ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-01-09

    11 ᠳ᠋ᠦ᠍ᠭᠡᠷ ᠰᠠᠷ᠎ᠠ ᠵᠢᠨ 29᠎ᠤ ᠡᠳᠦᠷ᠂ ᠥᠪᠥᠷ ᠮᠣᠩᠭᠤᠯ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ᠎ᠳᠤ ᠬᠤᠷᠠᠯᠳᠤᠪᠠ᠃ ᠲᠣᠰ ᠤᠳᠠᠭ᠋ᠠᠨ᠎ᠤ ᠵᠣᠯᠭ᠋ᠠᠭᠤᠯᠬᠤ ᠬᠤᠷᠠᠯ ᠪᠣᠯ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠦᠵᠡᠰᠬᠦᠯᠡᠩ᠎ᠤᠨ ᠴᠤᠭᠯᠠᠭ᠋ᠠᠨ᠎ᠤ ᠪᠣᠷᠣ ᠲᠥᠯᠥᠪ᠎ᠤᠨ ᠳᠣᠲᠣᠷ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠢᠯᠣᠭᠤᠳᠴᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ ᠳᠠᠭ᠋ᠠᠭ᠋ᠠᠴᠢᠯᠠᠨ ᠡᠷᠭᠢᠯᠡᠵᠦ᠂ ᠡᠯ᠎ᠡ ᠠᠶ᠋ᠢᠮᠠᠭ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠵᠢᠴᠢ ᠣᠷᠣᠨ᠎ᠤ ᠳᠣᠲᠣᠷ᠎ᠠ ᠭᠠᠳᠠᠨᠠᠬᠢ ᠬᠡᠰᠡᠭ ᠰᠢᠯᠢᠳᠡᠭ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠲᠥᠯᠥᠭᠡᠯᠡᠭᠴᠢ ᠣᠷᠣᠯᠴᠠᠭᠰᠠᠨ ᠨᠢᠭᠡ ᠤᠳᠠᠭ᠋ᠠᠨ᠎ᠤ ᠴᠢᠬᠤᠯᠠ ᠬᠤᠷᠠᠯ ᠪᠣᠯᠤᠨ᠎ᠠ᠃


W020231201368226897142.jpg


W020231201368226942112.jpg


W020231201368227003039.jpg


    ᠬᠤᠷᠠᠯ᠎ᠠᠴᠠ ᠡᠩ ᠲᠡᠷᠢᠭᠦᠨ᠎ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ            ᠵᠠᠩ ᡁᠢ ᠴᠢᠤᠸᠠᠨ ᠡᠬᠢᠯᠡᠯᠲᠡ ᠵᠢᠨ ᠦᠭᠡ ᠬᠡᠯᠡᠪᠡ᠃ ᠲᠡᠷᠡ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠦᠢ᠍ᠯᠡᠰ ᠥᠪᠥᠷ ᠮᠣᠩᠭᠤᠯ᠎ᠳᠤ ᠶᠡᠷᠦ᠎ᠨᠢ ᠨᠡᠯᠢᠶᠡᠳ ᠰᠠᠶ᠋ᠢᠨ ᠬᠥᠭᠵᠢᠯᠲᠡ ᠵᠢᠨ ᠳᠠᠪᠠᠭᠤᠯᠢᠭ᠎ᠲᠠᠢ ᠪᠠᠶ᠋ᠢᠵᠤ᠂ ᠮᠠᠨ᠎ᠤ ᠣᠷᠣᠨ᠎ᠤ ᠡᠯᠪᠡᠭ ᠪᠠᠶᠠᠯᠢᠭ ᠡᠬᠢ ᠪᠠᠶᠠᠯᠢᠭ᠎ᠤᠨ ᠳᠠᠪᠠᠭᠤᠯᠢᠭ᠂ ᠡᠳᠦᠷ ᠢᠷᠡᠬᠦᠶ᠎ᠡ ᠲᠡᠭᠦᠯᠳᠡᠷᠵᠢᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠭᠤᠷᠢ ᠲᠥᠬᠦᠭᠡᠷᠦᠮᠵᠢ᠂ ᠦᠷᠭᠦᠯᠵᠢᠯᠡᠨ ᠰᠢᠯᠢᠳᠡᠭᠵᠢᠭᠦᠯᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠨᠢ ᠣᠷᠣᠨ᠎ᠤ ᠳᠣᠲᠣᠨ᠎ᠠ ᠭᠠᠳᠠᠨᠠᠬᠢ ᠰᠢᠯᠢᠳᠡᠭ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠢ᠍ᠢ᠍ᠷᠠᠬᠤ᠎ᠳᠤ ᠬᠦᠴᠦᠷᠬᠡᠭ ᠶᠡᠭᠡ ᠰᠠᠭᠤᠷᠢ ᠲᠤᠯᠭ᠋ᠠᠭᠤᠷᠢᠯᠠᠯ ᠬᠠᠩᠭ᠋ᠠᠪᠠ᠃ ᠢᠷᠡᠭᠡᠳᠦᠶ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠬᠤᠳᠠᠯᠳᠤᠭ᠎ᠠ ᠡᠵᠡᠩᠨᠡᠬᠦ ᠴᠢᠨᠠᠷ ᠰᠠᠶ᠋ᠢᠲᠠᠶ ᠣᠷᠴᠢᠨ ᠲᠣᠭᠤᠷᠢᠨ᠂ ᠳᠠᠪᠠᠭᠤᠯᠢᠭ ᠲᠥᠷᠥ ᠵᠢᠨ ᠪᠣᠳᠣᠯᠭ᠎ᠠ ᠵᠢᠨ ᠣᠷᠴᠢᠨ ᠲᠣᠭᠤᠷᠢᠨ᠂ ᠰᠢᠯᠢᠳᠡᠭ ᠰᠠᠶ᠋ᠢᠨ ᠪᠠᠯᠠ ᠣᠷᠣᠭᠤᠯᠤᠯᠲᠠ ᠵᠢᠨ ᠣᠷᠴᠢᠨ ᠲᠣᠭᠤᠷᠢᠨ ᠵᠶ᠋ᠠᠷ ᠥᠪᠡᠷᠲᠡᠭᠡᠨ ᠵᠠᠰᠠᠬᠤ ᠣᠷᠣᠨ ᠵᠢᠴᠢ ᠣᠷᠣᠨ᠎ᠤ ᠭᠠᠳᠠᠨᠠᠬᠢ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠦᠨᠡᠨᠴᠢ ᠬᠠᠮᠲᠤᠷᠠᠯᠴᠠᠭ᠎ᠠ ᠪᠠᠢ᠌ᠭᠤᠯᠵᠤ᠂ ᠬᠥᠭᠵᠢᠯᠲᠡ ᠵᠢ ᠬᠠᠮᠲᠤ᠎ᠪᠠᠷ ᠰᠦᠪᠡᠭᠴᠢᠯᠡᠬᠦ ᠵᠢ ᠬᠠᠮᠠᠭ᠋ᠠᠯᠠᠨ᠎ᠠ ᠬᠡᠵᠥ ᠢᠯᠡᠳᠬᠡᠪᠡ᠃ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠵᠠᠩ ᠰᠢᠶᠠᠩ᠂ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ ᠪᠣᠯ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠪᠡᠯᠡ ᠣᠷᠣᠭᠤᠯᠤᠨ ᠪᠦᠳᠦᠭᠡᠨ ᠪᠠᠶ᠋ᠢᠭᠤᠯᠵᠤ ᠡᠵᠡᠩᠨᠡᠬᠦ ᠦᠢ᠍ᠯᠡᠴᠢᠯᠡᠭᠡᠨ᠎ᠤ ᠬᠤᠳᠠᠯᠳᠤᠭ᠋ᠠᠴᠢᠨ᠂ ᠵᠠᠮ ᠬᠠᠷᠢᠯᠴᠠᠭ᠎ᠠ ᠵᠠᠮ᠎ᠤᠨ ᠠᠵᠤ ᠠᠬᠤᠢ ᠵᠢᠨ ᠨᠡᠭᠡᠭᠡᠨ ᠬᠥᠭᠵᠢᠭᠦᠯᠬᠦ ᠬᠤᠳᠠᠯᠳᠤᠭ᠋ᠠᠴᠢᠨ ᠪᠠ ᠵᠠᠮ᠎ᠤᠨ ᠭᠠᠳᠠᠨᠠᠬᠢ ᠤᠯᠠᠨ ᠡᠰᠢᠲᠦ ᠠᠵᠤ ᠦᠢ᠍ᠯᠡᠰ᠎ᠤᠨ ᠶᠡᠷᠦᠩᠬᠡᠶ᠋ᠢᠯᠡᠭᠰᠡᠨ ᠪᠡᠯᠡ ᠣᠷᠣᠭᠤᠯᠤᠯᠲᠠ ᠵᠢᠨ ᠬᠤᠳᠠᠯᠳᠤᠭ᠋ᠠᠴᠢᠨ ᠪᠣᠯᠤᠨ᠎ᠠ᠂ ᠢᠷᠡᠭᠡᠳᠦᠢ᠎ᠳᠤ ᠬᠠᠨᠳᠤᠭᠤᠯᠵᠤ᠂ ᠵᠠᠮ ᠬᠠᠷᠢᠯᠴᠠᠭ᠋ᠠᠨ᠎ᠤ ᠪᠦᠯᠦᠭᠯᠡᠯ᠎ᠤᠨ᠎ᠬᠢᠨ ᠲᠣᠭ᠋ᠠᠴᠢᠯᠠᠭᠰᠠᠨ ᠪᠠᠷᠠᠭ᠋ᠠᠨ᠎ᠤ ᠲᠡᠭᠡᠭᠡᠪᠦᠷᠢ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡᠨ᠎ᠤ ᠪᠠᠷᠠᠭ᠋ᠠᠨ᠎ᠤ ᠭᠦᠢ᠍ᠯᠭᠡᠭᠡ ᠵᠢᠴᠢ ᠶᠡᠭᠡ ᠬᠡᠮᠵᠢᠶᠡᠨ᠎ᠤ ᠲᠠᠸᠠᠷ᠎ᠤᠨ ᠠᠷᠠᠯᠵᠢᠶ᠎ᠠ ᠵᠡᠷᠭᠡ ᠬᠦᠷᠢᠶᠡᠨ᠎ᠳᠤ ᠬᠦᠳᠦᠯᠦᠨ ᠳᠠᠭ᠋ᠠᠭᠤᠯᠵᠤ ᠵᠢᠱ᠌ᠢᠶ᠎ᠡ ᠦᠵᠡᠭᠦᠯᠵᠦ᠂ ᠪᠦᠬᠦ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠢᠯᠡᠳᠬᠡᠪᠡ᠃ ᠭᠤᠣᠯ ᠰᠡᠳᠦᠪᠲᠦ ᠶᠠᠷᠢᠶ᠎ᠠ ᠢᠯᠡᠳᠬᠡᠯ ᠲᠠᠨᠢᠯᠴᠠᠭᠤᠯᠬᠤ ᠭᠤᠭᠴᠤᠭ᠎ᠠ᠎ᠳᠤ᠂ ᠵᠢᠩ ᠳ᠋ᠦᠩ ᠪᠠᠷᠠᠭ᠋ᠠᠨ᠎ᠤ ᠭᠦᠢ᠍ᠯᠭᠡᠭᠡ᠂ G7 ᠢ ᠯᠢᠦ᠂ ᠵᠦᠩ ᠵᠢᠶᠣᠣ ᠰᠢᠩ ᠯᠦ᠍ ᠂ ᠱᠦᠨ ᠹᠧᠩ ᠹᠧᠩ᠎ᠲᠤ ᠵᠢᠴᠢ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠲᠣᠭ᠋ᠠᠴᠢᠯᠠᠭᠰᠠᠨ ᠪᠠᠷᠠᠭ᠋ᠠᠨ᠎ᠤ ᠭᠦᠢ᠍ᠯᠭᠡᠭᠡᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠪᠸᠢ ᠪᠧᠨ ᠬᠦᠨᠳᠦ ᠬᠡᠯᠪᠡᠷᠢ ᠵᠢᠨ ᠮᠠᠰᠢᠨ ᠲᠡᠷᠭᠡᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢᠨ ᠪᠤᠯᠤᠳ ᠲᠡᠮᠤᠷ᠎ᠤᠨ ᠬᠤᠯᠪᠣᠭ᠋ᠠᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠺᠣᠮᠫᠠᠨᠢ ᠵᠡᠷᠭᠡ ᠣᠷᠣᠨ᠎ᠤ ᠳᠣᠲᠣᠷ᠎ᠠ ᠭᠠᠳᠠᠨᠠᠬᠢ 13 ᠠᠵᠤ ᠠᠬᠤᠶ᠋ᠢᠯᠠᠯ᠎ᠤᠨ ᠲᠥᠯᠥᠭᠡᠯᠡᠭᠴᠢ ᠲᠤᠰ ᠲᠤᠰ ᠭᠤᠣᠯ ᠰᠡᠳᠦᠪᠲᠦ ᠶᠠᠷᠢᠶ᠎ᠠ ᠲᠠᠯᠪᠢᠵᠤ ᠲᠠᠨᠢᠯᠴᠠᠭᠤᠯᠪᠠ᠃ ᠬᠤᠷᠠᠯ᠎ᠠᠴᠠ ᠪᠠᠰᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ 《ᠨᠢᠭᠡ  ᠪᠠᠷᠢᠮᠲᠠ》 ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠤᠨ ᠠᠵᠤ ᠠᠬᠤᠶ᠋ᠢᠯᠠᠯ᠎ᠳᠤ ᠫᠠᠶ᠋ᠢᠰᠠ ᠣᠯᠭᠤᠪᠠ᠃
  

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠭᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠤᠯ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ ᠪᠣᠢ
 
            