ᠡᠨᠡ ᠵᠢᠯ᠂ ᠤᠯᠠᠭ᠋ᠠᠨᠬᠠᠳᠠ ᠬᠣᠲᠠ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ 1039.2 ᠺᠢᠯᠣᠮᠧᠲᠷ ᠬᠡᠷᠡᠭᠵᠢᠭᠦᠯᠬᠦ᠎ᠪᠠᠷ ᠲᠥᠯᠥᠪᠯᠡᠵᠦ ᠪᠣᠶ᠂ ᠡᠭᠦᠨ᠎ᠳᠤ 220 ᠮᠤᠵᠢ ᠵᠢᠨ ᠵᠠᠮ᠎ᠤᠨ ᠬᠠᠳᠠᠢ᠌ᠬᠠᠨ - ᠤᠯᠠᠭ᠋ᠠᠨᠪᠤᠲᠤᠩ ᠬᠡᠰᠡᠭ᠎ᠲᠠᠬᠢ 121.6 ᠺᠢᠯᠣᠮᠧᠲᠷ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ 917.6 ᠺᠢᠯᠣᠮᠧᠲᠷ ᠪᠠᠭᠲᠠᠨ᠎ᠠ᠂ ᠡᠭᠦᠨ᠎ᠠᠴᠠ ᠭᠠᠳᠠᠨ᠎ᠠ ᠪᠠᠰᠠ ᠠᠷᠠᠴᠢᠯᠠᠨ ᠬᠠᠮᠠᠭ᠋ᠠᠯᠠᠬᠤ ᠲᠥᠷᠥᠯ ᠵᠦᠢᠯ᠎ᠢ 317 ᠺᠢᠯᠣᠮᠧᠲᠷ ᠬᠡᠷᠡᠭᠵᠢᠭᠦᠯᠬᠦ ᠪᠣᠯᠤᠨ᠎ᠠ᠃

220 ᠮᠤᠵᠢ ᠵᠢᠨ ᠵᠠᠮ᠎ᠤᠨ ᠬᠠᠳᠠᠢ᠌ᠬᠠᠨ - ᠤᠯᠠᠭ᠋ᠠᠨᠪᠤᠳᠤᠩᠤᠨ ᠬᠡᠰᠡᠭ᠎ᠨᠢ 4 ᠳ᠋ᠦ᠍ᠭᠡᠷ ᠰᠠᠷ᠎ᠠ ᠵᠢᠨ 10᠎ᠤ ᠡᠳᠦᠷ ᠠᠵᠢᠯ ᠵᠶ᠋ᠠᠨ ᠰᠡᠷᠭᠦᠭᠡᠪᠡ᠃
ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 8.35 ᠳ᠋ᠦᠩᠰᠢᠭᠤᠷ ᠲᠥᠭᠥᠷᠢᠭ ᠪᠠᠢ᠌ᠵᠤ᠂ ᠪᠥᠬᠥ ᠣᠷᠳᠣᠨ᠎ᠢ 121.565 ᠺᠢᠯᠣᠮᠧᠲᠷ ᠪᠣᠯᠤᠨ᠎ᠠ᠂ ᠬᠣᠶᠠᠳᠤᠭ᠋ᠠᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠥᠲᠥᠭᠡᠨ ᠪᠠᠢ᠌ᠭᠤᠯᠵᠤ᠂ 2022 ᠣᠨ᠎ᠳᠤ ᠪᠠᠷᠢᠯᠭ᠎ᠠ ᠡᠬᠢᠯᠡᠭᠦᠯᠦᠨ᠎ᠡ᠃ ᠣᠳᠣᠬᠠᠨ ᠪᠣᠯᠲᠠᠯ᠎ᠠ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ ᠨᠡᠢ᠌ᠲᠡ 7.6 ᠳ᠋ᠦᠩᠰᠢᠭᠤᠷ ᠲᠥᠭᠥᠷᠢᠭ ᠪᠡᠶᠡᠯᠡᠭᠦᠯᠪᠡ᠃ ᠡᠨᠡ ᠵᠢᠯ ᠵᠠᠰᠠᠮᠠᠯ ᠵᠠᠮ᠎ᠤᠨ ᠭᠣᠤᠯ ᠴᠣᠭᠴᠠ ᠵᠢᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ᠂ 7620 ᠲᠦᠮᠡᠨ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠦᠨ᠎ᠡ᠃

ᠡᠨᠡ ᠵᠢᠯ ᠡᠯᠡᠰᠦ ᠵᠢ ᠳᠤᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠨᠡᠢ᠌ᠲᠡ 67 ᠵᠤᠷᠪᠤᠰ ᠪᠠᠢ᠌ᠭᠤᠯᠵᠤ᠂ ᠪᠥᠬᠥ ᠵᠠᠮ᠎ᠤᠨ ᠣᠷᠳᠣᠨ᠎ᠢ 917.6 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ᠎ᠨᠢ 13 ᠳ᠋ᠦᠩᠰᠢᠭᠤᠷ ᠲᠥᠭᠥᠷᠢᠭ ᠪᠣᠯᠣᠨ᠎ᠠ᠃ ᠣᠳᠣᠬᠠᠨ ᠪᠣᠯᠲᠠᠯ᠎ᠠ᠂ ᠠᠷᠤ ᠬᠣᠷᠴᠢᠨ ᠬᠣᠰᠢᠭᠤᠨ᠎ᠤ 380 ᠺᠢᠯᠣᠮᠧᠲᠷ᠎ᠤᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠪᠡᠶᠡᠯᠡᠭᠦᠯᠵᠦ᠂ ᠪᠤᠰᠤᠳ ᠬᠣᠰᠢᠭᠤ ᠰᠢᠶᠠᠨ ᠶᠠᠭ ᠳᠠᠭ᠋ᠠᠭ᠋ᠠᠴᠢᠯᠠᠯᠲᠠ ᠵᠠᠷᠯᠠᠵᠤ ᠪᠠᠢ᠌ᠨ᠎ᠠ᠃ 4 ᠳ᠋ᠦ᠍ᠭᠡᠷ ᠰᠠᠷ᠎ᠠ᠎ᠳᠤ ᠨᠢᠭᠡᠨᠲᠡ 39.5 ᠺᠢᠯᠣᠮᠧᠲᠷ ᠠᠵᠢᠯ᠎ᠢ ᠡᠬᠢᠯᠡᠭᠦᠯᠪᠡ᠃
ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠲᠥᠷᠥᠯ ᠵᠦᠢᠯ 317 ᠺᠢᠯᠣᠮᠧᠲᠷ ᠪᠠᠢ᠌ᠵᠤ᠂ ᠶᠡᠷᠦᠩᠬᠡᠶ ᠪᠡᠯᠡ ᠣᠷᠣᠭᠣᠯᠣᠯᠲᠠ᠎ᠨᠢ 9761 ᠲᠦᠮᠡᠨ ᠲᠥᠭᠥᠷᠢᠭ ᠪᠣᠯᠣᠨ᠎ᠠ᠃ ᠣᠳᠣᠬᠠᠨ᠎ᠳᠤ ᠬᠣᠯᠪᠣᠭᠳᠠᠯ ᠪᠥᠬᠥᠶ ᠬᠣᠰᠢᠭᠤ ᠰᠢᠶᠠᠨ ᠲᠣᠭᠣᠷᠢᠭ ᠶᠠᠭ ᠡᠳ᠋᠎ᠤᠨ ᠵᠠᠰᠠᠭ᠎ᠤᠨ ᠬᠢᠨᠠᠨ ᠲᠣᠭᠲᠠᠭ᠋ᠠᠬᠤ ᠪᠠ ᠳᠠᠭ᠋ᠠᠭ᠋ᠠᠴᠢᠯᠠᠯᠲᠠ ᠵᠠᠷᠯᠠᠬᠤ ᠠᠵᠢᠯ᠎ᠢ ᠠᠬᠢᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠠᠬᠢᠴᠠᠯᠤᠭᠠ ᠦᠨᠳᠦᠰᠦᠨ᠎ᠳᠤ᠎ᠪᠠᠨ ᠢᠵᠢᠯ ᠠᠯᠬᠤᠮ ᠵᠶ᠋ᠠᠷ ᠶᠠᠪᠤᠭᠳᠠᠭᠤᠯᠵᠤ ᠪᠠᠢ᠌ᠨ᠎ᠠ᠃
ᠤᠯᠠᠭ᠋ᠠᠨᠬᠠᠳᠠ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠠᠵᠢᠯ᠎ᠤᠨ ᠳᠤᠭᠤᠢ᠌ᠯᠠᠩ ᠪᠠᠢ᠌ᠭᠤᠯᠤᠨ᠂ ᠨᠠᠷᠢᠨ ᠲᠣᠳᠣᠷᠬᠠᠶ ᠠᠵᠢᠯ᠎ᠤᠨ ᠲᠥᠰᠦᠯ ᠲᠣᠭᠲᠠᠭ᠋ᠠᠵᠤ᠂ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠨᠠᠷᠢᠯᠢᠭᠵᠢᠭᠤᠯᠤᠨ᠂ ᠠᠵᠢᠯ᠎ᠤᠨ ᠠᠬᠢᠴᠠ ᠵᠢ ᠮᠥᠷᠳᠡᠵᠦ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ ᠵᠢᠨ ᠬᠠᠮᠲᠤ ᠰᠢᠢᠳᠪᠦᠷᠢᠯᠡᠪᠡ᠃ ᠡᠭᠦᠨ᠎ᠤ ᠬᠠᠮᠲᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠪᠠᠢ᠌ᠭ᠋ᠠᠯᠢ ᠵᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠯᠦᠭᠡ ᠢᠳᠡᠪᠬᠢᠲᠡᠶ᠎ᠪᠠᠷ ᠨᠡᠪᠲᠡᠷᠡᠯᠴᠡᠨ ᠵᠣᠬᠢᠴᠠᠭᠤᠯᠵᠤ᠂ ᠲᠥᠷᠥᠯ ᠵᠦᠢᠯ᠎ᠢ ᠬᠡᠷᠡᠭᠵᠢᠭᠦᠯᠬᠦ ᠶᠠᠪᠤᠴᠠ᠎ᠳᠠᠬᠢ ᠡᠮᠦᠨᠡᠬᠢ ᠬᠤᠭᠤᠴᠠᠭ᠋ᠠᠨ᠎ᠤ ᠭᠠᠷᠳᠠᠮ ᠪᠠ ᠪᠠᠯᠠ ᠮᠥᠩᠭᠥ ᠰᠢᠯᠵᠢᠭᠦᠯᠦᠨ ᠥᠭᠬᠦ ᠬᠦᠴᠢᠷ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠡᠢ᠃ ᠤᠮᠠᠷᠠᠲᠤ ᠬᠡᠰᠡᠭ᠎ᠤᠨ ᠬᠣᠰᠢᠭᠤ ᠰᠢᠶᠠᠨ᠎ᠤ ᠪᠠᠷᠢᠯᠭ᠎ᠠ ᠪᠠᠷᠢᠬᠤ ᠬᠤᠭᠤᠴᠠᠭ᠎ᠠ᠎ᠨᠢ ᠨᠡᠯᠢᠶᠡᠳ ᠣᠬᠣᠷ ᠪᠠᠢ᠌ᠭ᠎ᠠ ᠪᠣᠳᠠᠲᠤ ᠪᠠᠢ᠌ᠳᠠᠯ᠎ᠳᠤ ᠴᠢᠭᠯᠡᠭᠦᠯᠦᠨ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠣᠷᠤᠭᠤᠯᠤᠨ ᠵᠢᠭᠰᠠᠭ᠋ᠠᠬᠤ᠂ ᠪᠠᠷᠢᠯᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠢ᠌ᠭᠤᠯᠬᠤ᠂ ᠠᠵᠢᠯᠯᠠᠬᠤ ᠬᠡᠪᠴᠢᠶ᠎ᠡ ᠵᠢ ᠢᠯᠡᠭᠦᠬᠡᠨ ᠨᠡᠭᠡᠭᠡᠬᠦ᠂ ᠠᠵᠢᠯᠯᠠᠬᠤ ᠴᠠᠭ᠎ᠢ ᠤᠷᠲᠤᠳᠬᠠᠬᠤ᠂ ᠠᠵᠢᠯᠲᠠᠨ ᠪᠠ ᠮᠠᠰᠢᠨ᠎ᠤ ᠣᠷᠣᠭᠤᠯᠤᠯᠲᠠ ᠵᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠪᠡ᠃ ᠡᠭᠦᠨ᠎ᠠᠴᠠ ᠭᠠᠳᠠᠨ᠎ᠠ᠂ ᠲᠥᠷᠥᠯ ᠵᠦᠢᠯ᠎ᠢ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ᠎ᠤᠨ ᠬᠠᠷᠢᠭᠤᠴᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠪᠠᠯᠠ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠯᠠ ᠮᠥᠩᠭᠥᠨ᠎ᠤ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠪᠡ᠃