ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠬᠤᠶᠠᠷ ᠡᠷᠡᠭᠦᠯ》᠎ᠳᠤ ᠦᠢ᠍ᠯᠡᠴᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-10-09

    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠤᠳᠠᠭ᠎ᠠ ᠵᠢᠨ ᠪᠠᠶ᠋ᠢᠩᠭᠤ ᠵᠢᠨ ᠬᠤᠷᠢᠶᠠᠨ᠎ᠤ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠬᠦᠴᠦᠯᠡᠨ ᠠᠬᠢᠭᠤᠯᠵᠤ᠂ 14 ᠵᠢᠯ ᠳᠠᠷᠠᠭ᠋ᠠᠯᠠᠨ ᠥᠪᠥᠷ ᠮᠣᠩᠭᠤᠯ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ 100 ᠬᠦᠴᠦᠷᠬᠡᠭ᠎ᠤᠨ ᠰᠢᠷᠢᠰ ᠨᠡᠷᠡᠰ᠎ᠤᠨ ᠵᠢᠭᠰᠠᠭ᠋ᠠᠯᠲᠠ ᠪᠣᠯᠤᠨ ᠪᠠᠶ᠋ᠢᠴᠠᠭ᠋ᠠᠨ ᠰᠤᠳᠤᠯᠤᠯᠲᠠ ᠵᠢᠨ ᠵᠠᠳᠠᠯᠤᠯᠲᠠ ᠵᠢᠨ ᠮᠡᠳᠡᠭᠦᠯᠦᠯᠲᠡ ᠵᠢ ᠨᠡᠶ᠋ᠢᠲᠡᠯᠡᠵᠦ᠂ ᠨᠡᠩ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ ᠵᠢᠱ᠌ᠢᠶ᠎ᠡ ᠦᠵᠡᠭᠦᠯᠦᠨ ᠲᠠᠶ᠋ᠢᠴᠢᠯᠠᠪᠠ᠃
    ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠱᠤᠭᠤᠮ᠎ᠢ 《ᠬᠤᠶᠠᠷ ᠡᠷᠡᠭᠦᠯ》᠎ᠢ ᠠᠬᠢᠭᠤᠯᠬᠤ ᠪᠦᠬᠦ ᠶᠠᠪᠤᠴᠠ ᠵᠢᠨ ᠡᠯ᠎ᠡ ᠲᠠᠯ᠎ᠠ᠎ᠳᠤ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠪᠠ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠦᠰ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠤᠳᠤᠮᠵᠢ ᠵᠢ ᠦᠷᠭᠦᠯᠵᠢᠯᠡᠨ ᠴᠢᠩᠭ᠋ᠠᠳᠬᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠢᠲᠡᠭᠡᠯ᠎ᠢ ᠪᠦᠬᠦ ᠲᠠᠯ᠎ᠠ᠎ᠪᠠᠷ ᠬᠥᠭᠵᠢᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 《ᠥᠪᠥᠷ ᠮᠣᠩᠭᠤᠯ᠎ᠤᠨ ᠠᠷᠠᠯᠵᠢᠶᠠᠴᠢᠳ᠎ᠤᠨ ᠶᠠᠷᠢᠶᠠᠨ᠎ᠤ ᠲᠠᠩᠬᠢᠮ》 ᠪᠠ ᠡᠯ᠎ᠡ ᠲᠥᠷᠥᠯ᠎ᠤᠨ ᠪᠣᠯᠪᠠᠰᠤᠷᠠᠯ᠎ᠤᠨ ᠠᠩᠭᠢ ᠵᠢ 14 ᠬᠤᠭᠤᠴᠠᠭ᠎ᠠ ᠡᠷᠬᠢᠯᠡᠵᠦ᠂ ᠪᠣᠯᠪᠠᠰᠤᠷᠠᠯ᠎ᠳᠤ ᠣᠷᠣᠯᠴᠠᠭᠰᠠᠳ ᠨᠡᠶ᠋ᠢᠲᠡ 4 ᠲᠦᠮᠡ ᠭᠠᠷᠤᠶ ᠬᠥᠮᠦᠨ ᠤᠳᠠᠭ᠎ᠠ᠎ᠳᠤ ᠬᠦᠷᠪᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠪᠦᠬᠦ ᠶᠠᠪᠤᠴᠠ᠎ᠪᠠᠷ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ᠎ᠤᠨ ᠡᠯ᠎ᠡ ᠵᠦᠢ᠍ᠯ᠎ᠤᠨ ᠪᠣᠯᠪᠠᠰᠤᠷᠠᠯ᠎ᠤᠨ ᠲᠥᠯᠥᠪᠯᠡᠭᠡ᠎ᠳᠤ ᠣᠷᠣᠭᠤᠯᠤᠨ᠂ 96888 ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤᠨ᠎ᠳᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠴᠣᠩᠬᠤᠪᠴᠢ ᠭᠠᠷᠭ᠋ᠠᠵᠤ᠂ 29 ᠬᠤᠳᠠᠯᠳᠤᠭ᠋ᠠᠨ᠎ᠤ ᠨᠡᠶ᠋ᠢᠭᠡᠮᠯᠢᠭ᠎ᠢ ᠵᠢᠯᠣᠭᠤᠳᠤᠨ ᠠᠵᠢᠯ ᠲᠥᠷᠥᠯ᠎ᠤᠨ ᠦᠨᠡᠨᠴᠢ ᠢᠲᠡᠭᠡᠮᠵᠢ ᠵᠢᠨ ᠥᠪᠡᠷ᠎ᠢ᠎ᠪᠠᠨ ᠱᠠᠭ᠋ᠠᠷᠳᠠᠬᠤ ᠨᠡᠶ᠋ᠢᠲᠡ ᠵᠢᠨ ᠭᠡᠷ᠎ᠡ ᠵᠢ ᠪᠠᠶ᠋ᠢᠭᠤᠯᠤᠨ ᠲᠡᠭᠦᠯᠳᠡᠷᠵᠢᠭᠦᠯᠪᠡ᠃ ᠥᠨᠳᠥᠷ ᠪᠠᠶ᠋ᠢᠷᠢᠨ᠎ᠳᠤ ᠵᠠᠰᠠᠭ ᠠᠵᠤ ᠠᠬᠤᠶ᠋ᠢᠯᠠᠯ᠎ᠤᠨ ᠪᠠᠶ᠋ᠢᠩᠭᠤᠵᠢᠭᠰᠠᠨ ᠨᠡᠪᠲᠡᠷᠡᠯᠴᠡᠭᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠥᠷᠪᠡᠨ ᠶᠡᠭᠡ ᠤᠳᠤᠷᠢᠳᠬᠤ ᠪᠠᠭ᠎ᠤᠨ ᠤᠳᠤᠷᠢᠳᠤᠯᠭ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠪᠠ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠲᠠᠢ ᠬᠠᠷᠢᠯᠴᠠᠵᠤ ᠰᠤᠷᠪᠤᠯᠵᠢᠯᠠᠬᠤ ᠠᠵᠢᠯ᠎ᠤᠨ ᠳᠦᠷᠢᠮ᠎ᠢ ᠲᠡᠭᠦᠯᠳᠡᠷᠵᠢᠭᠦᠯᠬᠦ ᠵᠢ ᠠᠬᠢᠭᠤᠯᠪᠠ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠭᠤᠮᠣᠳᠠᠯ ᠱᠠᠭ᠋ᠠᠷᠳᠠᠯᠭ᠎ᠠ ᠵᠢ ᠲᠤᠰᠬᠠᠬᠤ ᠠᠷᠭ᠎ᠠ ᠵᠠᠮ᠎ᠢ ᠪᠦᠲᠦᠮᠵᠢᠲᠡᠶ᠎ᠪᠠᠷ ᠰᠠᠭ᠋ᠠᠳ ᠥᠬᠡᠶ ᠨᠡᠪᠲᠡᠷᠡᠭᠦᠯᠵᠦ᠂ 96888 ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠬᠢᠭᠡᠳ 12345 ᠬᠠᠯᠠᠮᠰᠢᠯ ᠤᠲᠠᠰᠤ᠎ᠨᠢ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠂ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠪᠡᠶᠡᠯᠡᠭᠦᠯᠵᠦ᠂ ᠭᠤᠮᠣᠳᠠᠯ ᠱᠠᠭ᠋ᠠᠷᠳᠠᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠥᠬᠦ ᠣᠷᠣᠨ᠎ᠳᠤ ᠵᠠᠷᠯᠠᠨ ᠮᠡᠳᠡᠭᠳᠡᠭᠰᠡᠨ ᠪᠥᠭᠡᠳ ᠪᠥᠬᠦ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠤᠨ ᠦᠨᠡᠯᠡᠯᠲᠡ ᠪᠠ ᠣᠷᠣᠨ ᠨᠤᠲᠤᠭ᠎ᠤᠨ ᠨᠠᠮ ᠵᠠᠰᠠᠭ᠎ᠤᠨ ᠪᠠᠭ᠎ᠤᠨ ᠬᠢᠨᠠᠨ ᠰᠢᠯᠭ᠋ᠠᠯᠲᠠ᠎ᠳᠤ ᠣᠷᠣᠭᠤᠯᠤᠭᠰᠠᠨ ᠪᠠᠶ᠋ᠢᠨ᠎ᠠ᠃
    ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ ᠦᠢ᠍ᠯᠡᠴᠢᠯᠡᠭᠡᠨ᠎ᠤ       《ᠬᠤᠶᠠᠷ ᠡᠷᠡᠭᠦᠯ》᠎ᠤᠨ ᠴᠢᠳᠠᠪᠤᠷᠢ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠦᠬᠦ ᠲᠠᠯ᠎ᠠ᠎ᠪᠠᠷ ᠪᠠᠲᠤ ᠴᠣᠭᠴᠠᠯᠠᠬᠤ ᠲᠠᠯ᠎ᠠ᠎ᠪᠠᠷ ᠵᠣᠬᠢᠬᠤ ᠦᠷ᠎ᠡ ᠪᠦᠲᠦᠮᠵᠢ ᠣᠯᠵᠤ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ        《ᠠᠵᠤ ᠠᠬᠤᠶ᠋ᠢᠯᠠᠯᠲᠠᠨ᠎ᠤ ᠮᠡᠳᠡᠷᠡᠮᠵᠢ ᠨᠡᠯᠢᠶᠡᠳ ᠥᠨᠳᠥᠷ ᠮᠤᠵᠢ ᠵᠢᠨ ᠱᠠᠲᠤᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ》᠂ 《ᠠᠵᠢᠯ ᠨᠡᠯᠢᠶᠡᠳ ᠶᠡᠭᠡ ᠲᠠᠪᠰᠢᠯᠳᠠ᠎ᠲᠠᠢ ᠮᠤᠵᠢ ᠵᠢᠨ ᠱᠠᠲᠤᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ》᠎ᠪᠠᠷ ᠵᠠᠷᠯᠠᠭᠳᠠᠪᠠ᠃
   

ᠢᠷᠡᠯᠲᠡ᠄ ᠦᠪᠦᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠠᠮᠲᠤᠷᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠵᠤ ᠪᠤᠢ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — 2024 ᠣᠨ᠎ᠤ ᠪᠥᠬᠥ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠲᠠ ᠵᠢᠨ ᠢᠲᠡᠭᠡᠮᠵᠢ ᠵᠢ ᠦᠨᠡᠯᠡᠭᠰᠡᠨ ᠦᠷ᠎ᠡ ᠳ᠋ᠦᠩ᠎ᠢ ᠨᠡᠢ᠌ᠲᠡᠯᠡᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ ᠭᠤᠷᠪᠠᠨ ᠥᠩᠭᠡ ᠵᠢᠨ ᠺᠣᠳ᠋᠎ᠢ ᠬᠡᠷᠡᠭᠵᠢᠭᠦᠯᠵᠦ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ ᠲᠡᠷᠭᠡ ᠵᠢ ᠣᠶᠤᠨᠴᠢ᠎ᠪᠠᠷ ᠬᠢᠨᠠᠨ ᠬᠠᠮᠢᠶᠠᠷᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠤᠯᠠᠭ᠋ᠠᠨᠬᠠᠳᠠ ᠬᠣᠲᠠ 1039.2 ᠺᠢᠯᠣᠮᠧᠲᠷ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠪᠠᠢ᠌ᠭᠤᠯᠬᠤ᠎ᠪᠠᠷ ᠲᠥᠯᠥᠪᠯᠡᠵᠦ ᠪᠣᠶ
 
            