ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠵᠢᠷᠭᠤᠭ᠍ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠤᠨ᠎ᠠ — ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠣᠷᠣᠨ ᠪᠦᠰᠡ ᠵᠢᠨ ᠬᠠᠮᠵᠢᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠣᠯᠭ᠋ᠠᠨ᠎ᠠ
ᠨᠡᠶ᠋ᠢᠲᠡᠯᠡᠭᠰᠡᠨ ᠴᠠᠭ᠄ 2025-07-24

    ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠬᠢᠭᠡᠳ ᠪᠡᠭᠡᠵᠢᠩ ᠲᠢᠶᠠᠨᠵᠢᠨ ᠾᠧᠪᠧᠶ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠬᠠᠮᠲᠤᠷᠠᠨ 《ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠬᠠᠮᠵᠢᠯᠴᠠᠭ᠋ᠠᠨ᠎ᠤ ᠠᠷᠭ᠎ᠠ》᠎ᠳᠤ ᠭᠠᠷ᠎ᠤᠨ ᠥᠰᠥᠭ ᠵᠢᠷᠤᠪᠠ᠂ ᠳᠥᠷᠪᠡᠨ ᠮᠤᠵᠢ ᠬᠤᠲᠠ ᠣᠷᠣᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠬᠦ᠂ ᠬᠠᠮᠵᠢᠯᠴᠠᠨ ᠬᠡᠷᠡᠭ ᠰᠢᠢ᠍ᠳᠪᠦᠷᠢᠯᠡᠬᠦ᠂ ᠲᠤᠷᠰᠢᠯᠭ᠎ᠠ᠎ᠪᠠᠨ ᠬᠠᠷᠢᠯᠴᠠᠨ ᠲᠣᠯᠢ ᠪᠣᠯᠭ᠋ᠠᠬᠤ ᠵᠡᠷᠭᠡ ᠬᠠᠮᠵᠢᠯᠴᠠᠬᠤ ᠵᠦᠢ᠍ᠯᠡᠰ᠎ᠤᠨ ᠲᠤᠬᠠᠶ ᠨᠠᠩ ᠭᠦᠨᠵᠡᠭᠡᠶ ᠬᠠᠮᠲᠤ ᠵᠢᠨ ᠲᠠᠨᠢᠯᠲᠠ᠎ᠲᠠᠢ ᠪᠣᠯᠵᠣ᠂ ᠮᠠᠨ᠎ᠤ ᠣᠷᠣᠨ ᠬᠢᠭᠡᠳ ᠪᠡᠭᠡᠵᠢᠩ᠂ ᠾᠧᠪᠸᠢ ᠵᠡᠷᠭᠡ ᠡᠷᠬᠢᠨ ᠲᠣᠭᠤᠷᠢᠨ᠎ᠤ ᠮᠤᠵᠢ ᠬᠤᠲᠠ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠬᠠᠮᠵᠢᠯᠴᠠᠭ᠋ᠠᠨ᠎ᠤ ᠬᠦᠷᠢᠶᠡᠨ᠎ᠳᠤ ᠨᠠᠩ ᠪᠠᠲᠤ ᠪᠠᠬᠢ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃

    2025 ᠣᠨ᠎ᠠᠴᠠ ᠨᠠᠭ᠋ᠠᠰᠢ᠂ ᠪᠡᠭᠡᠵᠢᠩ᠂ ᠾᠧᠪᠸᠢ᠂ ᠥᠪᠥᠷ ᠮᠣᠩᠭᠤᠯ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠨᠢᠭᠡᠴᠢ ᠵᠢᠨ᠎ᠬᠢᠨ ᠣᠷᠣᠨ ᠪᠦᠰᠡ ᠵᠢᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠬᠦ᠎ᠪᠠᠷ ᠳᠠᠮᠵᠢᠨ ᠢᠯᠡᠳᠲᠡ ᠦᠷ᠎ᠡ ᠪᠦᠲᠦᠮᠵᠢ ᠤᠯᠪᠠ᠃ 1 ᠳ᠋ᠦ᠍ᠭᠡᠷ ᠰᠠᠷ᠎ᠠ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠬᠤᠭᠤᠴᠠᠭ᠋ᠠᠨ᠎ᠳᠤ᠂ ᠡᠯ᠎ᠡ ᠣᠷᠣᠨ ᠪᠦᠰᠡ ᠵᠢᠨ ᠬᠠᠤᠯᠢ ᠬᠡᠷᠡᠭᠵᠢᠭᠦᠯᠬᠦ ᠨᠢᠭᠡᠴᠢ ᠬᠤᠯᠪᠣᠭ᠋ᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠵᠦ᠂ 《ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠲᠡᠷᠭᠡ᠂ ᠵᠢᠭᠤᠯᠴᠢᠯᠠᠬᠤ ᠠᠶᠠᠨᠴᠢᠳ᠎ᠤᠨ ᠵᠥᠭᠡᠭᠡᠪᠦᠷᠢ ᠵᠢᠨ ᠲᠡᠷᠭᠡ᠂ ᠠᠶᠤᠯᠲᠤ ᠬᠢᠮᠢ ᠵᠢᠨ ᠡᠳ᠋ ᠵᠥᠭᠡᠭᠡᠪᠦᠷᠢᠯᠡᠬᠦ ᠲᠡᠷᠭᠡ᠂ ᠬᠦᠨᠳᠦ ᠠᠴᠢᠶᠠᠨ᠎ᠤ ᠮᠡᠰᠢᠨ ᠲᠡᠷᠭᠡ》 ᠵᠡᠷᠭᠡ ᠵᠢᠨ ᠲᠣᠭᠲᠠᠭ᠋ᠠᠯ᠎ᠠᠴᠠ ᠵᠥᠷᠢᠴᠡᠭᠰᠡᠨ ᠲᠡᠷᠭᠡ ᠬᠥᠰᠬᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠵᠠᠭᠤᠴᠢᠯᠠᠭᠤᠷ᠎ᠤᠨ ᠮᠡᠳᠡᠭᠡᠯᠡᠯ ᠵᠶ᠋ᠠᠷ ᠳᠠᠮᠵᠢᠭᠤᠯᠤᠨ ᠨᠡᠶ᠋ᠢᠭᠡᠮ᠎ᠤᠨ ᠨᠥᠯᠥᠭᠡ ᠵᠢ ᠥᠷᠭᠡᠳᠬᠡᠪᠡ᠃ 4 ᠳ᠋ᠦ᠍ᠭᠡᠷ ᠰᠠᠷ᠎ᠠ᠎ᠳᠤ ᠨᠠᠮ᠎ᠤᠨ ᠪᠠᠢ᠌ᠭᠤᠯᠤᠯᠲᠠ ᠵᠢᠨ ᠬᠠᠮᠲᠤ ᠵᠢᠨ ᠴᠣᠭᠴᠠ ᠵᠢᠨ ᠬᠡᠯᠡᠯᠴᠡᠭᠡᠷ᠎ᠤᠨ ᠭᠡᠷ᠎ᠡ ᠲᠣᠭᠲᠠᠵᠤ᠂ ᠨᠠᠮ᠎ᠤᠨ ᠪᠠᠢ᠌ᠭᠤᠯᠤᠯᠲᠠ᠎ᠪᠠᠷ ᠲᠣᠬᠠᠢ᠌ᠯᠠᠭᠰᠠᠨ ᠠᠵᠢᠯ᠎ᠤᠨ ᠤᠶᠠᠯᠳᠤᠯ᠎ᠢ ᠠᠬᠢᠭᠤᠯᠪᠠ᠃ ᠡᠭᠦᠨ᠎ᠤ ᠬᠠᠮᠲᠤ ᠬᠠᠮᠵᠢᠯᠴᠠᠬᠤ ᠲᠣᠭᠲᠠᠴᠠ ᠵᠢᠨ ᠶᠣᠰᠣᠭ᠋ᠠᠷ ᠬᠤᠶᠠᠷ ᠤᠳᠠᠭ᠎ᠠ ᠬᠠᠤᠯᠢ ᠬᠡᠷᠡᠭᠵᠢᠭᠦᠯᠬᠦ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠳᠦᠷᠢᠮ᠎ᠢ ᠲᠣᠭᠲᠠᠭ᠋ᠠᠪᠠ᠃

    ᠲᠣᠰ ᠤᠳᠠᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠎ᠠ ᠬᠠᠷᠢᠶ᠎ᠠ ᠭᠠᠵᠠᠷ᠎ᠤᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ 《1 + 5 + N》 ᠠᠵᠢᠯ᠎ᠤᠨ ᠵᠠᠭᠪᠤᠷ (ᠲᠤᠬᠠᠶ᠋ᠢᠯᠠᠪᠠᠯ 1 ᠵᠦᠢ᠍ᠯ᠎ᠤᠨ ᠲᠦᠷᠢᠮ᠂ 5 ᠲᠣᠭᠲᠠᠴᠠ᠂ N ᠵᠦᠢ᠍ᠯ᠎ᠤᠨ ᠬᠠᠤᠯᠢ ᠬᠡᠷᠡᠭᠵᠢᠭᠦᠯᠬᠦ ᠪᠠᠶ᠋ᠢᠳᠠᠯ)᠎ᠢ ᠨᠢᠭᠡᠳᠦᠯᠲᠡᠶ ᠲᠥᠯᠥᠪᠵᠢᠭᠦᠯᠦᠨ ᠪᠠᠶ᠋ᠢᠭᠤᠯᠵᠤ᠂ ᠬᠠᠤᠯᠢᠵᠢᠯ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠪᠡᠭᠡᠵᠢᠩ᠂ ᠾᠧᠪᠸᠢ᠂ ᠥᠪᠥᠷ ᠮᠣᠩᠭᠤᠯ ᠵᠡᠷᠭᠡ ᠡᠷᠬᠢᠨ ᠲᠣᠭᠤᠷᠢᠨ᠎ᠤ ᠮᠤᠵᠢ ᠣᠷᠣᠨ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠬᠤ᠎ᠳᠤ ᠨᠠᠩ ᠥᠷᠭᠡᠨ ᠠᠭᠤᠳᠠᠮ ᠣᠷᠣᠨ ᠵᠠᠶ ᠪᠠ ᠰᠣᠯᠢᠯᠴᠠᠭ᠋ᠠᠨ᠎ᠤ ᠲᠠᠪᠴᠠᠩ ᠬᠠᠩᠭ᠋ᠠᠵᠤ᠂ ᠮᠥᠨ ᠴᠦ᠍ ᠣᠷᠣᠨ ᠪᠦᠰᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠤᠢ ᠵᠢ ᠪᠡᠯᠭᠡᠯᠡᠬᠦ ᠲᠤᠬᠠᠶ ᠤᠯᠤᠰ᠎ᠤᠨ ᠲᠤᠬ᠎ᠢ ᠡᠯᠭᠦᠬᠦ ᠰᠠᠨᠠᠭ᠋ᠠᠴᠢᠯᠠᠭ᠎ᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠣᠨᠤᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠪᠡ
ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶ᠋ᠢᠯᠭ᠎ᠠ ᠰᠢᠨ᠎ᠡ ᠤᠳᠬ᠎ᠠ ᠵᠣᠬᠢᠶᠠᠯ 《ᠰᠢᠨ᠎ᠡ ᠦᠰᠦᠭᠲᠦ ᠨᠣᠮᠸᠷ》᠎ᠤᠨ ᠠᠵᠤ ᠦᠢ᠍ᠯᠡᠰ᠎ᠨᠢ ᠬᠥᠭᠵᠢᠯᠲᠡ ᠵᠢᠨ ᠬᠦᠳᠡᠯᠭᠡᠭᠴᠢ ᠡᠨᠧᠷᠭᠢ ᠵᠢᠨ ᠰᠣᠯᠢᠭᠳᠠᠯ᠎ᠤᠨ 《ᠬᠤᠪᠢᠷᠠᠮᠠᠯ ᠬᠥᠭᠵᠢᠮ》᠎ᠢ ᠬᠠᠩᠭᠢᠨᠠᠭᠤᠯᠪᠠ
ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠬᠤ ᠢᠯᠡᠳᠲᠡ ᠳᠠᠪᠠᠭᠤᠯᠢᠭ᠎ᠢ ᠭᠦᠢ᠍ᠴᠡᠳ ᠢᠯᠡᠷᠡᠭᠦᠯᠪᠡ
ᠥᠭᠡᠷᠡᠴᠢᠯᠡᠯᠲᠡ ᠨᠡᠭᠡᠭᠡᠯᠲᠡ ᠵᠢ ᠭᠤᠷᠪᠠᠨ ᠲᠠᠯ᠎ᠠ᠎ᠠᠴᠠ ᠡᠵᠡᠮᠰᠢᠬᠦ ᠬᠡᠷᠡᠭᠲᠡᠶ
 
            