ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2025-05-23

     ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠰᠢᠦᠳᠠᠨ᠎ᠤ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠲᠤᠰᠬᠠᠶ ᠠᠵᠢᠯᠯᠠᠭ᠎ᠠ ᠵᠢᠨ ᠲᠥᠰᠦᠯ》 (ᠳᠣᠷᠣᠭᠰᠢ 《ᠠᠵᠢᠯᠯᠠᠭ᠋ᠠᠨ᠎ᠤ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠭᠦᠨᠵᠡᠭᠡᠶ ᠦᠷᠨᠢᠭᠦᠯᠦᠨ᠎ᠡ᠃
     《ᠠᠵᠢᠯᠯᠠᠭ᠋ᠠᠨ᠎ᠤ ᠲᠥᠰᠦᠯ》᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠪᠯᠡᠷᠡᠭᠦᠯᠦᠨ ᠳᠠᠢ᠌ᠴᠢᠯᠠᠬᠤ ᠴᠢᠳᠠᠮᠵᠢ᠎ᠲᠠᠢ᠂ ᠣᠷᠣᠨ ᠪᠦᠰᠡ ᠪᠠ ᠠᠵᠤ ᠦᠢᠯᠡᠰ᠎ᠤᠨ ᠬᠠᠮᠵᠢᠯᠴᠠᠨ ᠬᠦᠭᠵᠢᠬᠦ ᠵᠢ ᠪᠠᠲᠤᠯᠠᠨ ᠲᠤᠯᠭ᠋ᠠᠭᠤᠷᠢᠯᠠᠬᠤ ᠪᠥᠬᠥ ᠤᠯᠤᠰ᠎ᠤᠨ ᠴᠢᠨᠠᠷᠲᠠᠶ ᠰᠢᠦᠳᠠᠨ᠎ᠤ ᠲᠦᠷᠭᠡᠨ ᠬᠦᠷᠭᠡᠬᠦ ᠬᠦᠢᠰᠦ ᠵᠢ ᠪᠠᠢ᠌ᠷᠢᠯᠠᠭᠤᠯᠤᠨ ᠪᠠᠢ᠌ᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠣᠲᠣ ᠦᠶ᠎ᠡ ᠵᠢᠨ ᠲᠦᠷᠭᠡᠨ ᠬᠦᠷᠭᠡᠬᠦ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠤᠨ ᠪᠠᠢ᠌ᠭᠤᠯᠤᠯᠲᠠ ᠵᠢ ᠠᠬᠢᠭᠤᠯᠤᠨ᠎ᠠ᠃ ᠭᠣᠤᠯ ᠬᠦᠢᠰᠦ ᠵᠢᠨ ᠪᠥᠬᠥ ᠤᠯᠤᠰ ᠪᠠ ᠣᠷᠣᠨ᠎ᠤ ᠳᠣᠲᠣᠷᠠᠬᠢ ᠰᠢᠭᠤᠳ ᠬᠥᠷᠬᠥ ᠭᠣᠤᠯ ᠱᠤᠭᠤᠮ᠎ᠳᠤ ᠬᠠᠨᠳᠤᠭᠤᠯᠤᠭᠰᠠᠨ ᠲᠡᠭᠡᠭᠡᠪᠦᠷᠢ ᠵᠢᠨ ᠴᠢᠳᠠᠮᠵᠢ ᠵᠢ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ 《ᠬᠦᠢᠰᠦ + ᠨᠡᠪᠲᠡᠷᠡᠯ ᠵᠠᠮ + ᠲᠣᠤᠷ》 ᠵᠢᠨ ᠣᠲᠣ ᠦᠶ᠎ᠡ ᠵᠢᠨ ᠲᠦᠷᠭᠡᠨ ᠬᠦᠷᠭᠡᠯᠲᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠰᠢᠰᠲ᠋ᠧᠮᠵᠢ ᠵᠢ ᠲᠤᠯᠭ᠋ᠠᠭᠤᠷᠢᠯᠠᠨ ᠪᠠᠢ᠌ᠭᠤᠯᠤᠨ᠎ᠠ᠃ ᠰᠢᠦᠳᠠᠨ᠎ᠤ ᠲᠦᠷᠭᠡᠨ ᠬᠦᠷᠭᠡᠬᠦ ᠦᠢᠯᠡᠰ ᠬᠢᠭᠡᠳ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠦᠢᠯᠡᠳᠬᠦ ᠦᠢᠯᠡᠰ᠎ᠤᠨ ᠵᠣᠬᠢᠴᠠᠯᠳᠤᠨ ᠬᠥᠭᠵᠢᠬᠦ ᠵᠢ ᠴᠢᠩᠭ᠋ᠠᠷᠠᠭᠤᠯᠵᠤ᠂ ᠬᠠᠩᠭ᠋ᠠᠯᠭ᠎ᠠ ᠵᠢᠨ ᠬᠡᠯᠬᠢᠶᠡᠰᠦ ᠵᠢᠨ ᠳᠡᠭᠡᠳᠦ ᠳᠣᠤᠷᠠᠳᠤ ᠬᠡᠯᠬᠢᠶ᠎ᠡ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠪᠠ ᠬᠦᠴᠦᠨ ᠵᠦᠢᠯ᠎ᠢ ᠬᠠᠮᠲᠤ᠎ᠪᠠᠷ ᠭᠥᠷᠳᠡᠬᠦ ᠵᠢ ᠠᠬᠢᠭᠤᠯᠤᠨ᠂ 《ᠢᠯᠡᠭᠡᠵᠦ ᠬᠦᠷᠭᠡᠬᠦ ᠬᠦᠢᠰᠦ + ᠠᠵᠤ ᠦᠢᠯᠡᠰ᠎ᠤᠨ ᠪᠦᠯᠦᠭᠵᠢᠯ》᠎ᠤᠨ ᠰᠢᠨ᠎ᠡ ᠵᠠᠭᠪᠤᠷ᠎ᠢ ᠪᠣᠶ ᠪᠣᠯᠭ᠋ᠠᠬᠤ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠡᠷ ᠬᠦᠴᠦᠨ ᠴᠢᠳᠠᠯ ᠣᠯᠭᠣᠬᠤ ᠵᠢ ᠴᠢᠩᠭ᠋ᠠᠳᠬᠠᠵᠤ᠂ ᠠᠵᠢᠯ ᠲᠥᠷᠥᠯ᠎ᠤᠨ ᠲᠣᠭ᠋ᠠᠴᠢᠯᠠᠵᠤ ᠤᠶᠤᠨᠴᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭ᠋ᠠᠪᠠ᠃
   《ᠠᠵᠢᠯᠯᠠᠭ᠋ᠠᠨ᠎ᠤ ᠲᠥᠰᠦᠯ》᠎ᠳᠤ᠂ 2027 ᠣᠨ ᠪᠣᠯᠬᠤ᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠲᠠᠪᠤᠨ ᠠᠢ᠌ᠮᠠᠭ ᠬᠣᠲᠠ ᠵᠢᠨ ᠰᠢᠦᠳᠠᠨ᠎ᠤ ᠲᠦᠷᠭᠡᠨ ᠬᠦᠷᠭᠡᠯᠲᠡ ᠵᠢᠨ ᠢᠯᠡᠭᠡᠵᠦ ᠬᠦᠷᠭᠡᠬᠦ ᠬᠡᠮᠵᠢᠶ᠎ᠡ ᠵᠢ 18 ᠳ᠋ᠦᠩᠰᠢᠭᠤᠷ ᠵᠦᠢᠯ᠎ᠳᠤ ᠬᠦᠷᠭᠡᠵᠦ᠂ ᠰᠢᠦᠳᠠᠨ᠎ᠤ ᠠᠵᠢᠯ ᠲᠥᠷᠥᠯ᠎ᠤᠨ ᠲᠤᠬᠠᠢ᠌ᠯᠠᠭᠰᠠᠨ ᠠᠵᠢᠯ᠎ᠤᠨ ᠣᠷᠣᠯᠭ᠎ᠠ ᠵᠢ 50 ᠳ᠋ᠦᠩᠰᠢᠭᠤᠷ ᠲᠥᠭᠥᠷᠢᠭ᠎ᠲᠤ ᠬᠦᠷᠦᠭᠦᠯᠵᠦ᠂ ᠪᠥᠬᠥ ᠤᠯᠤᠰ᠎ᠤᠨ ᠭᠣᠤᠯᠳᠠᠯᠭ᠎ᠠ᠎ᠲᠠᠢ ᠭᠠᠵᠠᠷ ᠣᠷᠣᠨ ᠲᠡᠢ᠌ᠰᠢ ᠢᠯᠡᠭᠡᠬᠦ ᠲᠦᠷᠭᠡᠨ ᠬᠦᠷᠭᠡᠯᠲᠡ ᠵᠢᠨ ᠦᠢᠯᠡᠴᠢᠯᠡᠭᠡᠨ᠎ᠤ ᠪᠥᠬᠥ ᠶᠠᠪᠤᠴᠠ ᠵᠢᠨ ᠴᠠᠭ᠎ᠤᠨ ᠬᠢᠵᠠᠭ᠋ᠠᠷ᠎ᠢ 72 ᠴᠠᠭ᠎ᠤᠨ ᠳᠣᠲᠣᠷ᠎ᠠ ᠪᠠᠢ᠌ᠯᠭ᠋ᠠᠵᠤ᠂ ᠪᠠᠷᠠᠭ᠋ᠠᠨ᠎ᠤ ᠭᠦᠢᠯᠭᠡᠭᠡ ᠵᠢᠨ ᠦᠨ᠎ᠡ ᠬᠠᠩᠰᠢ ᠵᠢ ᠣᠷᠣᠨ ᠪᠦᠰᠡ ᠵᠢᠨ ᠬᠣᠭᠣᠷᠣᠨᠳᠣ ᠨᠠᠩ ᠲᠡᠩᠴᠡᠭᠦᠷᠢᠲᠡᠶ ᠪᠣᠯᠭ᠋ᠠᠵᠤ᠂ ᠰᠢᠦᠳᠠᠨ᠎ᠤ ᠲᠦᠷᠭᠡᠨ ᠬᠦᠷᠭᠡᠯᠲᠡ ᠵᠢᠨ ᠵᠦᠢᠯ᠎ᠤᠨ ᠲᠡᠭᠡᠭᠡᠪᠦᠷᠢ ᠵᠢᠨ ᠪᠦᠲᠦᠴᠡ ᠵᠢ ᠨᠠᠩ ᠰᠢᠯᠢᠳᠡᠭᠵᠢᠭᠦᠯᠦᠨ᠂ ᠠᠵᠤ ᠦᠢᠯᠡᠰ᠎ᠤᠨ ᠬᠠᠮᠵᠢᠯᠴᠠᠬᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠢᠯᠡᠳᠲᠡ ᠦᠷ᠎ᠡ ᠪᠦᠲᠦᠮᠵᠢ᠎ᠲᠠᠢ ᠪᠣᠯᠭ᠋ᠠᠵᠤ᠂ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠪᠥᠬᠥ ᠨᠡᠢ᠌ᠭᠡᠮ᠎ᠤᠨ ᠪᠠᠷᠠᠭ᠋ᠠᠨ᠎ᠤ ᠭᠦᠢᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠳᠤᠮᠳᠠᠬᠢ ᠤᠳᠤᠷᠢᠳᠤᠮᠵᠢ ᠵᠢᠨ ᠴᠢᠨᠠᠷᠲᠠᠶ ᠪᠠ ᠬᠥᠲᠥᠯᠦᠨ ᠵᠢᠯᠣᠭᠣᠳᠬᠤ ᠴᠢᠨᠠᠷᠲᠠᠶ ᠦᠢᠯᠡᠳᠦᠯ᠎ᠢ ᠨᠠᠩ ᠲᠣᠪᠣᠢ᠌ᠮ᠎ᠠ ᠪᠣᠯᠭ᠋ᠠᠨ᠎ᠠ ᠭᠡᠵᠦ ᠲᠣᠳᠣᠷᠬᠠᠢ᠌ᠯᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠵᠠᠮ᠎ᠤᠨ ᠲᠣᠣᠷ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ) ᠲᠡᠷᠭᠡ ᠨᠡᠪᠲᠡᠷᠡᠪᠡ
《ᠵᠢᠷᠭᠤᠭ᠍ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠤᠨ᠎ᠠ — ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠣᠷᠣᠨ ᠪᠦᠰᠡ ᠵᠢᠨ ᠬᠠᠮᠵᠢᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠣᠯᠭ᠋ᠠᠨ᠎ᠠ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠤᠢ ᠵᠢ ᠪᠡᠯᠭᠡᠯᠡᠬᠦ ᠲᠤᠬᠠᠶ ᠤᠯᠤᠰ᠎ᠤᠨ ᠲᠤᠬ᠎ᠢ ᠡᠯᠭᠦᠬᠦ ᠰᠠᠨᠠᠭ᠋ᠠᠴᠢᠯᠠᠭ᠎ᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠣᠨᠤᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠪᠡ
 
            