ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
ᠨᠡᠶ᠋ᠢᠲᠡᠯᠡᠭᠰᠡᠨ ᠴᠠᠭ᠄ 2025-05-16

    ᠡᠨᠡ ᠵᠢᠯ᠂ ᠰᠢᠯᠢ ᠵᠢᠨ ᠭᠣᠤᠯ ᠠᠢ᠌ᠮᠠᠭ 《ᠵᠠᠮ ᠵᠶ᠋ᠠᠷ ᠡᠯᠡᠰᠦ ᠵᠢ ᠵᠠᠰᠠᠬᠤ》 ᠵᠢ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠢ᠌ᠯᠠᠯᠳᠤᠭ᠋ᠠᠨ᠎ᠤ ᠴᠢᠬᠤᠯᠠ ᠭᠠᠷᠳᠠᠴᠠ ᠪᠣᠯᠭ᠋ᠠᠵᠤ᠂ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠪᠠ 《ᠤᠮᠠᠷᠠᠲᠤ ᠵᠢᠨ ᠭᠤᠷᠪᠠᠨ ᠣᠷᠣᠨ》᠎ᠤ ᠵᠢᠷᠭᠤᠳᠤᠭ᠋ᠠᠷ ᠬᠤᠭᠤᠴᠠᠭ᠎ᠠ ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠲᠠᠢ ᠨᠢᠭᠲᠠ ᠤᠶᠠᠯᠳᠤᠭᠤᠯᠤᠨ᠂ ᠵᠠᠮ᠎ᠤᠨ ᠲᠣᠤᠷ᠎ᠤᠨ ᠪᠠᠢ᠌ᠷᠢᠰᠢᠭᠤᠯᠤᠯᠲᠠ ᠪᠠ ᠴᠢᠳᠠᠮᠵᠢ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠢᠭᠡ ᠪᠦᠯᠦᠭ ᠨᠡᠯᠢᠶᠡᠳ ᠶᠡᠬᠡ ᠬᠥᠮᠦᠨ ᠠᠮᠠ᠎ᠲᠠᠢ ᠠᠢ᠌ᠯ ᠲᠣᠰᠬᠣᠨ᠎ᠳᠤ ᠡᠯᠡᠰᠦ ᠵᠢ ᠳᠤᠭᠤᠯᠵᠤ ᠬᠠᠲᠠᠭᠤᠷᠠᠭᠤᠯᠤᠭᠰᠠᠨ ᠵᠠᠮ᠂ ᠡᠯᠡᠰᠦ ᠵᠢ ᠳᠤᠭᠤᠯᠵᠤ ᠲᠣᠤᠷᠵᠢᠭᠤᠯᠤᠭᠰᠠᠨ ᠵᠠᠮ ᠪᠠ ᠡᠯᠡᠰᠦ ᠵᠢ ᠳᠤᠭᠤᠯᠤᠭᠰᠠᠨ ᠠᠵᠤ ᠦᠢᠯᠡᠰ᠎ᠤᠨ ᠵᠠᠮ ᠵᠡᠷᠭᠡ ᠮᠠᠯᠵᠢᠬᠤ ᠲᠠᠷᠢᠶᠠᠯᠠᠬᠤ ᠣᠷᠣᠨ᠎ᠤ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠬᠡᠷᠡᠭᠵᠢᠭᠦᠯᠬᠦ᠎ᠪᠠᠷ ᠲᠥᠯᠥᠪᠯᠡᠵᠦ ᠪᠠᠢ᠌ᠨ᠎ᠠ᠃ ᠣᠳᠣᠬᠠᠨ᠎ᠳᠤ᠂ ᠡᠷᠢᠶᠡᠨ ᠬᠣᠲᠠ᠂ ᠰᠢᠯᠢᠩᠬᠣᠲᠠ᠂ ᠠᠪᠠᠭ᠎ᠠ ᠬᠣᠰᠢᠭᠤ ᠵᠡᠷᠭᠡ 9 ᠬᠣᠰᠢᠭᠤ ᠰᠢᠶᠠᠨ᠎ᠳᠤ 《ᠵᠠᠮ ᠵᠶ᠋ᠠᠷ ᠡᠯᠡᠰᠦ ᠵᠢ ᠵᠠᠰᠠᠬᠤ》 ᠵᠠᠰᠠᠮᠠᠯ ᠵᠠᠮ᠎ᠤᠨ ᠲᠥᠷᠥᠯ ᠵᠦᠢᠯ᠎ᠢ 32 ᠭᠤᠶᠤᠴᠢᠯᠠᠨ ᠮᠡᠳᠡᠭᠦᠯᠵᠦ᠂ 400 ᠭᠠᠷᠤᠶ ᠺᠢᠯᠣᠮᠧᠲᠷ ᠣᠷᠳᠣ ᠵᠠᠰᠠᠮᠠᠯ ᠵᠠᠮ ᠪᠠᠢ᠌ᠭᠤᠯᠵᠤ᠂ ᠶᠡᠷᠦᠩᠬᠡᠶ ᠪᠡᠯᠡ ᠣᠷᠣᠭᠤᠯᠤᠯᠲᠠ᠎ᠨᠢ 4.8 ᠳ᠋ᠦᠩᠰᠢᠭᠤᠷ ᠲᠥᠭᠥᠷᠢᠭ ᠪᠣᠯᠣᠨ᠎ᠠ᠃ ᠪᠤᠢ ᠪᠦᠬᠦᠢ ᠲᠥᠰᠦᠯ ᠪᠦᠷ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠢᠯ᠎ᠢ ᠪᠡᠶᠡᠯᠡᠭᠦᠯᠪᠡ᠃ ᠡᠷᠢᠶᠡᠨ ᠬᠣᠲᠠ ᠵᠡᠷᠭᠡ 6 ᠬᠣᠰᠢᠭᠤ ᠰᠢᠶᠠᠨ᠎ᠤ 19 ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠪᠡᠶᠡᠯᠡᠭᠦᠯᠵᠦ᠂ ᠪᠠᠷᠢᠯᠭ᠎ᠠ ᠵᠢᠨ ᠨᠢᠭᠡᠴᠢ ᠲᠠᠯᠠᠪᠠᠶ᠎ᠳᠤ ᠣᠷᠣᠵᠤ ᠠᠵᠢᠯ ᠵᠶ᠋ᠡᠨ ᠡᠬᠢᠯᠡᠭᠦᠯᠪᠡ; ᠪᠤᠰᠤᠳ ᠲᠥᠰᠦᠯ᠎ᠨᠢ ᠶᠠᠭ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯ᠎ᠢ ᠥᠷᠨᠢᠭᠦᠯᠵᠦ ᠪᠤᠢ᠃

20250516-1.jpg


    ᠡᠨᠡ ᠵᠢᠯ᠎ᠤᠨ ᠡᠴᠦᠰ ᠪᠣᠯᠲᠠᠯ᠎ᠠ᠂ ᠰᠢᠯᠢ ᠵᠢᠨ ᠭᠣᠤᠯ ᠠᠢ᠌ᠮᠠᠭ 《ᠵᠠᠮ ᠵᠶ᠋ᠠᠷ ᠡᠯᠡᠰᠦ ᠵᠢ ᠵᠠᠰᠠᠬᠤ》 ᠵᠠᠰᠠᠮᠠᠯ ᠵᠠᠮ᠎ᠤᠨ ᠲᠥᠷᠥᠯ ᠵᠦᠢᠯ᠎ᠳᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ᠎ᠳᠤ 600 ᠭᠠᠷᠤᠶ ᠺᠢᠯᠣᠮᠧᠲᠷ᠎ᠤᠨ ᠵᠠᠰᠠᠮᠠᠯ ᠵᠠᠮ᠎ᠢ ᠰᠢᠨ᠎ᠡ᠎ᠪᠠᠷ ᠪᠠᠢ᠌ᠭᠤᠯᠵᠤ᠂ ᠪᠣᠢ᠌ᠳᠠ ᠪᠥᠭᠯᠡᠭᠦᠦ ᠡᠯᠡᠰᠦᠷᠬᠡᠭ ᠣᠷᠣᠨ᠎ᠤ ᠵᠠᠮ ᠬᠠᠷᠢᠯᠴᠠᠭ᠋ᠠᠨ᠎ᠤ ᠲᠣᠤᠷ᠎ᠢ ᠨᠡᠪᠲᠡᠷᠡᠭᠦᠯᠬᠦ᠎ᠪᠠᠷ ᠪᠠᠢ᠌ᠨ᠎ᠠ᠃ ᠡᠭᠦᠨ᠎ᠤ ᠬᠠᠮᠲᠤ᠂ ᠵᠠᠮ᠎ᠤᠨ ᠲᠣᠤᠷᠵᠢᠭᠤᠯᠤᠯᠲᠠ᠎ᠪᠠᠷ ᠳᠡᠮᠵᠢᠨ ᠡᠯᠡᠰᠦᠷᠬᠡᠭ ᠭᠠᠵᠠᠷ᠎ᠢ ᠰᠠᠯᠭ᠋ᠠᠵᠤ᠂ ᠡᠯᠡᠰᠦ ᠵᠢ ᠵᠠᠰᠠᠬᠤ ᠵᠠᠭᠪᠤᠷ᠎ᠤᠨ ᠰᠢᠨ᠎ᠡ ᠵᠢ ᠡᠭᠦᠳᠴᠦ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠰᠥᠨᠥᠭᠡᠬᠦ ᠳᠠᠢ᠌ᠯᠠᠯᠳᠤᠭ᠋ᠠᠨ᠎ᠳᠤ ᠬᠦᠴᠦᠨ ᠨᠡᠮᠡᠷᠢᠯᠡᠬᠦ ᠵᠢᠨ ᠬᠠᠮᠲᠤ ᠲᠤᠬᠠᠶ ᠵᠢᠨ ᠭᠠᠵᠠᠷ᠎ᠤᠨ ᠣᠯᠠᠨ ᠲᠦᠮᠡᠨ᠎ᠢ ᠳᠠᠢ᠌ᠴᠢᠯᠠᠨ ᠡᠯᠡᠰᠦ ᠵᠢ ᠵᠠᠰᠠᠬᠤ ᠪᠠ ᠠᠷᠠᠴᠢᠯᠠᠨ ᠬᠠᠮᠠᠭ᠋ᠠᠯᠠᠬᠤ ᠠᠵᠢᠯ᠎ᠳᠤ ᠣᠷᠣᠯᠴᠠᠭᠤᠯᠵᠤ᠂ ᠵᠢᠱ᠌ᠢᠯᠲᠡ᠎ᠪᠠᠷ 1000 ᠭᠠᠷᠤᠶ ᠠᠵᠢᠯ ᠣᠯᠭᠣᠬᠤ ᠲᠣᠬᠢᠶᠠᠯ ᠨᠡᠮᠡᠭᠳᠡᠭᠦᠯᠵᠦ᠂ ᠣᠯᠠᠨ ᠲᠦᠮᠡᠨ᠎ᠢ ᠬᠠᠪᠰᠤᠷᠤᠨ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠮ ᠬᠠᠷᠢᠯᠴᠠᠭ᠋ᠠᠨ᠎ᠤ ᠬᠦᠴᠦᠨ ᠨᠡᠮᠡᠷᠢᠯᠡᠨ᠎ᠡ᠃

20250516-2.jpg


     ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠰᠥᠨᠥᠭᠡᠬᠦ ᠣᠷᠤᠨ᠎ᠤ 〈ᠵᠠᠮ ᠵᠶ᠋ᠠᠷ ᠡᠯᠡᠰᠦ ᠵᠢ ᠵᠠᠰᠠᠬᠤ〉 ᠬᠥᠭᠵᠢᠯᠲᠡ ᠵᠢᠨ ᠲᠥᠯᠥᠪᠵᠢᠭᠦᠯᠭᠡ (2024 - 2030 ᠣᠨ)》᠎ᠳᠤ᠂ ᠰᠢᠯᠢ ᠵᠢᠨ ᠭᠣᠤᠯ ᠠᠢ᠌ᠮᠠᠭ᠎ᠤᠨ ᠡᠷᠢᠶᠡᠨ ᠬᠣᠲᠠ᠂ ᠰᠢᠯᠢᠩᠬᠣᠲᠠ᠂ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠵᠡᠭᠦᠨ ᠦᠵᠦᠮᠦᠴᠢᠨ ᠬᠣᠰᠢᠭᠤ᠂ ᠬᠥᠪᠡᠭᠡᠲᠦ ᠰᠢᠷ᠎ᠠ ᠬᠣᠰᠢᠭᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤ᠂ ᠰᠢᠯᠤᠭᠤᠨ ᠬᠥᠬᠡ ᠬᠣᠰᠢᠭᠤ᠂ ᠳᠣᠯᠣᠨ ᠨᠠᠭᠤᠷ ᠰᠢᠶᠠᠨ ᠵᠡᠷᠭᠡ 10 ᠬᠣᠰᠢᠭᠤ ᠰᠢᠶᠠᠨ ᠬᠣᠲᠠ᠎ᠲᠠᠢ ᠬᠣᠯᠪᠣᠭᠳᠠᠨ᠎ᠠ᠃ 2030 ᠣᠨ ᠪᠣᠯᠬᠤ᠎ᠳᠤ᠂ ᠰᠢᠯᠢ ᠵᠢᠨ ᠭᠣᠤᠯ ᠠᠢ᠌ᠮᠠᠭ 1845 ᠺᠢᠯᠣᠮᠧᠲᠷ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠰᠢᠨ᠎ᠡ᠎ᠪᠠᠷ ᠥᠭᠡᠷᠡᠴᠢᠯᠡᠨ ᠪᠠᠢ᠌ᠭᠤᠯᠵᠤ᠂ 409 ᠲᠦᠮᠡᠨ ᠮᠥ᠍ ᠡᠯᠡᠰᠦ ᠵᠢ ᠵᠠᠰᠠᠵᠤ᠂ ᠶᠡᠷᠦᠩᠬᠡᠶ ᠪᠠᠯᠠ ᠣᠷᠣᠭᠤᠯᠤᠯᠲᠠ ᠵᠢᠨ ᠬᠡᠪᠴᠢᠶ᠎ᠡ 29.6 ᠳ᠋ᠦᠩᠰᠢᠭᠤᠷ ᠲᠥᠭᠥᠷᠢᠭ᠎ᠲᠤ ᠬᠦᠷᠦᠨ᠎ᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠤᠯᠠᠭ᠋ᠠᠨᠬᠠᠳᠠ ᠬᠣᠲᠠ 1039.2 ᠺᠢᠯᠣᠮᠧᠲᠷ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠪᠠᠢ᠌ᠭᠤᠯᠬᠤ᠎ᠪᠠᠷ ᠲᠥᠯᠥᠪᠯᠡᠵᠦ ᠪᠣᠶ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠣᠷᠳᠣᠰ᠄ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ 《ᠣᠯᠠᠨ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠵᠦ》 ᠪᠣᠯᠣᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠵᠠᠮ᠎ᠤᠨ ᠲᠣᠣᠷ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ) ᠲᠡᠷᠭᠡ ᠨᠡᠪᠲᠡᠷᠡᠪᠡ
 
            