ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠣᠷᠳᠣᠰ᠄ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ 《ᠣᠯᠠᠨ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠵᠦ》 ᠪᠣᠯᠣᠨ᠎ᠠ
ᠨᠡᠶ᠋ᠢᠲᠡᠯᠡᠭᠰᠡᠨ ᠴᠠᠭ᠄ 2025-05-20

    5 ᠳ᠋ᠤᠭ᠋ᠠᠷ ᠰᠠᠷ᠎ᠠ ᠵᠢᠨ 16᠎ᠤ ᠡᠳᠦᠷ᠂ ᠠᠴᠢᠶᠠᠨ᠎ᠤ ᠮᠠᠰᠢᠨ᠎ᠤ ᠵᠢᠯᠣᠭᠣᠴᠢ ᠺᠠᠩ ᠯᠢ ᠵᠡᠭᠦᠨᠭ᠋ᠠᠷ ᠬᠣᠰᠢᠭᠤᠨ᠎ᠤ ᠣᠷᠳᠣᠰ ᠬᠣᠲᠠ ᠵᠢᠨ ᠬᠣᠩ ᠰᠢᠶᠠᠩ ᠮᠠᠰᠢᠨ ᠲᠡᠷᠭᠡ ᠪᠠᠢ᠌ᠴᠠᠭ᠋ᠠᠨ ᠰᠢᠯᠭ᠋ᠠᠬᠤ ᠬᠢᠵᠠᠭ᠋ᠠᠷᠲᠤ ᠺᠣᠮᠫᠠᠨᠢ᠎ᠳᠤ ᠳᠥᠭᠥᠮ ᠳᠥᠲᠡ ᠬᠢᠨᠠᠨ ᠰᠢᠯᠭ᠋ᠠᠬᠤ ᠦᠢᠯᠡᠴᠢᠯᠡᠭᠡ ᠵᠢ ᠪᠡᠶᠡᠴᠢᠯᠡᠨ ᠣᠢ᠌ᠯᠠᠭ᠋ᠠᠪᠠ᠃ ᠠᠶᠠᠨᠴᠢᠳ᠎ᠤᠨ ᠵᠥᠭᠡᠭᠡᠪᠦᠷᠢ ᠵᠢᠨ ᠵᠢᠯᠣᠭᠣᠴᠢ ᠪᠣᠯᠤᠭᠰᠠᠨ᠎ᠤ ᠬᠤᠪᠢ᠎ᠳᠤ᠂ ᠲᠡᠷᠡ ᠦᠩᠭᠡᠷᠡᠭᠰᠡᠨ᠎ᠳᠤ ᠮᠠᠰᠢᠨ ᠲᠡᠷᠭᠡᠨ᠎ᠤ ᠣᠨ᠎ᠤ ᠬᠢᠨᠠᠨ ᠪᠠᠢ᠌ᠴᠠᠭ᠋ᠠᠯᠲᠠ ᠬᠢᠬᠦ᠎ᠳᠤ ᠣᠯᠠᠨ ᠭᠠᠵᠠᠷ ᠪᠠ ᠰᠠᠯᠠᠭ᠎ᠠ ᠮᠥᠴᠢᠷ᠎ᠤᠨ ᠬᠣᠭᠣᠷᠣᠨᠳᠣ ᠨᠠᠭ᠋ᠠᠰᠢ ᠴᠠᠭ᠋ᠠᠰᠢ ᠭᠦᠶᠦᠯᠳᠡᠵᠦ ᠪᠠᠢ᠌ᠪᠠ᠂ ᠣᠲᠣ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ ᠠᠷᠪᠠᠨ ᠬᠡᠳᠦᠨ ᠮᠢᠨᠦ᠋ᠲ᠎ᠲᠤ ᠪᠥᠬᠥ ᠶᠠᠪᠤᠴᠠ ᠵᠢ ᠭᠦᠢᠴᠡᠳᠬᠡᠵᠦ ᠳᠡᠢ᠌ᠯᠬᠦ ᠪᠣᠯᠵᠠᠶ᠃
    ᠲᠡᠷᠡ᠄ 《ᠥᠩᠭᠡᠷᠡᠭᠰᠡᠨ᠎ᠳᠤ᠂ ᠬᠡᠷᠪᠡ ᠶᠠᠭ ᠰᠠᠢ᠌ᠬᠠᠨ ᠭᠠᠳᠠᠨ᠎ᠠ ᠲᠡᠷᠭᠡ ᠭᠦᠶᠦᠯᠭᠡᠵᠦ ᠪᠠᠢ᠌ᠪᠠᠯ᠂ ᠪᠠᠰᠠ ᠲᠤᠰᠬᠠᠢ᠌ᠯᠠᠨ ᠬᠠᠷᠢᠵᠤ ᠢᠷᠡᠭᠡᠳ ᠣᠨ᠎ᠤ ᠬᠢᠨᠠᠨ ᠪᠠᠢ᠌ᠴᠠᠭ᠋ᠠᠯᠲᠠ ᠬᠢᠨ᠎ᠠ᠂ ᠣᠲᠣ᠂ ᠰᠢᠯᠭ᠋ᠠᠨ ᠪᠠᠢ᠌ᠴᠠᠭ᠋ᠠᠬᠤ ᠥᠷᠲᠡᠭᠡ᠎ᠪᠠᠷ ᠦᠩᠭᠡᠷᠡᠬᠦ ᠦᠶᠡᠰ᠂ ᠰᠢᠯᠭ᠋ᠠᠨ ᠪᠠᠢ᠌ᠴᠠᠭ᠋ᠠᠬᠤ᠂ ᠣᠨ᠎ᠤ ᠬᠢᠨᠠᠨ ᠪᠠᠢ᠌ᠴᠠᠭ᠋ᠠᠯᠲᠠ ᠵᠢ ᠬᠠᠮᠲᠤ᠎ᠳᠤ᠎ᠨᠢ ᠬᠢᠵᠦ᠂ ᠴᠠᠭ᠎ᠢ ᠠᠷᠪᠢᠯᠠᠬᠤ᠎ᠪᠠᠷ ᠪᠠᠷᠠᠬᠤ ᠥᠬᠡᠶ ᠥᠪᠡᠷ᠎ᠤᠨ ᠥᠷᠲᠡᠭ᠎ᠢ ᠴᠦ᠍ ᠠᠷᠪᠢᠯᠠᠨ᠎ᠠ》 ᠭᠡᠵᠡᠢ᠃
    ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠨᠢ 《ᠣᠯᠠᠨ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》 ᠵᠢ ᠪᠡᠶᠡᠯᠡᠭᠦᠯᠵᠦ ᠴᠢᠳᠠᠭᠰᠠᠨ᠎ᠨᠢ ᠣᠷᠳᠣᠰ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠴᠢᠯᠡᠭᠡᠨ᠎ᠤ ᠲᠥᠪ᠎ᠤᠨ ᠦᠢᠯᠡᠴᠢᠯᠡᠭᠡᠨ᠎ᠤ ᠰᠢᠰᠲ᠋ᠧᠮ᠎ᠳᠤ ᠲᠦᠰᠢᠭᠯᠡᠵᠡᠶ᠃ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠨᠢ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠂ ᠲᠤᠬᠠᠢ᠌ᠯᠠᠭᠰᠠᠨ ᠠᠵᠢᠯ᠎ᠢ ᠰᠦᠯᠵᠢᠶ᠎ᠡ᠎ᠪᠠᠷ ᠡᠷᠭᠢᠯᠳᠦᠭᠦᠯᠬᠦ ᠵᠢ ᠪᠡᠶᠡᠯᠡᠭᠦᠯᠵᠦ ᠪᠣᠯᠤᠨ᠎ᠠ᠃ ᠲᠡᠷᠭᠡᠨ᠎ᠤ ᠡᠵᠡᠨ᠎ᠨᠢ ᠲᠡᠷᠭᠡᠨ᠎ᠤ ᠠᠮᠤᠷ ᠲᠦᠪᠰᠢᠨ᠎ᠤ ᠪᠠᠢ᠌ᠴᠠᠭ᠋ᠠᠯᠲᠠ᠂ ᠶᠡᠷᠦᠩᠬᠡᠢ᠌ᠯᠡᠭᠰᠡᠨ ᠪᠠᠢ᠌ᠴᠠᠭ᠋ᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠡᠷᠭᠡ ᠭᠤᠷᠪᠠᠨ ᠵᠦᠢᠯ᠎ᠤᠨ ᠰᠢᠯᠭ᠋ᠠᠨ ᠪᠠᠢ᠌ᠴᠠᠭ᠋ᠠᠯᠲᠠ ᠵᠢ ᠪᠡᠶᠡᠯᠡᠭᠦᠯᠦᠭᠰᠡᠨ᠎ᠤ ᠳᠠᠷᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠴᠣᠩᠬᠤᠪᠴᠢ᠎ᠳᠤ ᠬᠦᠷᠴᠦ ᠭᠦᠢᠴᠡᠳᠬᠡᠬᠦ ᠴᠢᠬᠤᠯᠠ ᠥᠬᠡᠶ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠨᠢ ᠰᠢᠰᠲ᠋ᠧᠮ᠎ᠤᠨ ᠠᠯᠤᠰ ᠡᠵᠡᠮᠰᠢᠯᠲᠦ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠭᠰᠡᠨ ᠲᠣᠭ᠎ᠠ ᠪᠠᠷᠢᠮᠲᠠ ᠵᠢ ᠴᠠᠭ ᠲᠤᠬᠠᠶ᠎ᠳᠤ᠎ᠨᠢ ᠬᠢᠨᠠᠨ ᠬᠠᠷᠭᠤᠭᠤᠯᠵᠤ ᠪᠠᠲᠤᠯᠠᠵᠤ ᠪᠣᠯᠤᠨ᠎ᠠ᠃
    ᠣᠷᠳᠣᠰ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠴᠢᠯᠡᠭᠡᠨ᠎ᠤ ᠲᠥᠪ᠎ᠤᠨ ᠠᠵᠢᠯᠲᠠᠨ ᠬᠢᠭᠡᠳ ᠮᠠᠰᠢᠨ ᠲᠡᠷᠭᠡᠨ᠎ᠤ ᠮᠡᠷᠭᠡᠵᠢᠯ᠎ᠤᠨ ᠬᠤᠪᠢᠶᠠᠷᠢ ᠲᠥᠪ᠎ᠤᠨ ᠡᠷᠬᠢᠯᠡᠭᠴᠢ ᠨᠢᠦ ᠰᠧ ᠫᠢᠩ ᠲᠠᠨᠢᠯᠴᠠᠭᠤᠯᠬᠤ᠎ᠳᠤ᠎ᠪᠠᠨ᠄     《ᠣᠳᠣᠬᠠᠨ᠎ᠳᠤ ᠨᠢᠭᠡᠨᠲᠡ 6 ᠵᠦᠢᠯ᠎ᠤᠨ ᠥᠨᠳᠥᠷ ᠳᠠᠪᠲᠠᠮᠵᠢᠲᠤ ᠵᠦᠢᠯᠡᠰ᠎ᠢ ᠡᠮᠬᠢᠯᠡᠨ ᠨᠡᠢ᠌ᠯᠡᠭᠦᠯᠵᠦ᠂ ᠳᠠᠪᠬᠤᠷᠳᠠᠭᠰᠠᠨ ᠮᠠᠲ᠋ᠧᠷᠢᠶᠠᠯ ᠲᠤᠰᠢᠶᠠᠬᠤ ᠵᠢ 85%᠎ᠠᠴᠠ ᠳᠡᠭᠡᠭᠰᠢ ᠪᠠᠭ᠋ᠠᠰᠬᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠡᠯᠧᠺᠲᠷᠣᠨ ᠦᠨᠡᠮᠯᠡᠯ ᠭᠤᠶᠤᠴᠢᠯᠠᠬᠤ ᠠᠵᠢᠯ᠎ᠢ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ ᠳᠡᠯᠭᠡᠷᠡᠭᠦᠯᠵᠦ᠂ ᠠᠷᠠᠳ᠎ᠲᠤ ᠨᠠᠩ ᠢᠯᠡᠭᠦᠦ ᠠᠰᠢᠭ ᠬᠦᠷᠲᠡᠭᠡᠵᠦ ᠠᠷᠠᠳ᠎ᠲᠤ ᠨᠠᠩ ᠲᠥᠬᠥᠮ ᠦᠵᠡᠭᠦᠯᠦᠨ᠎ᠡ》 ᠭᠡᠵᠡᠢ᠃
    ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ᠂ ᠣᠷᠳᠣᠰ ᠬᠣᠲᠠ᠎ᠳᠤ 7 ᠲᠦᠮᠡ ᠭᠠᠷᠤᠶ ᠡᠵᠡᠩᠨᠡᠯᠲᠡ ᠵᠢᠨ ᠲᠡᠷᠭᠡ᠎ᠲᠠᠢ ᠪᠠᠢ᠌ᠵᠤ᠂ ᠣᠷᠳᠣᠰ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠴᠢᠯᠡᠭᠡᠨ᠎ᠤ ᠲᠥᠪ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠳᠠᠬᠢᠨ ᠲᠠᠰ ᠳᠡᠪᠰᠢᠭᠦᠯᠬᠦ᠎ᠳᠤ ᠬᠦᠴᠦᠨ ᠨᠡᠮᠡᠷᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠨᠠᠩ ᠣᠯᠠᠨ ᠲᠦᠮᠡᠨ᠎ᠳᠤ ᠬᠦᠷᠲᠡᠭᠡᠬᠦ ᠵᠢᠨ ᠲᠥᠯᠥᠭᠡ᠂ ᠣᠳᠣᠬᠠᠨ᠎ᠳᠤ ᠪᠦᠬᠦ ᠬᠣᠲᠠ ᠵᠢᠨ ᠬᠡᠪᠴᠢᠶᠡᠨ᠎ᠳᠤ ᠨᠢᠭᠡᠨᠲᠡ 60 ᠵᠠᠮ ᠲᠡᠭᠡᠭᠡᠪᠦᠷᠢ ᠵᠢᠨ ᠦᠢ᠍ᠯᠡᠴᠢᠯᠡᠭᠡᠨ᠎ᠤ ᠥᠷᠲᠡᠭᠡ ᠵᠢ ᠪᠠᠢ᠌ᠭᠤᠯᠵᠤ᠂ ᠲᠡᠷᠭᠡ ᠬᠥᠰᠬᠡ ᠵᠢᠨ ᠣᠨ᠎ᠤ ᠬᠢᠨᠠᠨ ᠪᠠᠢ᠌ᠴᠠᠭ᠋ᠠᠯᠲᠠ᠂ ᠣᠨ᠎ᠤ ᠪᠠᠢ᠌ᠴᠠᠭ᠋ᠠᠯᠲᠠ᠂ ᠦᠨᠡᠮᠯᠡᠯ ᠰᠣᠯᠢᠬᠤ ᠵᠡᠷᠭᠡ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠲᠡᠯ᠎ᠡ ᠤᠷᠳᠤᠳᠬᠠᠬᠤ ᠵᠢ ᠠᠬᠢᠭᠤᠯᠵᠤ᠂ ᠲᠦᠷᠢᠶᠡᠰᠦᠨ ᠮᠠᠰᠢᠨ᠂ ᠠᠶᠠᠨᠴᠢᠳ᠎ᠤᠨ ᠲᠡᠷᠭᠡ᠂ ᠪᠠᠷᠠᠭ᠋ᠠᠨ᠎ᠤ ᠲᠡᠷᠭᠡ ᠵᠡᠷᠭᠡ ᠡᠵᠡᠩᠨᠡᠯᠲᠡ ᠵᠢᠨ ᠲᠡᠷᠭᠡ ᠬᠥᠰᠬᠡ ᠵᠢᠨ ᠡᠵᠡᠨ᠎ᠨᠢ ᠴᠥᠮ ᠣᠢ᠌ᠷ᠎ᠠ ᠬᠠᠪᠢ ᠵᠢᠨ ᠳᠤᠷ᠎ᠠ ᠵᠢᠨ ᠨᠢᠭᠡ ᠵᠠᠮ ᠲᠡᠭᠡᠭᠡᠪᠦᠷᠢ ᠵᠢᠨ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠥᠷᠲᠡᠭᠡ ᠵᠢ ᠰᠣᠩᠭᠣᠨ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠵᠦ ᠪᠣᠯᠤᠨ᠎ᠠ᠂ ᠲᠡᠷᠭᠡ ᠬᠥᠰᠬᠡ ᠵᠢᠨ ᠬᠠᠷᠢᠶ᠎ᠠ ᠣᠷᠣᠨ᠎ᠤ ᠬᠢᠵᠠᠭ᠋ᠠᠷᠯᠠᠯ᠎ᠢ ᠡᠪᠳᠡᠨ᠂         《ᠲᠣᠭ᠎ᠠ ᠪᠠᠷᠢᠮᠲᠠ ᠵᠢ ᠭᠦᠶᠦᠯᠭᠡᠬᠦ》᠎ᠪᠠᠷ ᠣᠯᠠᠨ ᠲᠦᠮᠡᠨ᠎ᠢ ᠭᠦᠶᠦᠯᠭᠡᠬᠦ ᠵᠢ ᠦᠨᠡᠨ ᠬᠦ᠌ ᠣᠷᠣᠯᠠᠭᠤᠯᠵᠤ᠂       《ᠣᠯᠠᠨ ᠲᠡᠢ᠌ᠰᠢ ᠭᠦᠶᠦᠬᠦ᠂ ᠳᠠᠬᠢᠨ ᠳᠠᠪᠲᠠᠨ ᠭᠦᠢᠴᠡᠳᠬᠡᠬᠦ》᠎ᠠᠴᠠ 《ᠨᠢᠭᠡ ᠡᠭᠦᠳᠡ ᠵᠢ ᠣᠷᠣᠪᠠᠯ᠂ ᠣᠯᠠᠨ ᠶᠠᠪᠤᠳᠠᠯ ᠭᠦᠢ᠍ᠴᠡᠳᠬᠡᠬᠦ》᠎ᠳᠤ ᠬᠦᠷᠴᠦ᠂ 《ᠬᠡᠷ᠎ᠤᠨ ᠡᠭᠦᠳᠡᠨ》᠎ᠳᠤ ᠳᠡᠭᠡᠷ᠎ᠡ᠎ᠪᠠᠨ ᠨᠢᠭᠡ ᠥᠷᠲᠡᠭᠡᠴᠢᠯᠡᠭᠰᠡᠨ ᠮᠠᠶᠢᠭ ᠵᠶ᠋ᠠᠷ ᠭᠦᠢᠴᠡᠳᠬᠡᠬᠦ ᠵᠢ ᠪᠡᠶᠡᠯᠡᠭᠦᠯᠬᠦ ᠪᠣᠯᠵᠠᠢ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠵᠠᠮ᠎ᠤᠨ ᠲᠣᠣᠷ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ) ᠲᠡᠷᠭᠡ ᠨᠡᠪᠲᠡᠷᠡᠪᠡ
《ᠵᠢᠷᠭᠤᠭ᠍ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠤᠨ᠎ᠠ — ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠣᠷᠣᠨ ᠪᠦᠰᠡ ᠵᠢᠨ ᠬᠠᠮᠵᠢᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠣᠯᠭ᠋ᠠᠨ᠎ᠠ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠤᠢ ᠵᠢ ᠪᠡᠯᠭᠡᠯᠡᠬᠦ ᠲᠤᠬᠠᠶ ᠤᠯᠤᠰ᠎ᠤᠨ ᠲᠤᠬ᠎ᠢ ᠡᠯᠭᠦᠬᠦ ᠰᠠᠨᠠᠭ᠋ᠠᠴᠢᠯᠠᠭ᠎ᠠ ᠵᠢᠨ ᠪᠢᠴᠢᠭ
 
            