ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-02-16

                          ᠦᠪᠦᠷ ᠵᠠᠮ ᠲᠠᠷᠬᠠᠭ᠋ᠠᠭᠰᠠᠨ[2023]6 ᠳ᠋ᠤᠭ᠋ᠠᠷ ᠲᠣᠭ᠋ᠠᠲᠤ


ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠄
      ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ᠎ᠤᠨ ᠵᠠᠰᠠᠯᠲᠠ ᠵᠢᠨ ᠬᠢᠷᠢ ᠲᠥᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠪᠣᠯᠭ᠋ᠠᠨ ᠵᠠᠰᠠᠪᠤᠷᠢ ᠣᠷᠣᠭᠤᠯᠪᠠ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠵᠤ᠂ ᠵᠢᠷᠤᠮᠯᠠᠨ ᠬᠡᠷᠡᠭᠵᠢᠭᠦᠯᠦᠭᠡᠷᠡᠢ᠃
                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
                                           2023 ᠣᠨ᠎ᠤ 1 ᠳ᠋ᠦ᠍ᠭᠡᠷ ᠰᠠᠷ᠎ᠠ ᠵᠢᠨ 5᠎ᠤ ᠡᠳᠦᠷ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ


      ᠨᠢᠭᠡᠳᠦᠭᠡᠷ ᠪᠦᠯᠦᠭ   ᠶᠡᠷᠦᠩᠬᠡᠢ ᠳᠦᠷᠢᠮ
      ᠨᠢᠭᠡᠳᠦᠭᠡᠷ ᠵᠦᠢ᠍ᠯ   ᠪᠦᠬᠦ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠨ᠂ ᠪᠡᠯᠡ ᠣᠷᠣᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》᠂ 《ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ》᠂ 《ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠤᠯᠤᠰ ᠮᠤᠵᠢ ᠵᠢᠨ ᠵᠠᠰᠠᠮᠠᠯ ᠵᠠᠮ᠎ᠤᠨ ᠰᠢᠨ᠎ᠡ᠎ᠪᠠᠷ ᠪᠠᠢ᠌ᠭᠤᠯᠬᠤ᠂ ᠥᠭᠡᠷᠡᠴᠢᠯᠡᠨ ᠪᠠᠢ᠌ᠭᠤᠯᠬᠤ᠂ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠪᠠᠷᠢᠯᠭ᠎ᠠ ᠵᠢᠴᠢ ᠲᠤᠰᠠᠭ᠋ᠠᠷ ᠪᠠᠢ᠌ᠭ᠎ᠠ ᠵᠠᠰᠠᠮᠠᠯ ᠵᠠᠮ᠎ᠤᠨ ᠣᠨᠴᠠ ᠶᠡᠬᠡ ᠬᠥᠭᠥᠷᠭᠡ᠂ ᠣᠨᠴᠠ ᠤᠷᠲᠤ ᠨᠦᠬᠡᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ᠎ᠳᠤ ᠬᠡᠷᠡᠭᠯᠡᠨ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠳᠤ ᠲᠡᠭᠦᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ᠎ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠵᠠᠰᠠᠮᠠᠯ ᠵᠠᠮ ᠪᠦᠲᠦᠭᠡᠨ ᠪᠠᠢ᠌ᠭᠤᠯᠬᠤ ᠨᠢᠭᠡᠴᠢ ᠪᠣᠯᠤᠨ ᠠᠵᠢᠯᠲᠠᠨ ᠡᠷᠬᠡᠪᠰᠢ ᠲᠤᠰ ᠠᠷᠭ᠎ᠠ ᠵᠢ ᠵᠢᠷᠤᠮᠯᠠᠬᠤ ᠬᠡᠷᠡᠭᠲᠡᠶ᠃
      ᠭᠤᠷᠪᠠᠳᠤᠭ᠋ᠠᠷ ᠵᠦᠢ᠍ᠯ   ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠭᠡᠳᠡᠭ᠎ᠨᠢ ᠵᠠᠰᠠᠮᠠᠯ ᠵᠠᠮ᠂ ᠬᠥᠭᠥᠷᠭᠡ᠂ ᠨᠦᠬᠡᠨ ᠵᠠᠮ᠂ ᠵᠠᠮ ᠬᠠᠷᠢᠯᠴᠠᠭ᠋ᠠᠨ᠎ᠤ ᠪᠠᠷᠢᠯᠭ᠎ᠠ ᠵᠢᠴᠢ ᠵᠠᠮ ᠳᠠᠭ᠋ᠠᠤ ᠲᠥᠬᠦᠭᠡᠷᠦᠮᠵᠢ ᠵᠢ ᠰᠢᠨ᠎ᠡ᠎ᠪᠠᠷ ᠪᠠᠢ᠌ᠭᠤᠯᠬᠤ᠂ ᠥᠭᠡᠷᠡᠴᠢᠯᠡᠨ ᠪᠠᠢ᠌ᠭᠤᠯᠬᠤ ᠪᠠ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠂ ᠪᠣᠯᠤᠮᠵᠢᠲᠤ ᠰᠤᠳᠤᠯᠤᠯ᠂ ᠬᠠᠢ᠌ᠨ ᠪᠠᠢ᠌ᠴᠠᠭ᠋ᠠᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠤ (ᠲᠤᠰᠢᠶᠠᠬᠤ) ᠠᠵᠢᠯ᠎ᠢ ᠰᠢᠯᠭ᠋ᠠᠨ ᠠᠪᠬᠤ ᠪᠠ ᠳᠠᠷᠠᠭ᠋ᠠᠬᠢ ᠦᠨᠡᠯᠡᠯᠲᠡ ᠵᠢᠨ ᠪᠦᠬᠦ ᠶᠠᠪᠤᠴᠠ ᠵᠢᠨ ᠠᠵᠢᠯᠯᠠᠭ᠎ᠠ ᠵᠢ ᠵᠢᠭ᠋ᠠᠵᠤ ᠪᠤᠶ᠃
      ᠳᠥᠷᠪᠡᠳᠦᠭᠡᠷ ᠵᠦᠢ᠍ᠯ   ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢ᠍ᠯ ᠭᠡᠳᠡᠭ᠎ᠨᠢ ᠬᠢᠨᠠᠨ ᠵᠥᠪᠰᠢᠶᠡᠷᠡᠬᠦ ᠠᠷᠭ᠎ᠠ ᠮᠠᠶᠢᠭ ᠵᠶ᠋ᠡᠷ ᠲᠥᠷᠥᠯ ᠵᠦᠢ᠍ᠯ ᠪᠠᠢ᠌ᠭᠤᠯᠤᠭᠰᠠᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠰᠢᠭᠤᠳ ᠪᠡᠯᠡ ᠣᠷᠣᠭᠤᠯᠬᠤ ᠠᠷᠭ᠎ᠠ ᠮᠠᠶᠢᠭ ᠪᠤᠶᠤ ᠬᠥᠷᠥᠩᠭᠡ ᠮᠥᠩᠭᠥ ᠣᠷᠣᠭᠤᠯᠬᠤ ᠠᠷᠭ᠎ᠠ ᠮᠠᠶᠢᠭ᠎ᠢ ᠠᠪᠴᠤ ᠪᠡᠯᠡ ᠣᠷᠣᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢ᠍ᠯ᠎ᠢ ᠵᠢᠭ᠋ᠠᠵᠤ ᠪᠤᠶ᠃ ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠲᠥᠷᠥᠯ ᠵᠦᠢ᠍ᠯ ᠭᠡᠳᠡᠭ᠎ᠨᠢ ᠬᠢᠨᠠᠨ ᠵᠥᠪᠰᠢᠶᠡᠷᠡᠬᠦ ᠳᠦᠷᠢᠮ ᠵᠶ᠋ᠡᠷ ᠲᠥᠷᠥᠯ ᠵᠦᠢ᠍ᠯ ᠪᠠᠢ᠌ᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠵᠢᠨ ᠵᠣᠬᠢᠶᠠᠨ ᠪᠠᠢ᠌ᠭᠤᠯᠤᠯᠲᠠ᠎ᠠᠴᠠ ᠪᠡᠯᠡ ᠣᠷᠣᠭᠤᠯᠤᠨ ᠪᠦᠲᠦᠭᠡᠨ ᠪᠠᠢ᠌ᠭᠤᠯᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠵᠢᠭ᠋ᠠᠵᠤ ᠪᠤᠶ᠃
      ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠵᠠᠭᠪᠤᠷ       (ᠳᠣᠷᠣᠭᠰᠢ PPP ᠲᠥᠷᠥᠯ ᠵᠦᠢᠯ ᠭᠡᠵᠦ ᠲᠣᠪᠴᠢᠯᠠᠨ᠎ᠠ)᠎ᠢ ᠬᠡᠷᠡᠭᠯᠡᠬᠦ ᠵᠢ ᠵᠣᠷᠢᠭᠵᠢᠭᠤᠯᠵᠤ᠂ ᠨᠡᠢ᠌ᠭᠡᠮ᠎ᠤᠨ ᠬᠥᠷᠥᠩᠭᠡ ᠵᠢ ᠲᠠᠲᠠᠵᠤ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ᠎ᠳᠤ ᠣᠷᠣᠯᠴᠠᠭᠤᠯᠤᠨ᠎ᠠ᠃
      ᠲᠠᠪᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠷᠬᠡᠪᠰᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠵᠢᠴᠢ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠶ᠃ ᠬᠣᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠶᠠᠪᠤᠭᠤᠯᠬᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠪᠠᠢ᠌ᠴᠠᠭ᠋ᠠᠯᠲᠠ ᠵᠢ ᠬᠦᠯᠢᠶᠡᠬᠦ ᠵᠢᠨ ᠬᠠᠮᠲᠤ ᠳᠡᠮᠵᠢᠯᠭᠡ ᠦᠵᠡᠭᠦᠯᠬᠦ ᠪᠠ ᠬᠠᠮᠵᠢᠯᠴᠠᠵᠤ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠶ᠃
      ᠵᠢᠷᠭᠤᠳᠤᠭ᠋ᠠᠷ   ᠵᠦᠢ᠍ᠯ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢᠨ ᠳᠦᠷᠢᠮ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠳᠦᠷᠢᠮ᠂ ᠪᠠᠷᠢᠯᠭ᠎ᠠ ᠵᠢᠨ ᠬᠢᠨᠠᠨ ᠬᠠᠮᠢᠶᠠᠷᠬᠤ ᠳᠦᠷᠢᠮ ᠪᠣᠯᠤᠨ ᠭᠡᠷ᠎ᠡ ᠵᠢᠨ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠲᠣᠭᠲᠠᠭ᠋ᠠᠯ᠎ᠳᠤ ᠨᠡᠢ᠌ᠴᠡᠬᠦ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠡᠷᠬᠢᠯᠡᠬᠦ ᠨᠢᠭᠡᠴᠢ ᠴᠥᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠲᠤ ᠣᠷᠣᠵᠤ ᠪᠣᠯᠤᠨ᠎ᠠ᠃
      ᠳᠣᠯᠣᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠬᠤ ᠶᠡᠷᠦᠩᠬᠡᠶ ᠪᠠᠢ᠌ᠷᠢᠯᠠᠭᠤᠯᠤᠯᠲᠠ ᠵᠢᠨ ᠶᠣᠰᠣᠭ᠋ᠠᠷ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ᠂ ᠵᠠᠮ ᠬᠠᠷᠢᠯᠴᠠᠭ᠋ᠠᠨ᠎ᠤ ᠠᠶᠤᠯᠭᠦᠢ ᠦᠢ᠍ᠯᠡᠳᠪᠦᠷᠢᠯᠡᠯ᠎ᠤᠨ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠪᠣᠬᠢᠷᠲᠤᠯ ᠦᠭᠡᠶ᠂ ᠠᠷᠪᠢᠲᠠᠶ ᠡᠷᠴᠢᠮᠯᠢᠭ ᠪᠠ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠣᠷᠢᠨ᠎ᠢ ᠬᠠᠮᠠᠭ᠋ᠠᠯᠠᠬᠤ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠢ ᠬᠡᠷᠡᠭᠯᠡᠨ᠂ ᠰᠣᠳᠣᠨ ᠪᠦᠲᠦᠭᠡᠯ ᠪᠠᠢ᠌ᠭᠤᠯᠬᠤ ᠪᠠ ᠨᠠᠷᠢᠯᠢᠭ ᠬᠠᠮᠢᠶᠠᠷᠬᠤ ᠵᠢ ᠲᠦᠯᠬᠢᠨ ᠠᠬᠢᠭᠤᠯᠬᠤ ᠬᠡᠷᠡᠭᠲᠡᠶ᠃
      ᠨᠠᠢᠮᠠᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠡᠷᠬᠡᠪᠰᠢ ᠪᠠᠷᠢᠯᠭ᠎ᠠ ᠵᠢᠨ ᠭᠡᠷ᠎ᠡ ᠪᠣᠯᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠭᠡᠷ᠎ᠡ ᠵᠢᠨ 《ᠬᠣᠣᠰ ᠭᠡᠷ᠎ᠡ ᠵᠢᠨ ᠳᠦᠷᠢᠮ》᠎ᠢ ᠬᠡᠷᠡᠭᠵᠢᠭᠦᠯᠬᠦ ᠬᠡᠷᠡᠭᠲᠡᠶ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠠᠷᠢᠭᠤᠨ ᠴᠢᠬᠡᠴᠢ᠎ᠪᠠᠷ ᠵᠠᠰᠠᠭ ᠪᠠᠷᠢᠬᠤ᠎ᠳᠤ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ᠎ᠳᠤ ᠬᠢᠨᠠᠯᠲᠠ ᠲᠠᠯᠪᠢᠬᠤ ᠡᠷᠬᠡ ᠲᠤᠰᠢᠶᠠᠯᠲᠤ ᠰᠠᠯᠠᠭ᠎ᠠ ᠮᠥᠴᠢᠷ᠎ᠢ ᠪᠠᠢ᠌ᠭᠤᠯᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠬᠡᠷᠡᠭᠲᠡᠶ᠃


      ᠬᠣᠶᠠᠳᠤᠭ᠋ᠠᠷ ᠪᠦᠯᠦᠭ   ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠬᠢᠭᠡᠳ ᠡᠷᠬᠡ ᠮᠡᠳᠡᠯ
      ᠶᠢᠰᠦᠳᠦᠭᠡᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠳᠤ᠄
      (ᠨᠢᠭᠡ) ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠴᠢᠭᠯᠡᠯᠲᠡ᠂ ᠲᠥᠷᠥ ᠵᠢᠨ ᠪᠣᠳᠣᠯᠭ᠎ᠠ ᠪᠣᠯᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠠᠯᠪᠠᠳᠠᠯᠭ᠎ᠠ ᠵᠢᠨ ᠴᠢᠨᠠᠷᠲᠠᠶ ᠮᠡᠷᠭᠡᠵᠢᠯ᠎ᠤᠨ ᠪᠠᠷᠢᠮᠵᠢᠶ᠎ᠠ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠨ᠎ᠠ;
     (ᠬᠣᠶᠠᠷ) ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠬᠤ ᠳᠡᠰ ᠳᠠᠷᠠᠭ᠋ᠠᠯᠠᠯ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ;
     (ᠭᠤᠷᠪᠠ) ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠳᠤ ᠬᠢᠨᠠᠯᠲᠠ ᠲᠠᠯᠪᠢᠨ᠎ᠠ;
     (ᠳᠥᠷᠪᠡ) ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ ᠪᠣᠯᠤᠨ ᠪᠠᠷᠢᠯᠭ᠎ᠠ ᠵᠢᠨ ᠠᠮᠤᠷ ᠲᠥᠪᠰᠢᠨ᠎ᠳᠤ ᠬᠢᠨᠠᠯᠲᠠ ᠲᠠᠯᠪᠢᠨ᠎ᠠ;
     (ᠲᠠᠪᠤ) ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠨ᠎ᠠ;
     (ᠵᠢᠷᠭᠤᠭ᠎ᠠ) ᠳᠣᠣᠷ᠎ᠠ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ ᠪᠠᠢ᠌ᠴᠠᠭ᠋ᠠᠨ᠎ᠠ;
     (ᠳᠣᠯᠣᠭ᠎ᠠ) ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃
      ᠠᠷᠪᠠᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠡᠷᠬᠡ ᠬᠠᠷᠢᠭᠤᠴᠠᠯᠭ᠎ᠠ ᠵᠢ ᠨᠢᠭᠡᠳᠦᠯᠲᠡᠶ ᠪᠠᠢ᠌ᠯᠭ᠋ᠠᠬᠤ ᠵᠠᠷᠴᠢᠮ᠎ᠤᠨ ᠶᠣᠰᠣᠭ᠋ᠠᠷ᠂ ᠨᠢᠭᠡᠳᠦᠯᠲᠡᠶ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠪᠦᠬᠦ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠭᠣᠣᠯᠯᠠᠨ ᠬᠠᠮᠢᠶᠠᠷᠴᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠬᠤ ᠬᠡᠷᠡᠭᠲᠡᠶ᠃
      ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢ᠍ᠯ᠎ᠳᠠᠬᠢ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ ᠵᠢᠴᠢ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠬᠡᠰᠡᠭ ᠴᠢᠬᠤᠯᠠ ᠶᠡᠬᠡ ᠲᠥᠷᠥᠯ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠠᠴᠠ ᠪᠡᠯᠡ ᠣᠷᠤᠭᠤᠯᠤᠭᠰᠠᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠤᠯᠤᠰ᠎ᠤᠨ ᠥᠮᠴᠢᠯᠡᠯᠲᠦ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠤᠨ ᠬᠡᠷᠡᠭᠵᠢᠭᠦᠯᠦᠭᠰᠡᠨ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠪᠠᠭᠲᠠᠭ᠋ᠠᠭ᠋ᠠᠳ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠭᠡᠵᠦ ᠨᠢᠭᠡᠳᠦᠯᠲᠡᠶ ᠨᠡᠷᠡᠢ᠌ᠳᠴᠦ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠪᠣᠳᠠᠲᠠᠶ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ; ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠂ ᠡᠩ᠎ᠤᠨ ᠤᠯᠤᠰ ᠮᠤᠵᠢ ᠵᠢᠨ ᠵᠠᠰᠠᠮᠠᠯ ᠵᠠᠮ᠎ᠢ ᠡᠯ᠎ᠡ ᠠᠢ᠌ᠮᠠᠭ ᠬᠣᠲᠠ᠎ᠠᠴᠠ ᠬᠠᠷᠢᠭᠤᠴᠠᠨ ᠪᠦᠲᠦᠭᠡᠨ ᠪᠠᠢ᠌ᠭᠤᠯᠬᠤ ᠪᠡᠯᠡ ᠮᠥᠩᠭᠥ ᠴᠤᠭᠯᠠᠭᠤᠯᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠪᠣᠳᠠᠲᠠᠶ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
      ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠲᠥᠷᠥᠯ ᠵᠦᠢᠯ᠎ᠤᠨ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠠᠷᠢᠭᠤᠴᠠᠨ ᠬᠢᠨᠠᠨ ᠬᠠᠮᠢᠶᠠᠷᠤᠨ᠎ᠠ᠃ ᠠᠢ᠌ᠮᠠᠭ ᠬᠣᠲᠠ ᠠᠯᠤᠰᠯᠠᠭᠰᠠᠨ ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠲᠥᠷᠥᠯ ᠵᠦᠢᠯ᠎ᠢ ᠣᠨᠴᠠ ᠵᠥᠪᠰᠢᠶᠡᠷᠡᠯ᠎ᠤᠨ ᠡᠵᠡᠩᠨᠡᠯᠲᠡ ᠵᠢᠨ ᠡᠷᠬᠡ ᠣᠯᠭᠣᠭᠰᠠᠨ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠠᠷᠢᠭᠤᠴᠠᠨ ᠬᠢᠨᠠᠨ ᠬᠠᠮᠢᠶᠠᠷᠤᠨ᠎ᠠ᠃


      ᠭᠤᠷᠪᠠᠳᠤᠭ᠋ᠠᠷ ᠪᠦᠯᠦᠭ   ᠪᠦᠲᠦᠭᠡᠨ ᠪᠠᠢ᠌ᠭᠤᠯᠬᠤ ᠳᠡᠰ ᠳᠠᠷᠠᠭ᠋ᠠᠯᠠᠯ᠎ᠤᠨ ᠬᠢᠨᠠᠯᠲᠠ ᠬᠠᠮᠢᠶᠠᠷᠤᠯᠲᠠ
      ᠠᠷᠪᠠᠨ ᠨᠢᠭᠡᠳᠦᠭᠡᠷ ᠵᠦᠢ᠍ᠯ   ᠵᠠᠰᠠᠮᠠᠯ ᠵᠡᠮ᠎ᠤᠨ ᠪᠦᠳᠦᠭᠡᠠ ᠪᠠᠢ᠌ᠭᠤᠯᠤᠯᠲᠠ ᠵᠢ ᠤᠯᠤᠰ᠎ᠠᠴᠠ ᠲᠣᠭᠲᠠᠭ᠋ᠠᠭᠰᠠᠨ ᠪᠦᠳᠦᠭᠡᠠ ᠪᠠᠢ᠌ᠭᠤᠯᠬᠤ ᠳᠡᠰ ᠳᠠᠷᠠᠭ᠋ᠠᠯᠠᠯ ᠪᠣᠯᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠬᠦ ᠬᠡᠷᠡᠭᠲᠡᠢ᠂ ᠪᠦᠳᠦᠭᠡᠠ ᠪᠠᠢ᠌ᠭᠤᠯᠬᠤ ᠳᠡᠰ ᠳᠠᠷᠠᠭ᠋ᠠᠯᠠᠯ᠎ᠢ ᠵᠥᠷᠢᠴᠡᠭᠰᠡᠨ ᠪᠤᠶᠤ ᠳᠤᠷ᠎ᠠ᠎ᠪᠠᠷ ᠵᠶ᠋ᠠᠨ ᠳᠥᠭᠥᠮᠴᠢᠯᠡᠵᠦ ᠪᠣᠯᠬᠤ ᠤᠢ᠍ᠭᠡᠢ᠃
      ᠠᠷᠪᠠᠨ ᠬᠣᠶᠠᠳᠤᠭ᠋ᠠᠷ ᠵᠦᠢ᠍ᠯ   ᠡᠮᠦᠨᠡᠬᠢ ᠬᠤᠭᠤᠴᠠᠭ᠋ᠠᠨ᠎ᠤ ᠬᠡᠰᠡᠭ ᠠᠵᠢᠯ᠎ᠢ ᠬᠠᠷᠢᠯᠴᠠᠨ ᠰᠣᠯᠪᠢᠴᠠᠭᠤᠯᠤᠨ ᠶᠠᠪᠤᠭᠳᠠᠭᠤᠯᠵᠤ ᠪᠣᠯᠤᠨ᠎ᠠ᠂ ᠪᠣᠯᠤᠮᠵᠢᠲᠤ ᠰᠤᠳᠤᠯᠤᠯ᠎ᠤᠨ ᠱᠠᠲᠤ ᠦᠶ᠎ᠡ ᠵᠢᠨ ᠲᠥᠰᠦᠯ᠎ᠢ ᠦᠨᠳᠦᠰᠦᠨ᠎ᠳᠤ᠎ᠪᠠᠨ ᠲᠣᠭᠲᠠᠭ᠋ᠠᠭᠰᠠᠨ ᠤᠷᠢᠲᠠᠯ ᠳᠣᠣᠷ᠎ᠠ᠂ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠠᠵᠢᠯ᠎ᠢ ᠤᠷᠢᠳᠴᠢᠯᠠᠨ ᠥᠷᠨᠢᠭᠦᠯᠵᠦ ᠪᠣᠯᠤᠨ᠎ᠠ; ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠵᠥᠪᠰᠢᠶᠡᠷᠡᠭᠰᠡᠨ᠎ᠤ ᠳᠠᠷᠠᠭ᠎ᠠ᠂ ᠭᠠᠵᠠᠷ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠬᠢᠵᠦ ᠪᠣᠯᠤᠨ᠎ᠠ᠃
      ᠠᠷᠪᠠᠨ ᠭᠤᠷᠪᠠᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠥᠷᠨᠢᠭᠦᠯᠬᠦ᠎ᠳᠤ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠲᠣᠭᠲᠠᠭ᠋ᠠᠬᠤ ᠪᠤᠶᠤ ᠵᠣᠬᠢᠶᠠᠨ ᠪᠠᠢ᠌ᠭᠤᠯᠵᠤ᠂ ᠡᠮᠦᠨᠡᠬᠢ ᠬᠤᠭᠤᠴᠠᠭ᠋ᠠᠨ᠎ᠤ ᠡᠯ᠎ᠡ ᠵᠦᠢ᠍ᠯ᠎ᠤᠨ ᠠᠵᠢᠯ᠎ᠳᠤ ᠤᠷᠢᠳᠴᠢᠯᠠᠨ ᠣᠷᠣᠯᠴᠠᠭᠤᠯᠬᠤ ᠬᠡᠷᠡᠭᠲᠡᠶ; PPP ᠵᠠᠭᠪᠤᠷ᠎ᠤᠨ ᠲᠥᠷᠥᠯ ᠵᠦᠢᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ ᠲᠤᠰᠬᠠᠶ ᠠᠩᠭᠢ ᠪᠠᠢ᠌ᠭᠤᠯᠵᠤ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠠᠴᠠ ᠲᠤᠰ ᠱᠠᠲᠤᠨ᠎ᠤ ᠤᠯᠤᠰ᠎ᠤᠨ ᠥᠮᠴᠢᠯᠡᠯᠲᠦ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠢ ᠲᠤᠰ ᠱᠠᠲᠤᠨ᠎ᠤ ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠪᠣᠯᠭ᠋ᠠᠬᠤ᠎ᠪᠠᠷ ᠲᠣᠭᠲᠠᠭ᠋ᠠᠵᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠨᠤᠭᠤᠳ ᠪᠡᠯᠡ ᠴᠤᠭᠯᠠᠭᠤᠯᠬᠤ ᠭᠣᠣᠯ ᠴᠣᠭᠴᠠ ᠵᠢᠨ ᠱᠠᠲᠤ ᠳᠠᠪᠬᠤᠷᠭ᠎ᠠ ᠵᠢ ᠦᠨᠳᠦᠰᠦᠯᠡᠨ ᠠᠳᠠᠯᠢ ᠱᠠᠲᠤᠨ᠎ᠤ ᠤᠯᠤᠰ᠎ᠤᠨ ᠥᠮᠴᠢᠯᠡᠯᠲᠦ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠢ ᠵᠠᠰᠠᠮᠠᠯ ᠵᠠᠮ᠎ᠤᠨ ᠪᠡᠯᠡ ᠣᠷᠣᠭᠤᠯᠤᠯᠲᠠ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠪᠣᠯᠭ᠋ᠠᠬᠤ᠎ᠪᠠᠷ ᠲᠣᠭᠲᠠᠭ᠋ᠠᠵᠤ ᠪᠣᠯᠤᠨ᠎ᠠ᠃
      ᠠᠷᠪᠠᠨ ᠲᠠᠪᠤᠳᠤᠭ᠋ᠠᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ᠎ᠳᠤ᠎ᠪᠠᠨ᠂ ᠥᠪᠡᠷ ᠵᠶ᠋ᠡᠨ ᠬᠠᠮᠢᠶᠠᠷᠬᠤ ᠵᠠᠭᠪᠤᠷ᠂ ᠬᠠᠯᠠᠨ ᠰᠠᠢ᠌ᠵᠢᠷᠠᠭᠤᠯᠤᠭᠰᠠᠨ ᠤᠯᠠᠮᠵᠢᠯᠠᠯᠲᠤ ᠵᠠᠭᠪᠤᠷ᠂ ᠣᠷᠣᠯᠠᠨ ᠪᠠᠢ᠌ᠭᠤᠯᠬᠤ ᠵᠠᠭᠪᠤᠷ ᠵᠡᠷᠭᠡ ᠵᠢ ᠪᠠᠭᠲᠠᠭ᠋ᠠᠭᠰᠠᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠵᠠᠭᠪᠤᠷ ᠵᠶ᠋ᠠᠨ ᠬᠠᠮᠲᠤ᠎ᠳᠤ᠎ᠨᠢ ᠮᠡᠳᠡᠭᠦᠯᠦᠨ ᠬᠦᠷᠭᠡᠬᠦ ᠬᠡᠷᠡᠭᠲᠡᠶ᠃ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠢ ᠴᠣᠬᠣᠯᠠᠪᠤᠷᠢᠯᠠᠬᠤ᠎ᠳᠤ᠎ᠪᠠᠨ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠵᠠᠭᠪᠤᠷ᠎ᠢ ᠲᠣᠳᠣᠷᠬᠠᠢ᠌ᠯᠠᠬᠤ ᠬᠡᠷᠡᠭᠲᠡᠶ᠃ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠲᠣᠭᠲᠠᠭᠰᠠᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠵᠣᠬᠢᠴᠠᠩᠭᠤᠶ ᠴᠢᠳᠠᠪᠤᠷᠢ ᠵᠢ ᠪᠦᠷᠢᠯᠳᠦᠭᠦᠯᠦᠭᠰᠡᠨ ᠥᠬᠡᠶ ᠪᠠᠢ᠌ᠪᠠᠯ᠂ ᠱᠠᠭ᠋ᠠᠷᠳᠠᠯᠭ᠎ᠠ᠎ᠳᠤ ᠨᠡᠢ᠌ᠴᠡᠭᠰᠡᠨ ᠣᠷᠣᠯᠠᠨ ᠪᠠᠢ᠌ᠭᠤᠯᠬᠤ ᠨᠢᠭᠡᠴᠢ ᠵᠢ ᠬᠠᠤᠯᠢ ᠶᠣᠰᠣᠭ᠋ᠠᠷ ᠲᠣᠭᠲᠠᠭ᠋ᠠᠵᠤ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠬᠢᠯᠭᠡᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢᠨ ᠪᠢᠴᠢᠭ ᠮᠠᠲᠸᠷᠢᠶᠠᠯ᠎ᠢ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
      ᠤᠯᠤᠰ᠎ᠠᠴᠠ ᠬᠢᠨᠠᠨ ᠵᠥᠪᠰᠢᠶᠡᠷᠡᠬᠦ ᠵᠢ ᠭᠠᠷᠭ᠋ᠠᠪᠠᠯ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠵᠢᠷᠤᠭ ᠲᠥᠯᠥᠪᠯᠡᠭᠡ ᠵᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠢᠨᠠᠨ ᠵᠥᠪᠰᠢᠶᠡᠷᠡᠨ᠎ᠡ᠃
      ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ ᠵᠢᠴᠢ ᠡᠩ᠎ᠤᠨ ᠤᠯᠤᠰ ᠮᠤᠵᠢ ᠵᠢᠨ ᠵᠠᠮ᠎ᠤᠨ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠢᠨᠠᠨ ᠵᠥᠪᠰᠢᠶᠡᠷᠡᠵᠦ᠂ ᠪᠠᠷᠢᠯᠭ᠎ᠠ ᠵᠢᠨ ᠠᠵᠢᠯ᠎ᠤᠨ ᠵᠢᠷᠤᠭ ᠲᠥᠯᠥᠪᠯᠡᠭᠡ ᠵᠢ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠢᠨᠠᠨ        ᠵᠥᠪᠰᠢᠶᠡᠷᠡᠨ᠎ᠡ᠃
      ᠪᠤᠰᠤᠳ ᠡᠩ᠎ᠤᠨ ᠤᠯᠤᠰ ᠮᠤᠵᠢ ᠵᠢᠨ ᠵᠠᠮ᠎ᠤᠨ ᠲᠥᠷᠥᠯ ᠵᠦᠢ᠍ᠯ᠂ ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠴᠥᠮ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠢᠨᠠᠨ ᠵᠥᠪᠰᠢᠶᠡᠷᠡᠵᠦ᠂ ᠠᠢ᠌ᠮᠠᠭ ᠬᠣᠲᠠ ᠠᠯᠤᠰᠯᠠᠭᠰᠠᠨ ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠣᠨᠴᠠ ᠵᠥᠪᠰᠢᠶᠡᠷᠡᠯ᠎ᠤᠨ ᠡᠵᠡᠩᠨᠡᠯᠲᠡ ᠵᠢᠨ ᠡᠷᠬᠡ ᠣᠯᠭᠣᠭᠰᠠᠨ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠢᠨᠠᠨ ᠵᠥᠪᠰᠢᠶᠡᠷᠡᠨ᠎ᠡ᠃
      ᠠᠷᠪᠠᠨ ᠳᠣᠯᠣᠳᠤᠭ᠋ᠠᠷ ᠵᠦᠢ᠍ᠯ   ᠵᠠᠰᠠᠮᠠᠯ ᠵᠠᠮ᠎ᠤᠨ ᠪᠠᠷᠢᠯᠭ᠎ᠠ ᠵᠢᠨ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠵᠢᠨ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ᠎ᠳᠤ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠶ᠃ ᠨᠢᠭᠡᠨᠲᠡ ᠵᠥᠪᠰᠢᠶᠡᠷᠡᠭᠦᠯᠦᠭᠰᠡᠨ ᠵᠠᠰᠠᠮᠠᠯ ᠵᠠᠮ᠎ᠤᠨ ᠪᠠᠷᠢᠯᠭ᠎ᠠ ᠵᠢᠨ ᠵᠢᠷᠤᠭ ᠲᠥᠯᠥᠪᠯᠡᠭᠡ ᠵᠢ ᠦᠨᠡᠨ ᠬᠦ᠌ ᠬᠤᠪᠢᠷᠠᠭᠤᠯᠬᠤ ᠴᠢᠬᠤᠯᠠᠲᠠᠶ ᠪᠠᠢ᠌ᠪᠠᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠂ ᠡᠭᠦᠨ᠎ᠳᠤ ᠴᠢᠬᠤᠯᠠ ᠶᠡᠬᠡ ᠵᠢᠷᠤᠭ ᠲᠥᠯᠥᠪᠯᠡᠭᠡ ᠵᠢ ᠬᠤᠪᠢᠷᠠᠭᠤᠯᠬᠤ᠎ᠳᠤ᠎ᠪᠠᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ ᠨᠢᠭᠡᠴᠢ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠨᠡᠯᠢᠶᠡᠳ ᠶᠡᠬᠡ ᠵᠢᠷᠤᠭ ᠲᠥᠯᠥᠪᠯᠡᠭᠡ ᠵᠢ ᠬᠤᠪᠢᠷᠠᠭᠤᠯᠬᠤ᠎ᠳᠤ᠎ᠪᠠᠨ ᠪᠠᠷᠢᠯᠭ᠎ᠠ ᠵᠢᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ ᠨᠢᠭᠡᠴᠢ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠡᠩ᠎ᠤᠨ ᠵᠢᠷᠤᠭ ᠲᠥᠯᠥᠪᠯᠡᠭᠡ ᠵᠢ ᠬᠤᠪᠢᠷᠠᠭᠤᠯᠬᠤ᠎ᠳᠤ᠎ᠪᠠᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠠᠴᠠ ᠬᠢᠨᠠᠨ ᠵᠥᠪᠰᠢᠶᠡᠷᠡᠨ᠎ᠡ᠃
      ᠠᠷᠪᠠᠨ ᠨᠠᠢᠮᠠᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠪᠠᠷᠢᠯᠭ᠎ᠠ ᠪᠠᠷᠢᠬᠤ ᠵᠥᠪᠰᠢᠶᠡᠷᠡᠯ᠎ᠤᠨ ᠳᠦᠷᠢᠮ᠎ᠢ ᠬᠠᠤᠯᠢ ᠶᠣᠰᠣᠭ᠋ᠠᠷ ᠬᠡᠷᠡᠭᠵᠢᠭᠦᠯᠦᠨ᠎ᠡ᠃ ᠪᠠᠷᠢᠯᠭ᠎ᠠ ᠪᠠᠷᠢᠬᠤ ᠵᠥᠪᠰᠢᠶᠡᠷᠡᠯ᠎ᠢ ᠪᠣᠳᠠᠲᠠᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠵᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠪᠠᠷᠢᠬᠤ ᠵᠥᠪᠰᠢᠶᠡᠷᠡᠯ᠎ᠢ ᠭᠦᠢᠴᠡᠳᠬᠡᠬᠦ᠎ᠳᠤ᠎ᠪᠠᠨ ᠮᠠᠲ᠋ᠧᠷᠢᠶᠠᠯ᠎ᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ ᠵᠡᠷᠭᠡ ᠠᠷᠭ᠎ᠠ ᠮᠠᠶᠢᠭ᠎ᠢ ᠠᠪᠴᠤ᠂ ᠪᠠᠷᠢᠯᠭ᠎ᠠ ᠪᠠᠷᠢᠬᠤ ᠵᠥᠪᠰᠢᠶᠡᠷᠡᠯ᠎ᠤᠨ ᠭᠦᠢᠴᠡᠳᠬᠡᠬᠦ ᠴᠤᠪᠤᠷᠠᠯ᠎ᠢ ᠰᠢᠯᠢᠳᠡᠭᠵᠢᠭᠦᠯᠦᠨ᠎ᠡ᠃
      ᠠᠷᠪᠠ ᠶᠢᠰᠦᠳᠦᠭᠡᠷ ᠵᠦᠢᠯ   ᠲᠥᠷᠥᠯ ᠵᠦᠢᠯ ᠳᠠᠭᠤᠰᠤᠭᠰᠠᠨ᠎ᠤ ᠳᠠᠷᠠᠭ᠎ᠠ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠪᠠᠷᠢᠯᠭ᠎ᠠ ᠲᠤᠰᠢᠶᠠᠵᠤ ᠰᠢᠯᠭ᠋ᠠᠨ ᠠᠪᠬᠤ ᠵᠢ ᠴᠠᠭ ᠲᠤᠬᠠᠶ᠎ᠳᠤ᠎ᠨᠢ ᠵᠣᠬᠢᠶᠠᠨ ᠪᠠᠢ᠌ᠭᠤᠯᠵᠤ᠂ ᠲᠤᠰᠢᠶᠠᠨ ᠥᠭᠴᠦ ᠬᠡᠷᠡᠭᠯᠡᠭᠦᠯᠬᠦ ᠭᠡᠵᠦ ᠪᠠᠢ᠌ᠪᠠᠯ᠂ ᠡᠵᠡᠩᠨᠡᠯᠲᠡ᠂ ᠠᠷᠠᠴᠢᠯᠠᠯᠲᠠ ᠬᠠᠮᠢᠶᠠᠷᠤᠯᠲᠠ ᠵᠢᠨ ᠨᠢᠭᠡᠴᠢ ᠵᠢ ᠤᠷᠢᠨ ᠣᠷᠣᠯᠴᠠᠭᠤᠯᠬᠤ ᠬᠡᠷᠡᠭᠲᠡᠶ᠃ ᠪᠠᠷᠢᠯᠭ᠎ᠠ ᠲᠤᠰᠢᠶᠠᠵᠤ ᠰᠢᠯᠭ᠋ᠠᠨ ᠠᠪᠬᠤ ᠵᠢ ᠥᠩᠭᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠠᠴᠠ ᠪᠠᠷᠢᠯᠭ᠎ᠠ ᠲᠤᠰᠢᠶᠠᠵᠤ ᠰᠢᠯᠭ᠋ᠠᠨ ᠠᠪᠤᠭᠰᠠᠨ ᠮᠡᠳᠡᠭᠦᠯᠦᠯᠲᠡ᠎ᠪᠠᠨ ᠪᠣᠳᠠᠲᠠᠶ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ 15 ᠡᠳᠦᠷ᠎ᠤᠨ ᠳᠣᠲᠣᠷ᠎ᠠ ᠳᠠᠩᠰᠠᠯᠠᠭᠤᠯᠤᠭᠰᠠᠨ ᠲᠥᠷᠥᠯ ᠵᠦᠢᠯ᠎ᠤᠨ ᠪᠠᠷᠢᠯᠭ᠎ᠠ ᠲᠤᠰᠢᠶᠠᠵᠤ ᠰᠢᠯᠭ᠋ᠠᠨ ᠠᠪᠬᠤ ᠮᠡᠳᠡᠭᠦᠯᠦᠯᠲᠡ᠎ᠳᠤ ᠣᠨᠳᠣᠤ ᠰᠠᠨᠠᠯ ᠳᠤᠷᠠᠳᠤᠭᠰᠠᠨ ᠥᠬᠡᠶ ᠪᠠᠢ᠌ᠪᠠᠯ᠂ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠵᠠᠮ ᠬᠠᠷᠢᠯᠴᠠᠭ᠎ᠠ ᠵᠢ ᠴᠢᠯᠥᠭᠡᠲᠡᠶ ᠨᠡᠭᠡᠭᠡᠵᠦ ᠲᠤᠷᠰᠢᠨ ᠡᠵᠡᠩᠨᠡᠬᠦ ᠬᠤᠭᠤᠴᠠᠭ᠋ᠠᠨ᠎ᠳᠤ ᠣᠷᠤᠭᠤᠯᠵᠤ ᠪᠣᠯᠤᠨ᠎ᠠ᠂ ᠲᠤᠷᠰᠢᠨ ᠡᠵᠡᠩᠨᠡᠬᠦ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠥᠬᠡᠶ᠃ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢᠯ᠎ᠤᠨ ᠪᠠᠷᠢᠯᠭ᠎ᠠ ᠳᠠᠭᠤᠰᠴᠤ (ᠲᠤᠰᠢᠶᠠᠵᠤ) ᠰᠢᠯᠭ᠋ᠠᠨ ᠠᠪᠬᠤ᠎ᠳᠤ ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠢ ᠣᠷᠣᠯᠴᠠᠭᠤᠯᠬᠤ ᠬᠡᠷᠡᠭᠲᠡᠶ᠃ ᠪᠠᠷᠢᠯᠭ᠎ᠠ ᠲᠤᠰᠢᠶᠠᠵᠤ ᠰᠢᠯᠭ᠋ᠠᠨ ᠠᠪᠬᠤ ᠵᠢ ᠳᠠᠮᠵᠢᠭᠰᠠᠨ ᠥᠬᠡᠶ᠂ ᠪᠠᠷᠢᠯᠭ᠎ᠠ ᠲᠤᠰᠢᠶᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠥᠬᠡᠶ ᠪᠤᠶᠤ ᠳᠠᠩᠰᠠᠯᠠᠭᠤᠯᠤᠭᠰᠠᠨ ᠥᠬᠡᠶ ᠪᠠᠷᠢᠯᠭ᠎ᠠ ᠵᠢ ᠲᠤᠷᠰᠢᠨ ᠡᠵᠡᠩᠨᠡᠯᠲᠡ᠎ᠳᠤ ᠣᠷᠣᠭᠤᠯᠵᠤ ᠪᠣᠯᠬᠤ ᠥᠬᠡᠶ᠃
      ᠬᠣᠷᠢᠳᠤᠭ᠋ᠠᠷ ᠵᠦᠢ᠍ᠯ   ᠲᠥᠷᠥᠯ ᠵᠦᠢ᠍ᠯ᠎ᠨᠢ ᠠᠵᠢᠯ ᠲᠤᠰᠢᠶᠠᠵᠤ ᠰᠢᠯᠭ᠋ᠠᠨ ᠠᠪᠬᠤ ᠵᠢ ᠥᠩᠭᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠱᠠᠭ᠋ᠠᠷᠳᠠᠯᠭ᠎ᠠ ᠶᠣᠰᠣᠭ᠋ᠠᠷ ᠪᠠᠷᠢᠯᠭ᠎ᠠ ᠳᠠᠭᠤᠰᠤᠭᠰᠠᠨ ᠲᠥᠰᠦᠪ᠎ᠤᠨ ᠭᠦᠢ᠍ᠴᠡᠳᠬᠡᠯ ᠵᠢᠴᠢ ᠬᠢᠨᠠᠨ ᠪᠣᠳᠣᠬᠤ᠂ ᠪᠠᠷᠢᠯᠭ᠎ᠠ ᠵᠢᠨ ᠶᠠᠰᠤ ᠴᠢᠨᠠᠷ᠎ᠢ ᠬᠢᠨᠠᠨ ᠲᠣᠭᠲᠠᠭ᠋ᠠᠬᠤ ᠠᠵᠢᠯ᠎ᠢ ᠴᠠᠭ ᠲᠤᠬᠠᠶ᠎ᠳᠤ᠎ᠨᠢ ᠪᠡᠶᠡᠯᠡᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠳᠠᠩᠰᠠ ᠡᠪᠬᠡᠮᠡᠯ ᠵᠡᠷᠭᠡ ᠳᠠᠩ ᠵᠦᠢ᠍ᠯ᠎ᠤᠨ ᠰᠢᠯᠭ᠋ᠠᠨ ᠠᠪᠬᠤ ᠠᠵᠢᠯ᠎ᠢ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠲᠠᠭᠤᠰᠬᠠᠵᠤ ᠰᠢᠯᠭ᠋ᠠᠨ ᠠᠪᠬᠤ ᠨᠥᠬᠥᠴᠡᠯ᠎ᠢ ᠪᠦᠷᠢᠯᠳᠦᠭᠦᠯᠪᠡᠯ ᠪᠠᠷᠢᠯᠭ᠎ᠠ ᠳᠠᠭᠤᠰᠬᠠᠵᠤ ᠰᠢᠯᠭ᠋ᠠᠨ ᠠᠪᠬᠤ᠎ᠪᠠᠷ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠰᠢᠯᠭ᠋ᠠᠨ ᠠᠪᠬᠤ᠎ᠠᠴᠠ ᠭᠠᠳᠠᠨ᠎ᠠ᠂ ᠪᠤᠰᠤᠳ ᠲᠦᠷᠦᠯ ᠵᠦᠢ᠍ᠯ᠎ᠢ ᠪᠣᠳᠠᠲᠠᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠷᠢᠯᠭ᠎ᠠ ᠳᠠᠭᠤᠰᠬᠠᠵᠤ ᠰᠢᠯᠭ᠋ᠠᠨ ᠠᠪᠬᠤ ᠵᠢ ᠵᠣᠬᠢᠶᠠᠨ ᠪᠠᠢ᠌ᠭᠤᠯᠤᠨ᠎ᠠ᠃


      ᠳᠥᠷᠪᠡᠳᠦᠭᠡᠷ ᠪᠦᠯᠦᠭ   ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ
      ᠬᠣᠷᠢᠨ ᠨᠢᠭᠡᠳᠦᠭᠡᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠲᠥᠷᠥᠯ ᠵᠦᠢ᠍ᠯ᠎ᠤᠨ ᠣᠨᠴᠠᠯᠢᠭ ᠶᠣᠰᠣᠭ᠋ᠠᠷ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ᠂ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠢᠷᠢ ᠬᠡᠮ᠎ᠢ ᠪᠣᠳᠠᠲᠠᠶ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠬᠤ ᠬᠡᠷᠡᠭᠲᠡᠶ᠃ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ᠂ ᠲᠥᠷᠥᠯ ᠵᠦᠢᠯ᠎ᠤᠨ ᠲᠤᠬᠠᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠢᠷᠢ ᠬᠡᠮ᠎ᠤᠨ ᠬᠢᠨᠠᠨ ᠬᠠᠷᠭᠤᠭᠤᠯᠵᠤ ᠳᠠᠩᠰᠠᠯᠠᠭᠤᠯᠬᠤ ᠵᠢ ᠪᠡᠶᠡᠯᠡᠭᠦᠯᠵᠦ᠂ PPP ᠲᠥᠷᠥᠯ ᠵᠦᠢᠯ᠎ᠢ ᠪᠠᠯᠠ ᠣᠷᠣᠭᠤᠯᠤᠭᠴᠢ ᠵᠢ ᠲᠣᠭᠲᠠᠭ᠋ᠠᠭᠰᠠᠨ᠎ᠤ ᠳᠠᠷᠠᠭ᠎ᠠ ᠲᠡᠷᠡᠴᠢᠯᠡᠨ ᠠᠵᠢᠯ ᠡᠬᠢᠯᠡᠭᠦᠯᠬᠦ᠎ᠠᠴᠠ ᠡᠮᠦᠨ᠎ᠡ ᠬᠢᠨᠠᠨ ᠬᠠᠷᠭᠤᠭᠤᠯᠵᠤ ᠳᠠᠩᠰᠠᠯᠠᠭᠤᠯᠬᠤ ᠵᠢ ᠪᠡᠶᠡᠯᠡᠭᠦᠯᠵᠦ ᠪᠣᠯᠤᠨ᠎ᠠ᠃
      ᠬᠣᠷᠢᠨ ᠬᠣᠶᠠᠳᠤᠭ᠋ᠠᠷ ᠵᠦᠢ᠍ᠯ   ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠲᠥᠯᠥᠪᠯᠡᠭᠡ᠂ ᠭᠡᠷ᠎ᠡ᠂ ᠮᠡᠷᠭᠡᠵᠢᠯ᠂ ᠶᠠᠰᠤ ᠴᠢᠨᠠᠷ᠂ ᠠᠮᠤᠷ ᠲᠦᠪᠰᠢᠨ᠂ ᠡᠳ᠋᠎ᠤᠨ ᠶᠠᠪᠤᠳᠠᠯ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠡᠷᠭᠡ ᠡᠷᠬᠡ ᠲᠤᠰᠢᠶᠠᠯ᠎ᠲᠠᠢ ᠰᠠᠯᠠᠭ᠎ᠠ ᠮᠥᠴᠢᠷ ᠪᠠᠢ᠌ᠷᠢᠯᠠᠭᠤᠯᠵᠤ᠂ ᠠᠵᠢᠯᠲᠠᠨ᠎ᠨᠢ ᠳᠣᠣᠷᠠᠬᠢ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠄
      ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ ᠪᠤᠶᠤ ᠲᠤᠰᠠᠭ᠋ᠠᠷ ᠣᠨᠴᠠ ᠶᠡᠬᠡ ᠬᠡᠯᠪᠡᠷᠢ ᠵᠢᠨ ᠬᠥᠭᠥᠷᠭᠡ᠂ ᠨᠦᠬᠡᠨ ᠵᠠᠮ᠎ᠤᠨ ᠲᠥᠷᠥᠯ ᠵᠦᠢᠯ ᠵᠢᠨ ᠪᠠᠷᠢᠯᠭ᠎ᠠ ᠵᠢᠨ ᠮᠡᠷᠭᠡᠵᠢᠯ᠎ᠤᠨ ᠠᠵᠢᠯᠲᠠᠨ᠎ᠨᠢ ᠬᠠᠮᠢᠶᠠᠷᠤᠯᠲᠠ ᠵᠢᠨ ᠠᠵᠢᠯᠲᠠᠨ᠎ᠤ ᠶᠡᠷᠦᠩᠬᠡᠶ ᠲᠣᠭ᠋ᠠᠨ᠎ᠤ 65%᠎ᠠᠴᠠ ᠪᠠᠭ᠎ᠠ ᠪᠠᠢ᠌ᠵᠤ ᠪᠣᠯᠬᠤ ᠥᠬᠡᠶ᠂ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠴᠣᠯᠠ᠎ᠲᠠᠢ ᠬᠥᠮᠦᠰ᠎ᠨᠢ ᠪᠠᠷᠢᠯᠭ᠎ᠠ ᠵᠢᠨ ᠮᠡᠷᠭᠡᠵᠢᠯ᠎ᠤᠨ ᠠᠵᠢᠯᠲᠠᠨ᠎ᠤ ᠶᠡᠷᠦᠩᠬᠡᠶ ᠲᠣᠭ᠋ᠠᠨ᠎ᠤ 70%᠎ᠠᠴᠠ ᠳᠡᠭᠡᠭᠰᠢᠬᠢ ᠵᠢ ᠡᠵᠡᠯᠡᠵᠦ᠂ ᠪᠠᠷᠢᠯᠭ᠎ᠠ ᠵᠢᠨ ᠲᠤᠬᠠᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠨᠢ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ᠂ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠴᠣᠯᠠ᠎ᠲᠠᠢ ᠪᠠᠢ᠌ᠬᠤ ᠬᠡᠷᠡᠭᠲᠡᠢ᠂ 2 ᠵᠢᠴᠢ ᠲᠡᠭᠦᠨ᠎ᠠᠴᠠ ᠳᠡᠭᠡᠭᠰᠢᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠢ ᠪᠥᠲᠥᠭᠡᠨ ᠪᠠᠢ᠌ᠭᠤᠯᠵᠤ ᠬᠠᠮᠢᠶᠠᠷᠤᠭᠰᠠᠨ ᠥᠩᠭᠡᠷᠡᠯᠲᠡ᠎ᠲᠠᠢ᠂ ᠡᠳ᠋᠎ᠤᠨ ᠶᠠᠪᠤᠳᠠᠯ᠎ᠤᠨ ᠬᠠᠷᠢᠭᠤᠴᠠᠯᠭ᠋ᠠᠲᠠᠨ᠎ᠨᠢ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠪᠠᠢ᠌ᠬᠤ ᠬᠡᠷᠡᠭᠲᠡᠶ ᠪᠥᠭᠡᠳ 1 ᠵᠢᠴᠢ ᠲᠡᠭᠦᠨ᠎ᠠᠴᠠ ᠳᠡᠭᠡᠭᠰᠢᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠢ ᠬᠠᠮᠢᠶᠠᠷᠤᠭᠰᠠᠨ ᠥᠩᠭᠡᠷᠡᠯᠲᠡ᠎ᠲᠠᠢ ᠪᠠᠢ᠌ᠬᠤ ᠬᠡᠷᠡᠭᠲᠡᠶ; ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠨᠢ ᠵᠣᠬᠢᠬᠤ ᠠᠵᠢᠯ᠎ᠤᠨ ᠪᠠᠢ᠌ᠷᠢ ᠵᠢᠨ ᠲᠤᠰᠬᠠᠶ ᠮᠡᠷᠭᠡᠵᠢᠯ ᠪᠠ ᠲᠤᠰᠢᠶᠠᠯ ᠬᠠᠷᠢᠭᠤᠴᠠᠬᠤ ᠬᠢᠷᠢ ᠬᠡᠮ᠎ᠢ ᠪᠦᠷᠢᠯᠳᠦᠭᠦᠯᠦᠭᠰᠡᠨ ᠪᠠᠢ᠌ᠬᠤ ᠵᠢᠨ ᠬᠠᠮᠲᠤ᠂ 1 ᠲᠥᠷᠥᠯ ᠵᠢᠴᠢ ᠲᠡᠭᠦᠨ᠎ᠠᠴᠠ ᠳᠡᠭᠡᠭᠰᠢᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠥᠩᠭᠡᠷᠡᠯᠲᠡ᠎ᠲᠠᠢ ᠪᠠᠢ᠌ᠬᠤ ᠬᠡᠷᠡᠭᠲᠡᠶ;
      ᠪᠤᠰᠤᠳ ᠵᠡᠷᠭᠡ ᠳᠡᠰ᠎ᠤᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠲᠤᠬᠠᠶ ᠵᠢᠨ ᠭᠠᠵᠠᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠪᠠᠷᠢᠯᠭ᠎ᠠ ᠵᠢᠨ ᠮᠡᠷᠭᠡᠵᠢᠯ᠎ᠤᠨ ᠠᠵᠢᠯᠲᠠᠨ᠎ᠨᠢ ᠬᠠᠮᠢᠶᠠᠷᠤᠯᠲᠠ ᠵᠢᠨ ᠠᠵᠢᠯᠲᠠᠨ᠎ᠤ ᠶᠡᠷᠦᠩᠬᠡᠶ ᠲᠣᠭ᠋ᠠᠨ᠎ᠤ 55%᠎ᠠᠴᠠ ᠪᠠᠭ᠎ᠠ ᠪᠠᠢ᠌ᠵᠤ ᠪᠣᠯᠬᠤ ᠥᠬᠡᠶ᠂ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠴᠣᠯᠠ᠎ᠲᠠᠢ ᠬᠥᠮᠦᠰ᠎ᠢ ᠪᠠᠷᠢᠯᠭ᠎ᠠ ᠵᠢᠨ ᠮᠡᠷᠭᠡᠵᠢᠯ᠎ᠤᠨ ᠠᠵᠢᠯᠲᠠᠨ᠎ᠤ ᠶᠡᠷᠦᠩᠬᠡᠶ ᠲᠣᠭ᠋ᠠᠨ᠎ᠤ 60%᠎ᠠᠴᠠ ᠳᠡᠭᠡᠭᠰᠢᠬᠢ ᠵᠢ ᠡᠵᠡᠯᠡᠭᠦᠯᠵᠦ᠂ ᠪᠠᠷᠢᠯᠭ᠎ᠠ ᠵᠢᠨ ᠲᠤᠬᠠᠶ ᠵᠢᠨ ᠲᠠᠯᠠᠪᠠᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠮᠡᠷᠭᠡᠵᠢᠯ᠎ᠤᠨ ᠬᠠᠷᠢᠭᠤᠴᠠᠯᠭ᠋ᠠᠲᠠᠨ᠂ ᠡᠳ᠋᠎ᠤᠨ ᠶᠠᠪᠤᠳᠠᠯ᠎ᠤᠨ ᠬᠠᠷᠢᠭᠤᠴᠠᠯᠭ᠋ᠠᠲᠠᠨ᠎ᠨᠢ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠴᠣᠯᠠ᠎ᠲᠠᠢ ᠪᠠᠢ᠌ᠬᠤ ᠵᠢᠨ ᠬᠠᠮᠲᠤ 1 ᠵᠢᠴᠢ ᠲᠡᠭᠦᠨ᠎ᠠᠴᠠ ᠳᠡᠭᠡᠭᠰᠢᠬᠢ ᠵᠣᠬᠢᠴᠠᠩᠭᠤᠶ ᠵᠡᠷᠭᠡ ᠳᠡᠰ᠎ᠤᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠥᠩᠭᠡᠷᠡᠯᠲᠡ᠎ᠲᠠᠢ ᠪᠠᠢ᠌ᠬᠤ ᠬᠡᠷᠡᠭᠲᠡᠶ; ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠨᠢ ᠵᠣᠬᠢᠬᠤ ᠠᠵᠢᠯ᠎ᠤᠨ ᠪᠠᠢ᠌ᠷᠢ ᠵᠢᠨ ᠲᠤᠰᠬᠠᠶ ᠮᠡᠷᠭᠡᠵᠢᠯ ᠪᠠ ᠲᠤᠰᠢᠶᠠᠯ ᠬᠠᠷᠢᠭᠤᠴᠠᠬᠤ ᠬᠢᠷᠢ ᠬᠡᠮ᠎ᠢ ᠪᠦᠷᠢᠯᠳᠦᠭᠦᠯᠦᠭᠰᠡᠨ ᠪᠠᠢ᠌ᠬᠤ ᠵᠢᠨ ᠬᠠᠮᠲᠤ᠂ 1 ᠲᠥᠷᠥᠯ ᠵᠢᠴᠢ ᠲᠡᠭᠦᠨ᠎ᠠᠴᠠ ᠳᠡᠭᠡᠭᠰᠢᠬᠢ ᠵᠣᠬᠢᠬᠤ ᠲᠠᠰ᠎ᠤᠨ ᠵᠠᠰᠠᠮᠠᠯ ᠵᠠᠮ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠥᠩᠭᠡᠷᠡᠯᠲᠡ᠎ᠲᠠᠢ ᠪᠠᠢ᠌ᠬᠤ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠡᠷᠬᠡᠪᠰᠢ ᠳᠠᠭ᠋ᠠᠭ᠋ᠠᠴᠢᠯᠠᠯᠲᠠ ᠵᠠᠷᠯᠠᠬᠤ ᠬᠡᠪᠴᠢᠶᠡᠨ᠎ᠤ ᠪᠠᠷᠢᠮᠵᠢᠶ᠎ᠠ᠎ᠳᠤ ᠬᠦᠷᠦᠭᠰᠡᠨ ᠪᠦᠬᠦᠨ᠎ᠨᠢ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠥᠷᠥᠯ ᠵᠦᠢ᠍ᠯ᠎ᠢ ᠬᠢᠨᠠᠨ ᠴᠣᠬᠤᠯᠠᠪᠤᠷᠢᠯᠠᠬᠤ (ᠬᠢᠨᠠᠨ ᠵᠥᠪᠰᠢᠶᠡᠷᠡᠬᠦ) ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠳᠠᠭ᠋ᠠᠭ᠋ᠠᠴᠢᠯᠠᠯᠲᠠ ᠵᠠᠷᠯᠠᠬᠤ ᠬᠡᠪᠴᠢᠶ᠎ᠡ᠂ ᠠᠷᠭ᠎ᠠ ᠮᠠᠶᠢᠭ ᠪᠣᠯᠤᠨ ᠵᠣᠬᠢᠶᠠᠨ ᠪᠠᠢ᠌ᠭᠤᠯᠤᠯᠲᠠ ᠵᠢᠨ ᠬᠡᠯᠪᠡᠷᠢ ᠶᠣᠰᠣᠭ᠋ᠠᠷ᠂ ᠳᠠᠭ᠋ᠠᠭ᠋ᠠᠴᠢᠯᠠᠯᠲᠠ ᠵᠠᠷᠯᠠᠬᠤ᠎ᠪᠠᠷ ᠳᠠᠮᠵᠢᠭᠤᠯᠤᠨ ᠬᠠᠮᠢᠶ᠎ᠠ ᠪᠦᠬᠦᠢ ᠨᠢᠭᠡᠴᠢ ᠵᠢ ᠲᠣᠭᠲᠠᠭ᠋ᠠᠬᠤ ᠬᠡᠷᠡᠭᠲᠡᠶ᠃
      ᠬᠣᠷᠢᠨ ᠳᠥᠷᠪᠡᠳᠦᠭᠡᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠴᠠᠯᠢᠩ᠎ᠤᠨ 《ᠨᠢᠭᠡ ᠮᠥᠩᠭᠥ ᠭᠤᠷᠪᠠᠨ ᠳᠦᠷᠢᠮ》᠎ᠤᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠂ ᠲᠤᠬᠠᠢ᠌ᠯᠠᠪᠠᠯ ᠴᠠᠯᠢᠩ᠎ᠤᠨ ᠪᠠᠲᠤᠯᠠᠭ᠋ᠠᠲᠤ ᠮᠥᠩᠭᠥ ᠬᠢᠭᠡᠳ ᠴᠠᠯᠢᠩ ᠪᠠᠷᠢᠯᠭ᠎ᠠ ᠵᠢᠨ ᠵᠣᠭᠣᠰ᠎ᠢ ᠠᠰ᠎ᠲᠤ᠎ᠨᠢ ᠳᠠᠩᠰᠠ ᠪᠠᠢ᠌ᠭᠤᠯᠬᠤ ᠳᠦᠷᠢᠮ᠂ ᠦᠨᠡᠨ ᠨᠡᠷ᠎ᠡ ᠵᠢᠨ ᠳᠦᠷᠢᠮ᠂ ᠪᠠᠩᠬᠢ᠎ᠠᠴᠠ ᠣᠷᠣᠯᠠᠨ ᠲᠠᠷᠬᠠᠭ᠋ᠠᠬᠤ ᠳᠦᠷᠢᠮ᠎ᠢ ᠬᠡᠷᠡᠭᠵᠢᠭᠦᠯᠵᠦ᠂ ᠠᠵᠢᠯᠴᠢᠨ ᠬᠡᠷᠡᠭᠯᠡᠬᠦ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠯᠤᠭ᠎ᠠ ᠵᠢᠨ ᠬᠥᠳᠡᠯᠮᠦᠷᠢ ᠵᠢᠨ ᠭᠡᠷ᠎ᠡ ᠵᠢᠨ ᠬᠠᠮᠢᠶᠠᠷᠤᠯᠲᠠ ᠵᠢ ᠴᠢᠩᠳᠠᠯᠠᠵᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠵᠢᠴᠢ ᠡᠯ᠎ᠡ ᠵᠦᠢ᠍ᠯ᠎ᠤᠨ ᠬᠥᠳᠡᠯᠮᠦᠷᠢ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠲᠠᠯᠠᠪᠤᠷ᠎ᠲᠤ ᠣᠷᠣᠵᠤ ᠪᠠᠷᠢᠯᠭ᠎ᠠ ᠵᠢᠨ ᠠᠵᠢᠯ ᠬᠢᠭᠰᠡᠳ᠎ᠲᠤ ᠮᠡᠷᠭᠡᠵᠢᠯ᠎ᠤᠨ ᠴᠢᠳᠠᠪᠤᠷᠢ ᠵᠢᠨ ᠠᠮᠤᠷ ᠲᠥᠪᠰᠢᠨ ᠵᠡᠷᠭᠡ ᠬᠠᠮᠢᠶ᠎ᠠ ᠪᠦᠬᠦᠢ ᠪᠣᠯᠪᠠᠰᠤᠷᠠᠭᠤᠯᠤᠯ᠎ᠢ ᠥᠷᠨᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠪᠦᠬᠦ ᠣᠷᠣᠨ᠎ᠤ ᠵᠠᠰᠠᠮᠠᠯ ᠵᠠᠮ᠎ᠤᠨ ᠠᠵᠢᠯ ᠡᠷᠬᠢᠯᠡᠬᠦ ᠠᠵᠤ ᠠᠬᠤᠢ᠌ᠯᠠᠯ ᠪᠣᠯᠤᠨ ᠠᠵᠢᠯᠲᠠᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ; ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠲᠠᠢ ᠬᠠᠮᠲᠤᠷᠠᠨ ᠬᠠᠷᠢᠶ᠎ᠠ ᠲᠥᠷᠥᠯ ᠵᠦᠢᠯ᠎ᠤᠨ ᠰᠠᠭᠤᠷᠢ ᠦᠨᠡᠯᠡᠯᠲᠡ ᠵᠢᠨ ᠠᠵᠢᠯ᠎ᠢ ᠬᠠᠷᠢᠭᠤᠴᠠᠨ᠎ᠠ᠃ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠠᠵᠤ ᠠᠬᠤᠢ᠌ᠯᠠᠯ᠂ ᠪᠠᠷᠢᠯᠭ᠎ᠠ ᠵᠢᠨ ᠠᠵᠤ ᠠᠬᠤᠢ᠌ᠯᠠᠯ᠂ ᠬᠢᠨᠠᠨ ᠬᠠᠮᠢᠶᠠᠷᠬᠤ ᠠᠵᠤ ᠠᠬᠤᠢ᠌ᠯᠠᠯ᠂ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠠ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠠᠵᠢᠯᠲᠠᠨ᠎ᠤ ᠢᠲᠡᠭᠡᠮᠵᠢ ᠵᠢ ᠦᠨᠡᠯᠡᠬᠦ ᠠᠵᠢᠯ᠎ᠤᠨ ᠡᠬᠡ ᠲᠠᠩᠰᠠ ᠵᠢ ᠪᠠᠢ᠌ᠭᠤᠯᠵᠤ᠂ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠤ ᠰᠢᠮᠳᠠᠭᠤᠯᠤᠨ ᠪᠠᠢ᠌ᠴᠠᠭ᠋ᠠᠬᠤ᠂ ᠰᠤᠭᠤᠴᠢᠨ ᠪᠠᠢ᠌ᠴᠠᠭ᠋ᠠᠬᠤ᠂ ᠪᠠᠢ᠌ᠴᠠᠭ᠋ᠠᠬᠤ ᠦᠷ᠎ᠡ ᠳ᠋ᠦᠩ᠎ᠢ ᠴᠢᠩᠭ᠎ᠠ ᠵᠢᠷᠤᠮᠯᠠᠨ ᠣᠨ᠎ᠤ ᠢᠲᠡᠭᠡᠮᠵᠢ ᠵᠢ ᠦᠨᠡᠯᠡᠬᠦ ᠠᠵᠢᠯ᠎ᠢ ᠦᠨᠡᠨ ᠪᠣᠳᠠᠲᠠᠶ᠎ᠪᠠᠷ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠳᠡᠭᠡᠭᠰᠢ ᠮᠡᠳᠡᠭᠦᠯᠦᠭᠰᠡᠨ ᠠᠩᠬ᠎ᠠ ᠠᠯᠬᠤᠮ᠎ᠤᠨ ᠦᠨᠡᠯᠡᠯᠲᠡ ᠵᠢᠨ ᠣᠯᠤᠭᠰᠠᠨ ᠬᠤᠪᠢ ᠵᠢ ᠳᠠᠬᠢᠨ ᠬᠢᠨᠠᠬᠤ᠂ ᠬᠤᠷᠢᠶᠠᠩᠭᠤᠢ᠌ᠯᠠᠬᠤ᠂ ᠪᠤᠳᠤᠵᠤ᠂ ᠲᠦᠷᠢᠮ ᠶᠣᠰᠣᠭ᠋ᠠᠷ ᠢᠲᠡᠭᠡᠮᠵᠢ ᠵᠢᠨ ᠵᠡᠷᠭᠡ ᠳᠡᠰ᠎ᠢ ᠲᠣᠭᠲᠠᠭ᠋ᠠᠬᠤ ᠵᠢᠨ ᠬᠠᠮᠲᠤ ᠢᠯᠡ ᠨᠡᠢ᠌ᠲᠡᠯᠡᠵᠦ᠂ ᠠᠯᠪᠠᠨ ᠵᠠᠷ ᠭᠠᠷᠭ᠋ᠠᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠳᠤ ᠮᠡᠳᠡᠭᠦᠯᠬᠦ ᠵᠢᠨ ᠬᠠᠮᠲᠤ ᠬᠠᠮᠢᠶ᠎ᠠ ᠪᠥᠬᠥᠶ ᠢᠲᠡᠭᠡᠮᠵᠢ ᠵᠢᠨ ᠲᠠᠪᠴᠠᠩ᠎ᠳᠤ ᠳᠡᠪᠰᠢᠭᠦᠯᠦᠨ᠎ᠡ᠃
      ᠬᠣᠷᠢᠨ ᠵᠢᠷᠭᠤᠳᠤᠭ᠋ᠠᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠴᠢᠭᠯᠡᠭᠦᠯᠦᠭᠰᠡᠨ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠵᠢᠯ᠎ᠤᠨ ᠡᠬᠢᠨ᠎ᠳᠤ ᠰᠢᠮᠳᠠᠭᠤᠯᠤᠨ ᠪᠠᠢ᠌ᠴᠠᠭ᠋ᠠᠬᠤ ᠲᠥᠯᠥᠪᠯᠡᠭᠡ ᠲᠣᠭᠲᠠᠭ᠋ᠠᠵᠤ᠂ 《ᠬᠣᠶᠠᠷ᠎ᠢ ᠲᠠᠰᠢᠷᠠᠮ ᠳᠠᠭ᠋ᠠᠤ ᠬᠢᠬᠦ᠂ ᠨᠢᠭᠡ ᠵᠢ ᠢᠯᠡ ᠪᠣᠯᠭ᠋ᠠᠬᠤ》 ᠠᠷᠭ᠎ᠠ ᠮᠠᠶᠢᠭ᠎ᠢ ᠠᠪᠴᠤ ᠪᠠᠢ᠌ᠭ᠋ᠠᠳ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠢᠨᠠᠯᠲᠠ ᠪᠠᠢ᠌ᠴᠠᠭ᠋ᠠᠯᠲᠠ ᠬᠢᠬᠦ ᠬᠡᠷᠡᠭᠲᠡᠶ᠃
      ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ᠂ ᠪᠠᠷᠢᠯᠭ᠎ᠠ ᠵᠢᠨ ᠠᠬᠢᠴᠠ᠂ ᠪᠠᠷᠢᠯᠭ᠎ᠠ ᠵᠢᠨ ᠶᠠᠰᠤ ᠴᠢᠨᠠᠷ᠎ᠤᠨ ᠪᠠᠢ᠌ᠳᠠᠯ᠂ ᠪᠠᠷᠢᠯᠭ᠎ᠠ ᠵᠢᠨ ᠶᠠᠰᠤ ᠴᠢᠨᠠᠷ ᠪᠣᠯᠤᠨ ᠠᠮᠤᠷ ᠲᠥᠪᠰᠢᠨ᠎ᠤ ᠡᠨᠳᠡᠯ᠎ᠢ ᠰᠢᠢᠳᠪᠦᠷᠢᠯᠡᠬᠦ ᠵᠡᠷᠭᠡ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠭᠡᠮ᠎ᠳᠤ ᠨᠡᠢ᠌ᠲᠡᠯᠡᠵᠦ᠂ ᠨᠡᠢ᠌ᠭᠡᠮ᠎ᠤᠨ᠎ᠬᠢᠨ᠎ᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃


      ᠲᠠᠪᠤᠳᠤᠭ᠋ᠠᠷ ᠪᠦᠯᠦᠭ   ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ
      ᠬᠣᠷᠢᠨ ᠳᠣᠯᠣᠳᠤᠭ᠋ᠠᠷ ᠵᠦᠢ᠍ᠯ   ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠴᠤ᠂ ᠬᠡᠨ ᠭᠣᠣᠯᠯᠠᠨ ᠬᠠᠮᠢᠶᠠᠷᠤᠭᠰᠠᠨ ᠪᠣᠯ ᠲᠡᠷᠡ ᠬᠢᠨᠠᠨ ᠬᠠᠮᠢᠶᠠᠷᠬᠤ》 ᠵᠠᠷᠴᠢᠮ ᠶᠣᠰᠣᠭ᠋ᠠᠷ᠂ ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠲᠣᠭᠲᠠᠭ᠋ᠠᠬᠤ ᠬᠡᠷᠡᠭᠲᠡᠶ᠃ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠡᠷᠡᠭᠵᠢᠭᠦᠯᠵᠦ᠂ ᠪᠤᠰᠤᠳ ᠤᠯᠤᠰ ᠮᠤᠵᠢ ᠵᠢᠨ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠪᠤᠶᠤ ᠲᠡᠭᠦᠨ᠎ᠤ ᠨᠠᠢ᠌ᠳᠠᠭᠰᠠᠨ ᠵᠠᠰᠠᠮᠠᠯ ᠵᠠᠮ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠᠢ᠌ᠭᠤᠯᠤᠮᠵᠢ᠎ᠠᠴᠠ ᠬᠡᠷᠡᠭᠵᠢᠭᠦᠯᠵᠦ᠂ ᠵᠠᠰᠠᠮᠠᠯ ᠵᠠᠮ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠠᠵᠢᠯᠲᠠᠨ᠂ ᠲᠥᠬᠥᠭᠡᠷᠦᠮᠵᠢ᠎ᠨᠢ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠮᠠᠯ ᠵᠠᠮ᠎ᠤᠨ ᠪᠠᠷᠢᠯᠭ᠎ᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠂ ᠪᠣᠳᠠᠲᠠᠶ ᠬᠢᠨᠠᠯᠲᠠ ᠲᠠᠯᠪᠢᠵᠤ ᠬᠠᠮᠢᠶᠠᠷᠬᠤ ᠲᠥᠷᠥᠯ ᠵᠦᠢ᠍ᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠭᠣᠣᠯᠳᠠᠯᠭ᠎ᠠ᠎ᠲᠠᠢ ᠰᠠᠢ᠌ᠲᠤᠷ ᠬᠢᠬᠦ ᠬᠡᠷᠡᠭᠲᠡᠶ᠃
      ᠬᠣᠷᠢᠨ ᠨᠠᠢᠮᠠᠳᠤᠭ᠋ᠠᠷ ᠵᠦᠢ᠍ᠯ   ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠵᠢᠨ ᠡᠷᠬᠡ ᠬᠠᠷᠢᠭᠤᠴᠠᠯᠭ᠎ᠠ ᠵᠢ ᠨᠢᠭᠡᠳᠦᠯᠲᠡᠶ ᠪᠠᠢ᠌ᠯᠭ᠋ᠠᠬᠤ ᠵᠢ ᠪᠠᠲᠤᠯᠠᠨ᠂ ᠵᠢᠷᠤᠵᠤ ᠲᠥᠯᠥᠪᠯᠡᠬᠦ᠂ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠵᠢ ᠵᠥᠪᠰᠢᠶᠡᠷᠡᠬᠦ᠂ ᠪᠦᠲᠦᠭᠡᠨ ᠪᠠᠢ᠌ᠭᠤᠯᠤᠯᠲᠠ᠎ᠳᠤ ᠬᠢᠨᠠᠯᠲᠠ ᠲᠠᠯᠪᠢᠬᠤ᠂ ᠰᠢᠯᠭ᠋ᠠᠨ ᠠᠪᠬᠤ ᠵᠡᠷᠭᠡ ᠶᠠᠰᠤ ᠴᠢᠨᠠᠷ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠵᠤ᠂ ᠬᠡᠷᠡᠭ᠎ᠤᠨ ᠡᠮᠦᠨ᠎ᠡ ᠬᠡᠷᠡᠭ᠎ᠤᠨ ᠳᠤᠮᠳᠠ   ᠬᠡᠷᠡᠭ᠎ᠤᠨ ᠬᠣᠢ᠌ᠨᠠᠬᠢ ᠪᠦᠬᠦ ᠬᠡᠯᠬᠢᠶᠡᠰᠦ ᠵᠢᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃
      ᠬᠣᠷᠢ ᠶᠢᠰᠦᠳᠦᠭᠡᠷ ᠵᠦᠢ᠍ᠯ   ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢ ᠠᠪᠴᠤ᠂ ᠮᠡᠷᠭᠡᠵᠢᠯ᠎ᠤᠨ ᠴᠢᠳᠠᠪᠤᠷᠢ᠎ᠪᠠᠷ ᠴᠢᠩᠭ᠎ᠠ᠂ ᠦᠢ᠍ᠯᠡᠴᠢᠯᠡᠭᠡᠨ᠎ᠤ ᠬᠢᠷᠢ ᠲᠥᠪᠰᠢᠨ ᠵᠶ᠋ᠡᠷ ᠥᠨᠳᠥᠷ ᠪᠠ ᠢᠲᠡᠭᠡᠮᠵᠢ᠎ᠪᠠᠷ ᠰᠠᠢ᠌ᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠨᠠᠢ᠌ᠳᠠᠵᠤ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠯᠭ᠋ᠠᠵᠤ ᠪᠣᠯᠤᠨ᠎ᠠ᠃ ᠮᠡᠷᠭᠡᠵᠢᠯ᠎ᠤᠨ ᠦᠢᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠮᠡᠷᠭᠡᠵᠢᠯ᠎ᠤᠨ ᠦᠢᠯᠡᠴᠢᠯᠡᠭᠡᠨ᠎ᠤ ᠦᠷ᠎ᠡ ᠳ᠋ᠦᠩ᠎ᠤᠨ ᠦᠨᠡᠨ ᠪᠣᠳᠠᠲᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠪᠠᠲᠤᠯᠠᠬᠤ ᠬᠡᠷᠡᠭᠲᠡᠶ᠃ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ ᠪᠣᠯᠤᠨ ᠠᠵᠢᠯ᠎ᠤᠨ ᠪᠠᠷᠢᠮᠵᠢᠶ᠎ᠠ ᠵᠢ ᠲᠣᠳᠣᠷᠬᠠᠢ᠌ᠯᠠᠵᠤ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠮᠡᠷᠭᠡᠵᠢᠯ᠎ᠤᠨ ᠬᠢᠷᠢ ᠲᠥᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠵᠢ ᠪᠠᠲᠤᠯᠠᠬᠤ ᠬᠡᠷᠡᠭᠲᠡᠶ᠃
      ᠭᠤᠴᠢᠳᠤᠭ᠋ᠠᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠬᠢᠭᠡᠳ ᠠᠵᠢᠯ ᠡᠷᠬᠢᠯᠡᠬᠦ ᠨᠢᠭᠡᠴᠢ᠎ᠨᠢ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠬᠤ ᠰᠢᠰᠲᠸᠮᠵᠢ ᠬᠢᠭᠡᠳ ᠬᠠᠮᠢᠶᠠᠷᠤᠯᠲᠠ ᠵᠢᠨ ᠲᠥᠷᠢᠮ᠎ᠢ ᠪᠠᠢ᠌ᠭᠤᠯᠤᠨ ᠪᠥᠷᠢᠨᠰᠢᠬᠥᠯᠬᠥ ᠬᠡᠷᠡᠭᠲᠡᠢ᠃ ᠪᠥᠲᠥᠭᠡᠨ ᠪᠠᠢ᠌ᠭᠤᠯᠬᠤ ᠨᠢᠭᠡᠴᠢ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠲᠡᠷᠢᠭᠦᠨ ᠴᠢᠬᠤᠯᠠ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠬᠠᠢ᠌ᠨ ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ᠎ᠨᠢ ᠪᠠᠷᠢᠯᠭ᠎ᠠ ᠵᠢᠨ ᠶᠠᠰᠤ ᠴᠢᠨᠠᠷ᠎ᠲᠤ ᠵᠣᠬᠢᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃ ᠵᠠᠰᠠᠮᠠᠯ ᠵᠠᠮ᠎ᠤᠨ ᠪᠠᠷᠢᠯᠭ᠎ᠠ᠎ᠨᠢ ᠵᠢᠷᠤᠵᠤ ᠲᠥᠯᠥᠪᠯᠡᠨ ᠬᠡᠷᠡᠭᠯᠡᠬᠦ ᠬᠤᠭᠤᠴᠠᠭ᠋ᠠᠨ᠎ᠳᠤ ᠪᠠᠷᠢᠯᠭ᠎ᠠ ᠵᠢᠨ ᠲᠥᠷᠥᠯ ᠵᠦᠢᠯ᠎ᠤᠨ ᠶᠠᠰᠤ ᠴᠢᠨᠠᠷ᠎ᠲᠤ ᠡᠭᠦᠷᠢᠳᠡ ᠵᠢᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠪᠠᠷᠢᠯᠭ᠎ᠠ ᠵᠢᠨ ᠶᠠᠰᠤ ᠴᠢᠨᠠᠷ᠎ᠲᠤ ᠡᠭᠦᠷᠢᠳᠡ ᠵᠢᠨ ᠬᠠᠷᠢᠭᠤᠴᠠᠯᠭ᠎ᠠ ᠵᠢᠨ ᠪᠢᠴᠢᠭᠯᠡᠭᠰᠡᠨ ᠠᠮᠠᠯᠠᠯᠲᠠ ᠵᠢᠨ ᠲᠦᠷᠢᠮ᠂ ᠡᠭᠦᠷᠢᠳᠡ ᠵᠢᠨ ᠴᠢᠨᠠᠷᠲᠠᠶ ᠫᠠᠢ᠌ᠰᠠ ᠢᠯᠡᠷᠬᠡᠢ᠌ᠯᠡᠯ᠎ᠤᠨ ᠲᠦᠷᠢᠮ᠂ ᠶᠠᠰᠤ ᠴᠢᠨᠠᠷ᠎ᠤᠨ ᠮᠡᠳᠡᠭᠡ ᠵᠠᠩᠭᠢ ᠵᠢᠨ ᠲᠠᠩᠰᠠ ᠡᠪᠬᠡᠮᠡᠯ ᠵᠡᠷᠭᠡ ᠲᠦᠷᠢᠮ᠎ᠢ ᠨᠠᠢ᠌ᠳᠠᠪᠤᠷᠢᠵᠢᠭᠤᠯᠤᠨ᠎ᠠ᠃
      ᠭᠤᠴᠢᠨ ᠨᠢᠭᠡᠳᠦᠭᠡᠷ ᠵᠦᠢ᠍ᠯ   ᠪᠦᠲᠦᠭᠡᠨ ᠪᠠᠢ᠌ᠭᠤᠯᠬᠤ᠂ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠠᠵᠢᠯ ᠡᠷᠬᠢᠯᠡᠬᠦ ᠨᠢᠭᠡᠴᠢ᠎ᠨᠢ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠶ᠃ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭ᠋ᠠᠲᠠᠨ ᠪᠣᠯ ᠠᠶᠤᠯᠭᠦᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠳᠤᠰ ᠨᠢᠭᠡᠴᠢ ᠵᠢᠨ ᠵᠶ᠋ᠡᠨ ᠠᠶᠤᠯᠭᠦᠢ ᠦᠢ᠍ᠯᠡᠳᠪᠦᠷᠢᠯᠡᠯ᠎ᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠨ᠎ᠡ᠃ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠠᠶᠤᠯᠭᠦᠢ ᠦᠢ᠍ᠯᠡᠳᠪᠦᠷᠢᠯᠡᠯ᠎ᠤᠨ ᠨᠥᠬᠥᠴᠡᠯ᠎ᠢ ᠨᠠᠢ᠌ᠳᠠᠪᠤᠷᠢᠵᠢᠭᠤᠯᠬᠤ ᠵᠢᠨ ᠬᠠᠮᠲᠤ ᠬᠢᠨᠠᠨ ᠪᠠᠢ᠌ᠴᠠᠭ᠋ᠠᠬᠤ ᠳᠡᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠵᠦ᠂ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ ᠰᠠᠶᠢ ᠵᠣᠬᠢᠶᠠᠨ ᠪᠠᠢ᠌ᠭᠤᠯᠤᠨ ᠪᠠᠷᠢᠯᠭ᠎ᠠ ᠪᠠᠷᠢᠵᠤ ᠪᠣᠯᠤᠨ᠎ᠠ᠃ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠢ ᠪᠠᠢ᠌ᠭᠤᠯᠬᠤ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠨᠠᠢ᠌ᠳᠠᠪᠤᠷᠢᠵᠢᠭᠤᠯᠵᠤ᠂ ᠲᠥᠷᠥᠯ ᠵᠦᠢ᠍ᠯ᠎ᠤᠨ ᠰᠠᠭᠤᠭ᠎ᠠ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠠᠮᠤᠷ ᠲᠥᠪᠰᠢᠨ᠎ᠤ ᠬᠠᠮᠢᠶᠠᠷᠤᠯᠲᠠ᠂ ᠪᠠᠷᠢᠯᠭ᠎ᠠ ᠵᠢᠨ ᠠᠵᠢᠯ᠂ ᠲᠥᠬᠥᠭᠡᠷᠦᠮᠵᠢ ᠵᠢᠨ ᠬᠠᠮᠢᠶᠠᠷᠤᠯᠲᠠ ᠵᠡᠷᠭᠡ ᠵᠢ ᠴᠢᠩᠭ᠋ᠠᠷᠠᠭᠤᠯᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃


      ᠵᠢᠷᠭᠤᠳᠤᠭ᠋ᠠᠷ ᠪᠦᠯᠦᠭ   ᠪᠦᠲᠦᠭᠡᠨ ᠪᠠᠢ᠌ᠭᠤᠯᠬᠤ ᠪᠡᠯᠡ ᠮᠦᠩᠭᠦ ᠵᠢᠨ ᠬᠢᠨᠠᠯᠲᠠ ᠬᠠᠮᠢᠶᠠᠷᠤᠯᠲᠠ
      ᠭᠤᠴᠢᠨ ᠬᠣᠶᠠᠳᠤᠭ᠋ᠠᠷ ᠵᠦᠢ᠍ᠯ   ᠵᠠᠰᠠᠭ᠎ᠤᠨ ᠣᠷᠳᠣᠨ᠎ᠤ ᠪᠡᠯᠠ ᠣᠷᠣᠭᠤᠯᠤᠭᠰᠠᠨ ᠵᠠᠰᠠᠮᠠᠯ ᠵᠡᠮ᠎ᠤᠨ ᠲᠦᠷᠦᠯ ᠵᠦᠢ᠍ᠯ᠎ᠳᠤ᠂ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠵᠠᠰᠠᠮᠠᠯ ᠵᠡᠮ᠎ᠤᠨ ᠪᠦᠳᠦᠭᠡᠠ ᠪᠠᠢ᠌ᠭᠤᠯᠤᠯᠲᠠ ᠵᠢᠨ ᠪᠡᠯᠠ ᠮᠥᠩᠭᠥ ᠵᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠪᠦᠬᠦ ᠶᠠᠪᠤᠴᠠ᠎ᠳᠤ ᠬᠢᠨᠠᠯᠲᠠ ᠪᠠᠢ᠌ᠴᠠᠭ᠋ᠠᠯᠲᠠ ᠬᠢᠵᠦ᠂ ᠪᠦᠳᠦᠭᠡᠠ ᠪᠠᠢ᠌ᠭᠤᠯᠤᠯᠲᠠ ᠵᠢᠨ ᠪᠡᠯᠠ ᠮᠥᠩᠭᠥ ᠵᠢᠨ ᠠᠮᠤᠷ ᠲᠥᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠭᠣᠣᠯ ᠠᠭᠤᠯᠭ᠎ᠠ᠄
     (ᠨᠢᠭᠡ) ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠲᠤᠰᠬᠠᠶ ᠵᠣᠭᠣᠰ᠎ᠢ ᠲᠤᠰᠬᠠᠶ ᠵᠦᠢᠯ᠎ᠳᠤ᠎ᠨᠢ ᠬᠡᠷᠡᠭᠯᠡᠬᠦ᠂ ᠲᠤᠰᠬᠠᠶ ᠳᠠᠩᠰᠠ᠎ᠪᠠᠷ ᠬᠠᠳᠠᠭ᠋ᠠᠯᠠᠬᠤ᠂ ᠡᠵᠡᠯᠡᠨ ᠠᠪᠴᠤ ᠨᠡᠭᠦᠯᠭᠡᠨ ᠬᠡᠷᠡᠭᠯᠡᠵᠦ ᠪᠣᠯᠬᠤ ᠦᠭᠡᠶ ᠵᠡᠷᠭᠡ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠭᠰᠡᠨ ᠡᠰᠡᠬᠦ;
     (ᠬᠣᠶᠠᠷ) ᠲᠣᠢ᠌ᠮᠣ ᠲᠥᠰᠦᠪ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠭᠰᠡᠨ    ᠡᠰᠡᠬᠦ᠂ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢ ᠲᠥᠯᠥᠪᠯᠡᠭᠡ᠎ᠠᠴᠠ ᠭᠠᠳᠠᠨᠠᠬᠢ ᠪᠠᠷᠢᠯᠭ᠎ᠠ᠎ᠳᠤ ᠬᠡᠷᠡᠭᠯᠡᠭᠰᠡᠨ ᠡᠰᠡᠬᠦ;
     (ᠭᠤᠷᠪᠠ) ᠪᠡᠯᠡ ᠮᠥᠩᠭᠥ ᠵᠢᠨ ᠢᠷᠡᠯᠲᠡ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠬᠦ ᠡᠰᠡᠬᠦ᠂ ᠢᠵᠢ ᠪᠦᠷᠢᠳᠦᠭᠦᠯᠬᠦ ᠪᠡᠯᠡ ᠮᠥᠩᠭᠥ ᠵᠢ ᠨᠠᠢ᠌ᠳᠠᠪᠤᠷᠢᠵᠢᠭᠤᠯᠤᠭᠰᠠᠨ ᠡᠰᠡᠬᠦ᠂ ᠴᠠᠭ ᠲᠤᠬᠠᠶ᠎ᠳᠤ᠎ᠨᠢ ᠪᠣᠳᠠᠲᠠᠢ᠌ᠵᠢᠭᠤᠯᠤᠭᠰᠠᠨ ᠡᠰᠡᠬᠦ;
     (ᠳᠥᠷᠪᠡ) ᠪᠠᠷᠢᠯᠭ᠎ᠠ ᠵᠢᠨ ᠠᠬᠢᠴᠠ ᠵᠢᠨ ᠵᠣᠭᠣᠰ᠎ᠢ ᠭᠡᠷ᠎ᠡ᠎ᠳᠤ ᠲᠣᠭᠲᠠᠭ᠋ᠠᠭᠰᠠᠨ ᠶᠣᠰᠣᠭ᠋ᠠᠷ ᠰᠠᠯᠭ᠋ᠠᠨ ᠥᠭᠭᠦᠭᠰᠡᠨ ᠡᠰᠡᠬᠦ᠂ ᠥᠨᠳᠥᠷ ᠵᠢᠱ᠌ᠢᠵᠦ ᠬᠠᠭᠤᠷᠮᠠᠭᠯᠠᠨ ᠪᠣᠳᠣᠭᠰᠠᠨ᠂ ᠬᠤᠳᠠᠯ ᠵᠶ᠋ᠠᠷ ᠮᠡᠳᠡᠭᠦᠯᠵᠦ ᠬᠠᠭᠤᠷᠮᠠᠭᠯᠠᠨ ᠠᠪᠤᠭᠰᠠᠨ ᠪᠠᠢ᠌ᠳᠠᠯ ᠪᠠᠢ᠌ᠬᠤ ᠡᠰᠡᠬᠦ᠂ ᠪᠠᠷᠢᠯᠭ᠎ᠠ ᠵᠢᠨ ᠪᠡᠯᠡᠳᠬᠡᠯ ᠵᠠᠷᠤᠳᠠᠯ᠎ᠢ ᠬᠡᠷᠡᠭᠯᠡᠭᠰᠡᠨ᠎ᠨᠢ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠬᠦ ᠡᠰᠡᠬᠦ;
     (ᠲᠠᠪᠤ) ᠬᠢᠵᠠᠭ᠋ᠠᠷᠯᠠᠬᠤ ᠲᠣᠭ᠎ᠠ ᠬᠡᠮᠵᠢᠶᠡᠨ ᠳᠣᠲᠣᠷ᠎ᠠ ᠲᠣᠭᠲᠠᠭ᠋ᠠᠯ ᠶᠣᠰᠣᠭ᠋ᠠᠷ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠵᠠᠷᠤᠳᠠᠯ᠎ᠢ ᠬᠡᠷᠡᠭᠯᠡᠭᠰᠡᠨ ᠡᠰᠡᠬᠦ᠂ ᠲᠣᠭᠲᠠᠭ᠋ᠠᠭᠰᠠᠨ ᠬᠠᠷᠢᠴᠠᠯ ᠶᠣᠰᠣᠭ᠋ᠠᠷ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠤᠷᠢᠳᠴᠢᠯᠠᠨ ᠦᠯᠡᠳᠡᠭᠡᠭᠰᠡᠨ ᠡᠰᠡᠬᠦ᠂ ᠪᠦᠲᠦᠭᠡᠨ ᠪᠠᠢ᠌ᠭᠤᠯᠤᠯᠲᠠ ᠵᠢᠨ ᠥᠪᠡᠷ᠎ᠤᠨ ᠥᠷᠲᠡᠭ᠎ᠢ ᠬᠠᠤᠯᠢ ᠪᠤᠰᠤ᠎ᠪᠠᠷ ᠥᠷᠭᠡᠳᠬᠡᠭᠰᠡᠨ ᠠᠰᠠᠭᠤᠳᠠᠯ ᠪᠠᠢ᠌ᠬᠤ ᠡᠰᠡᠬᠦ;
     (ᠵᠢᠷᠭᠤᠭ᠎ᠠ) ᠲᠥᠷᠥᠯ ᠵᠦᠢᠯ᠎ᠤᠨ ᠪᠠᠷᠢᠯᠭ᠎ᠠ ᠳᠠᠭᠤᠰᠤᠭᠰᠠᠨ ᠡᠳ᠋᠎ᠤᠨ ᠶᠠᠪᠤᠳᠠᠯ᠎ᠤᠨ ᠲᠥᠰᠦᠪ᠎ᠤᠨ ᠭᠦᠢᠴᠡᠳᠬᠡᠯ᠎ᠢ ᠲᠣᠭᠲᠠᠭ᠋ᠠᠯ ᠶᠣᠰᠣᠭ᠋ᠠᠷ ᠨᠠᠢ᠌ᠷᠠᠭᠤᠯᠤᠨ ᠵᠣᠬᠢᠶᠠᠭᠰᠠᠨ ᠡᠰᠡᠬᠦ᠂ ᠡᠳ᠋ ᠬᠥᠷᠥᠩᠭᠡ ᠵᠢ ᠰᠢᠯᠵᠢᠭᠦᠯᠦᠨ ᠲᠤᠰᠢᠶᠠᠬᠤ ᠭᠠᠷᠳᠠᠮ᠎ᠢ ᠭᠦᠢᠴᠡᠳᠬᠡᠭᠰᠡᠨ ᠡᠰᠡᠬᠦ᠂ ᠪᠣᠶ ᠪᠣᠯᠤᠭᠰᠠᠨ ᠡᠳ᠋ ᠬᠥᠷᠥᠩᠭᠡ ᠵᠢ ᠴᠠᠭ ᠲᠤᠬᠠᠶ᠎ᠳᠤ᠎ᠨᠢ ᠳᠡᠩᠰᠡᠯᠡᠵᠦ ᠳᠠᠩᠰᠠᠨ᠎ᠳᠤ ᠣᠷᠣᠭᠤᠯᠤᠭᠰᠠᠨ ᠡᠰᠡᠬᠦ;
     (ᠲᠤᠯᠤᠭ᠎ᠠ) ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠪᠠᠢ᠌ᠭᠤᠯᠤᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠵᠣᠬᠢᠴᠠᠩᠭᠤᠢ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠠᠵᠢᠯᠳᠠᠨ᠎ᠢ ᠲᠤᠬᠢᠷᠠᠭᠤᠯᠤᠭᠰᠠᠨ ᠡᠰᠡᠬᠦ᠃ ᠡᠯ᠎ᠡ ᠵᠦᠢ᠍ᠯ᠎ᠤᠨ ᠤᠭ ᠲᠡᠮᠳᠡᠭᠯᠡᠯ᠂ ᠲᠣᠭ᠎ᠠ ᠪᠦᠷᠢᠳᠬᠡᠯ᠎ᠤᠨ ᠡᠬᠡ ᠳᠠᠩᠰᠠ᠂ ᠭᠡᠷᠡᠴᠢ ᠪᠠᠷᠢᠮᠲᠠ ᠵᠢᠨ ᠳᠠᠩᠰᠠ᠂ ᠨᠢᠭᠲᠠᠯᠠᠨ ᠪᠣᠳᠣᠵᠤ ᠲᠣᠭ᠋ᠠᠴᠠᠭ᠎ᠠ ᠬᠢᠬᠦ᠂ ᠡᠳ᠋᠎ᠤᠨ ᠶᠠᠪᠤᠳᠠᠯ᠎ᠤᠨ ᠮᠡᠳᠡᠭᠦᠯᠦᠯᠲᠡ᠂ ᠳᠣᠲᠣᠭ᠋ᠠᠳᠤ ᠡᠵᠡᠮᠳᠡᠯ᠎ᠤᠨ ᠳᠦᠷᠢᠮ ᠵᠡᠷᠭᠡ ᠰᠠᠭᠤᠷᠢ ᠴᠢᠨᠠᠷᠲᠠᠶ ᠠᠵᠢᠯ᠎ᠨᠢ ᠪᠦᠷᠢᠨ ᠲᠡᠭᠦᠯᠳᠡᠷ᠂ ᠵᠢᠷᠤᠮᠵᠢᠭᠰᠠᠨ ᠡᠰᠡᠬᠦ᠃
      ᠠᠵᠤ ᠠᠬᠤᠢ᠌ᠯᠠᠯ᠎ᠤᠨ ᠪᠡᠯᠡ ᠣᠷᠣᠭᠤᠯᠤᠭᠰᠠᠨ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ᠂ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠡᠯᠡ ᠮᠥᠩᠭᠥ ᠵᠢ ᠪᠣᠳᠠᠲᠠᠢ᠌ᠵᠢᠭᠤᠯᠵᠤ ᠪᠠᠢ᠌ᠭ᠎ᠠ ᠪᠠᠢ᠌ᠳᠠᠯ᠂ ᠬᠡᠷᠡᠭᠯᠡᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠬᠡᠷᠡᠭᠲᠡᠶ᠃
      ᠭᠤᠴᠢᠨ ᠭᠤᠷᠪᠠᠳᠤᠭ᠋ᠠᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠵᠠᠰᠠᠮᠠᠯ ᠵᠠᠮ᠎ᠤᠨ ᠪᠠᠷᠢᠯᠭ᠎ᠠ ᠵᠢᠨ ᠥᠷᠲᠡᠭ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ᠎ᠤᠨ ᠥᠷᠲᠡᠭ᠎ᠲᠤ ᠪᠦᠬᠦ ᠶᠠᠪᠤᠴᠠ ᠵᠢᠨ ᠬᠠᠮᠢᠶᠠᠷᠤᠯᠲᠠ ᠪᠠ ᠡᠵᠡᠮᠳᠡᠯ ᠬᠢᠵᠦ᠂ ᠪᠦᠲᠦᠭᠡᠨ ᠪᠠᠢ᠌ᠭᠤᠯᠬᠤ ᠥᠪᠡᠷ᠎ᠤᠨ ᠥᠷᠲᠡᠭ᠎ᠢ ᠵᠦᠢ ᠵᠣᠬᠢᠰᠲᠠᠶ ᠡᠵᠡᠮᠳᠡᠬᠦ ᠵᠢᠨ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠪᠠᠢ᠌ᠴᠠᠭ᠋ᠠᠯᠲᠠ ᠵᠢ ᠬᠦᠯᠢᠶᠡᠬᠦ ᠬᠡᠷᠡᠭᠲᠡᠶ᠃ ᠲᠥᠷᠥᠯ ᠵᠦᠢᠯ᠎ᠤᠨ ᠪᠠᠷᠢᠯᠭ᠎ᠠ ᠲᠤᠰᠢᠶᠠᠵᠤ ᠰᠢᠯᠭ᠋ᠠᠨ ᠠᠪᠤᠭᠰᠠᠨ᠎ᠤ ᠳᠠᠷᠠᠭ᠎ᠠ᠂ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠎ᠨᠢ ᠦᠯᠡᠳᠡᠭᠳᠡᠯ ᠪᠠᠷᠢᠯᠭ᠎ᠠ ᠵᠢ ᠴᠠᠭ ᠲᠤᠬᠠᠶ᠎ᠳᠤ᠎ᠨᠢ ᠵᠣᠬᠢᠶᠠᠨ ᠪᠠᠢ᠌ᠭᠤᠯᠤᠨ ᠪᠡᠶᠡᠯᠡᠭᠦᠯᠵᠦ᠂ ᠪᠠᠷᠢᠯᠭ᠎ᠠ ᠵᠢᠨ ᠲᠥᠰᠦᠪ᠎ᠤᠨ ᠭᠦᠢᠴᠡᠳᠬᠡᠯ᠎ᠢ ᠨᠠᠢ᠌ᠷᠠᠭᠤᠯᠤᠨ ᠵᠣᠬᠢᠶᠠᠵᠤ᠂ ᠪᠠᠷᠢᠯᠭ᠎ᠠ ᠳᠠᠭᠤᠰᠤᠭᠰᠠᠨ ᠲᠥᠰᠦᠪ᠎ᠤᠨ ᠭᠦᠢᠴᠡᠳᠬᠡᠯ᠎ᠤᠨ ᠬᠢᠨᠠᠨ ᠪᠤᠳᠤᠯᠲᠠ ᠵᠢ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠤᠨ ᠳᠤᠲᠠᠭᠳᠠᠯ᠎ᠤᠨ ᠬᠠᠷᠢᠭᠤᠴᠠᠯᠭ᠎ᠠ ᠵᠢᠨ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ ᠬᠢᠯᠭᠡᠬᠦ᠎ᠪᠠᠷ ᠴᠠᠭ ᠲᠤᠬᠠᠶ᠎ᠳᠤ᠎ᠨᠢ ᠭᠤᠶᠤᠴᠢᠯᠠᠵᠤ᠂ ᠬᠢᠨᠠᠨ ᠲᠣᠭᠲᠠᠭ᠋ᠠᠯᠲᠠ ᠬᠢᠭᠡᠳ ᠬᠢᠷᠢ ᠲᠡᠩᠴᠡᠭᠰᠡᠨ ᠪᠣᠯ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠭ᠋ᠠᠲᠤ ᠮᠥᠩᠭᠥ ᠵᠢ ᠴᠠᠭ ᠲᠤᠬᠠᠶ᠎ᠳᠤ᠎ᠨᠢ ᠪᠤᠴᠠᠭ᠋ᠠᠬᠤ ᠬᠡᠷᠡᠭᠲᠡᠶ᠃
      ᠭᠤᠴᠢᠨ ᠳᠥᠷᠪᠡᠳᠦᠭᠡᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠯᠡᠭᠡ ᠪᠣᠯᠤᠨ ᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠶᠣᠰᠣᠭ᠋ᠠᠷ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠴᠤᠭᠯᠠᠭᠤᠯᠬᠤ ᠵᠢᠨ ᠬᠠᠮᠲᠤ᠂ ᠭᠡᠷ᠎ᠡ ᠵᠢᠨ ᠲᠣᠭᠲᠠᠭ᠋ᠠᠯ ᠶᠣᠰᠣᠭ᠋ᠠᠷ ᠪᠠᠷᠢᠯᠭ᠎ᠠ ᠵᠢᠨ ᠵᠣᠭᠣᠰ᠎ᠢ ᠥᠭᠴᠦ᠂ ᠤᠴᠢᠷ ᠰᠢᠯᠲᠠᠭ᠋ᠠᠨ ᠦᠭᠡᠶ᠎ᠪᠠᠷ ᠥᠷᠢᠲᠦᠵᠦ ᠪᠣᠯᠬᠤ ᠦᠭᠡᠶ᠃ ᠣᠷᠣᠨ ᠨᠤᠲᠤᠭ᠎ᠤᠨ ᠢᠵᠢ ᠪᠦᠷᠢᠳᠦᠭᠦᠯᠬᠦ ᠪᠡᠯᠡ ᠮᠥᠩᠭᠥ ᠵᠢ ᠪᠣᠳᠠᠲᠠᠢ᠌ᠵᠢᠭᠤᠯᠤᠭᠰᠠᠨ ᠦᠭᠡᠶ᠎ᠠᠴᠠ ᠪᠣᠯᠵᠤ᠂ ᠠᠬᠢᠴᠠ᠂ ᠶᠠᠰᠤ ᠴᠢᠨᠠᠷ᠂ ᠠᠮᠤᠷ ᠲᠥᠪᠰᠢᠨ᠎ᠢ ᠨᠥᠯᠥᠭᠡᠯᠡᠭᠰᠡᠨ ᠪᠤᠶᠤ ᠨᠡᠢ᠌ᠭᠡᠮ᠎ᠳᠤ ᠮᠠᠭᠤ ᠨᠥᠯᠥᠭᠡ ᠦᠵᠡᠭᠦᠯᠦᠭᠰᠡᠨ ᠪᠣᠯ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠳᠠᠷᠠᠭ᠎ᠠ ᠵᠢᠯ᠎ᠤᠨ ᠲᠤᠰᠠᠯᠠᠮᠵᠢ ᠵᠢᠨ ᠪᠡᠯᠡ ᠮᠥᠩᠭᠥ ᠵᠢᠨ ᠲᠣᠬᠢᠷᠠᠭᠤᠯᠤᠯᠲᠠ ᠵᠢ ᠪᠠᠭ᠋ᠠᠰᠬᠠᠵᠤ ᠪᠣᠯᠤᠨ᠎ᠠ᠃


      ᠳᠣᠯᠣᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠤᠢ᠍ᠷᠢᠮ
      ᠭᠤᠴᠢᠨ ᠲᠠᠪᠤᠳᠤᠭ᠋ᠠᠷ ᠵᠦᠢ᠍ᠯ   ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠵᠦ᠂ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠵᠠᠮ ᠲᠠᠷᠬᠠᠭ᠋ᠠᠭᠰᠠᠨ[2009]571 ᠳ᠋ᠦ᠍ᠭᠡᠷ ᠲᠣᠭ᠋ᠠᠲᠤ) ᠵᠢ ᠬᠠᠮᠲᠤ᠎ᠳᠤ᠎ᠨᠢ ᠬᠦᠴᠦᠨ ᠦᠭᠡᠶ ᠪᠣᠯᠭ᠋ᠠᠨ᠎ᠠ᠃
      ᠭᠤᠴᠢᠨ ᠵᠢᠷᠭᠤᠳᠤᠭ᠋ᠠᠷ ᠵᠦᠢᠯ   ᠲᠣᠰ ᠠᠷᠭ᠎ᠠ᠎ᠳᠤ ᠡᠰᠢᠯᠡᠨ ᠬᠡᠷᠡᠭᠯᠡᠭᠰᠡᠨ ᠤᠯᠤᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ᠎ᠳᠤ᠂ ᠳᠠᠭᠢᠵᠤ ᠵᠠᠰᠠᠪᠤᠷᠢ ᠣᠷᠣᠭᠤᠯᠤᠨ ᠨᠡᠢ᠌ᠲᠡᠯᠡᠵᠦ ᠬᠡᠷᠡᠭᠵᠢᠭᠦᠯᠦᠭᠰᠡᠨ ᠪᠠᠢ᠌ᠪᠠᠯ᠂ ᠬᠠᠮᠤᠭ᠎ᠤᠨ ᠰᠢᠨ᠎ᠡ ᠠᠷᠭ᠎ᠠ᠎ᠪᠠᠷ ᠬᠡᠷᠡᠭᠵᠢᠭᠦᠯᠦᠨ᠎ᠡ᠃
      ᠭᠤᠴᠢᠨ ᠳᠣᠯᠣᠳᠤᠭ᠋ᠠᠷ ᠵᠦᠢ᠍ᠯ   ᠲᠤᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃


      ᠬᠠᠮᠢᠶ᠎ᠠ ᠪᠥᠬᠥᠶ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
      ᠬᠠᠮᠢᠶ᠎ᠠ ᠪᠥᠬᠥᠶ ᠵᠢᠷᠤᠭᠲᠤ ᠲᠠᠢ᠌ᠯᠤᠮᠵᠢ᠄
ᠨᠢᠭᠡ ᠵᠢᠷᠤᠭ ᠵᠶ᠋ᠠᠷ ᠤᠩᠰᠢᠵᠤ ᠣᠢ᠌ᠯᠠᠭ᠋ᠠᠶ᠎ᠠ — 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ
ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
 
            