣ᠎ᠨᠢ 477.853 ᠺᠢᠯᠣᠮᠧᠲᠷ᠂ ᠬᠤᠯᠪᠣᠬᠤ ᠱᠤᠭᠤᠮ᠎ᠤᠨ ᠣᠷᠳᠣ᠎ᠨᠢ 60.053 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ᠎ᠨᠢ 27.3 ᠳ᠋ᠦᠩᠱᠢᠭᠤᠷ ᠲᠥᠭᠦᠷᠢᠭ ᠪᠣᠯᠤᠨ᠎ᠠ᠃ ᠲᠣᠰ ᠲᠥᠷᠥᠯ ᠵᠦᠢᠯ᠎ᠢ ᠪᠠᠢᠭᠤᠯᠤᠭ᠍ᠰᠠᠨ᠎ᠨᠢ ᠠᠯᠠᠱᠠ ᠠᠢᠮᠠᠭ᠎ᠤᠨ ᠵᠠᠰᠠᠮᠠᠯ ᠵᠠᠮ᠎ᠤᠨ ᠨᠡᠪᠲᠡᠷᠡᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠲᠣᠤᠷ᠎ᠤᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠵᠠᠮ ᠳᠠᠭᠠᠤ᠎ᠶ᠋ᠢᠨ ᠠᠭᠤᠷᠬᠠᠶ᠎ᠶ᠋ᠢᠨ ᠭᠠᠷᠤᠯᠲᠠ᠂ ᠱᠢᠨ᠎ᠡ ᠡᠨᠧᠷᠭᠢ᠂ ᠵᠠᠮ ᠬᠠᠷᠢᠯᠴᠠᠭ᠎ᠠ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠳᠤ ᠥᠨᠳᠥᠷ ᠪᠦᠲᠦᠮᠵᠢᠲᠡᠶ ᠨᠡᠪᠲᠡᠷᠡᠬᠦ᠌ ᠵᠠᠮ ᠬᠠᠩᠭᠠᠭ᠍ᠰᠠᠨ ᠪᠥᠭᠡᠳ ᠬᠢᠯᠢ ᠬᠢᠵᠠᠭᠠᠷ᠎ᠤᠨ ᠣᠷᠣᠨ ᠪᠦᠰᠡ᠎ᠶ᠋ᠢᠨ ᠥᠨᠢ ᠤᠳᠠᠭᠠᠨ ᠠᠮᠤᠷ ᠲᠦᠪᠱᠢᠨ ᠪᠠᠢᠬᠤ ᠪᠠ ᠦᠷᠭᠦᠯᠵᠢᠯᠡᠨ ᠴᠡᠴᠡᠭ᠌ᠯᠡᠨ ᠬᠥᠭ᠌ᠵᠢᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

ᠢᠷᠡᠯᠲᠡ᠄ ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠤᠲᠠ᠎ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ ᠬᠥᠭᠥᠷᠭᠡ᠎ᠶᠢᠨ ᠬᠢᠨᠠᠨ ᠬᠡᠮᠵᠢᠯᠲᠡ᠎ᠶᠢᠨ ᠣᠶᠤᠨᠴᠢᠯᠠᠯᠲᠠ᠎ᠶᠢ ᠠᠬᠢᠭᠤᠯᠤᠨ᠎ᠠ
ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠤᠨ《ᠬᠤᠨ ᠭᠠᠯᠠᠭᠤ ᠬᠣᠰᠢᠭᠤᠴᠢ》ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠡᠭᠦᠳᠦᠨ ᠪᠠᠶ᠋ᠢᠭᠤᠯᠬᠤ ᠠᠵᠢᠯ ᠪᠦᠬᠦ ᠲᠠᠯ᠎ᠠ᠎ᠪᠠᠷ ᠡᠬᠢᠯᠡᠪᠡ
ᠣᠷᠳᠣᠰ ᠬᠤᠲᠠ᠎ᠶ᠋ᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠵᠡᠭᠦᠨᠭᠠᠷ ᠵᠠᠰᠠᠮᠠᠯ ᠵᠠᠮ᠎ᠤᠨ ᠠᠵᠢᠯ ᠎ᠤᠨ ᠲᠣᠭᠤᠷᠢᠭ᠎ᠤᠨ ᠨᠡᠭᠦᠷᠡᠰᠦ ᠲᠡᠭᠡᠭᠡᠪᠦᠷᠢᠯᠡᠬᠦ᠌ ᠭᠤᠤᠯ ᠵᠠᠮ᠎ᠤᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ ᠪᠤᠢ
ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠠᠷᠠᠭᠠᠨ᠎ᠤ ᠲᠡᠷᠭᠡᠨ ᠵᠢᠯᠣᠭᠤᠴᠢ᠎ᠶᠢᠨ ᠰᠡᠳᠭᠢᠯ᠎ᠢ ᠳᠤᠯᠠᠭ᠋ᠠᠴᠠᠭᠤᠯᠤᠨ ᠠᠶᠠᠯᠠᠯ᠎ᠢ ᠬᠠᠮᠠᠭ᠋ᠠᠯᠠᠵᠠᠢ
ᠮᠧᠩ ᠲᠦᠩ ᠠᠷᠠᠴᠢᠯᠠᠨ ᠬᠠᠮᠠᠭᠠᠯᠠᠬᠤ ᠬᠢᠩᠭ᠋ᠠᠨ ᠠᠢ᠌ᠮᠠᠭ᠎ᠤᠨ ᠬᠤᠪᠢᠶᠠᠷᠢ ᠺᠣᠮᠫᠠᠨᠢ᠄ ᠡᠪᠦᠯ᠎ᠤᠨ ᠤᠯᠠᠷᠢᠯ᠎ᠤᠨ ᠵᠠᠮ᠎ᠤᠨ ᠠᠮᠤᠷ ᠲᠦᠪᠱᠢᠨ᠎ᠤ ᠲᠣᠤᠷ᠎ᠢ ᠪᠠᠬᠢᠵᠢᠭᠦᠯᠦᠨ᠎ᠡ
 
            