ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ
ᠨᠡᠶ᠋ᠢᠲᠡᠯᠡᠭᠰᠡᠨ ᠴᠠᠭ᠄ 2024-07-29

    ᠪᠦᠬᠦ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠲᠤᠬᠠᠶ ᠨᠠᠮ᠎ᠤᠨ ᠲᠥᠪ ᠬᠣᠷᠢᠶᠠᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠣᠭᠤᠰᠢᠯᠠᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠦᠢ᠍ᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠪᠠ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠨᠡᠩ ᠰᠠᠢ᠌ᠲᠤᠷ ᠦᠢ᠍ᠯᠡᠴᠢᠯᠡᠬᠦ ᠵᠢᠨ ᠲᠥᠯᠥᠭᠡ᠂ ᠣᠨᠴᠠᠭ᠋ᠠᠢ᠌ᠯᠠᠨ ᠲᠤᠰ ᠲᠥᠰᠦᠯ᠎ᠢ ᠲᠣᠭᠲᠠᠭ᠋ᠠᠪᠠ᠃
    ᠨᠢᠭᠡ᠂ ᠶᠡᠷᠦᠩᠬᠡᠢ ᠱᠠᠭ᠋ᠠᠷᠳᠠᠯᠭ᠎ᠠ
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠤᠯ ᠰᠢᠵᠢᠮ᠎ᠢ ᠪᠠᠲᠤ ᠡᠵᠡᠮᠰᠢᠵᠦ᠂ ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠤᠭ᠋ᠠᠵᠢᠭᠤᠯᠬᠤ᠂ ᠪᠤᠬᠢᠷᠲᠤᠯ ᠦᠭᠡᠢ᠂ ᠰᠦᠯᠵᠢᠶᠡᠵᠢᠭᠦᠯᠬᠦ ᠬᠥᠭᠵᠢᠯᠲᠡ ᠵᠢ ᠪᠠᠷᠢᠮᠲᠠᠯᠠᠵᠤ᠂ ᠪᠠᠷᠠᠭ᠎ᠠ ᠵᠢᠨ ᠢᠷᠡᠯᠲᠡ ᠵᠢ ᠡᠷᠢᠬᠦ᠂ ᠲᠣᠭ᠎ᠠ ᠪᠠᠷᠢᠮᠲᠠ ᠬᠠᠩᠭ᠋ᠠᠬᠤ᠂ ᠲᠠᠯᠠᠪᠠᠢ ᠪᠣᠢ᠌ᠵᠢᠭᠤᠯᠬᠤ᠂ ᠢᠵᠢ ᠪᠦᠷᠢᠳᠦᠭᠦᠯᠬᠦ᠂ ᠰᠢᠯᠢᠳᠡᠭ ᠦᠢ᠍ᠯᠡᠴᠢᠯᠡᠭᠡ᠂ ᠲᠦᠷᠦ ᠵᠢᠨ ᠪᠤᠳᠤᠯᠭ᠎ᠠ ᠥᠭᠬᠦ᠎ᠪᠠᠷ ᠳᠠᠮᠵᠢᠨ᠂ ᠨᠢᠭᠡ ᠪᠦᠯᠦᠭ ᠡᠵᠡᠩᠨᠡᠯᠲᠡ ᠵᠢᠨ ᠥᠪᠡᠷ᠎ᠤᠨ ᠥᠷᠲᠡᠭ ᠳᠣᠤᠷ᠎ᠠ᠂ ᠠᠰᠢᠭᠯᠠᠮᠵᠢ ᠥᠨᠳᠥᠷ᠂ ᠦᠢ᠍ᠯᠡᠴᠢᠯᠡᠭᠡ ᠴᠢᠩᠭ᠎ᠠ᠂ ᠴᠢᠨᠠᠷ ᠰᠠᠢ᠌ᠲᠠᠶ᠂ ᠲᠡᠷᠢᠭᠦᠨ᠎ᠤ ᠮᠡᠷᠭᠡᠵᠢᠯ᠎ᠤᠨ ᠵᠠᠭᠪᠤᠷ ᠵᠡᠷᠭᠡ ᠭᠣᠤᠯᠯᠠᠬᠤ ᠥᠷᠢᠰᠦᠯᠳᠦᠬᠦ ᠬᠦᠴᠦᠨ ᠪᠠ ᠨᠡᠷᠡᠲᠦ ᠦᠢᠯᠡᠴᠢᠯᠡᠭᠡᠨ᠎ᠤ ᠲᠥᠷᠥᠯ ᠲᠡᠮᠳᠡᠭᠲᠦ᠎ᠲᠠᠢ ᠤᠳᠤ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠨᠢᠭᠡ ᠪᠦᠯᠦᠭ  ᠪᠣᠢ᠌ᠵᠢᠭᠤᠯᠤᠨ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠩᠨᠡᠯᠲᠡ ᠵᠢᠨ ᠴᠢᠨᠠᠷᠲᠠᠶ ᠥᠪᠡᠷ᠎ᠤᠨ ᠥᠷᠲᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠠᠢ᠌ᠴᠢᠯᠠᠵᠤ᠂ ᠪᠦᠬᠦ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠦᠷᠳᠡᠭ᠎ᠢ ᠪᠦᠲᠦᠮᠵᠢᠲᠡᠢ ᠪᠠᠭᠤᠷᠠᠭᠤᠯᠬᠤ ᠵᠢ ᠠᠬᠢᠭᠤᠯᠤᠨ᠎ᠠ᠃
    2026 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ  ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ 50᠎ᠠᠴᠠ ᠳᠡᠭᠡᠭᠰᠢ᠎ᠳᠤ ᠬᠦᠷᠦᠭᠦᠯᠵᠦ᠂ ᠨᠢᠭᠡᠴᠢ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ 6%᠎ᠪᠠᠷ ᠪᠠᠭᠤᠷᠠᠭᠤᠯᠤᠨ᠎ᠠ᠃
    ᠬᠣᠶᠠᠷ᠂ ᠪᠣᠢ᠌ᠵᠢᠭᠤᠯᠬᠤ ᠵᠠᠮ ᠮᠥᠷ
    ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ            (ᠳᠣᠷᠣᠭᠰᠢ ᠳᠠᠭ᠋ᠠᠭᠤᠯᠤᠭᠴᠢ ᠠᠵᠤ ᠠᠬᠤᠢ᠌ᠯᠠᠯ ᠭᠡᠵᠦ ᠲᠣᠪᠴᠢᠯᠠᠨ᠎ᠠ)᠎ᠳᠤ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠦᠳᠠᠨ᠎ᠤ ᠲᠦᠷᠭᠡᠨ ᠬᠦᠷᠭᠡᠯᠲᠡ ᠵᠡᠷᠭᠡ ᠲᠤᠰᠬᠠᠶ ᠬᠦᠷᠢᠶᠡᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠢ᠌ᠯᠠᠯ᠂  ᠣᠯᠠᠨ ᠵᠦᠢ᠍ᠯ᠎ᠤᠨ ᠲᠡᠭᠡᠭᠡᠪᠦᠷᠢ ᠵᠢᠨ ᠬᠡᠯᠪᠡᠷᠢ ᠠᠯᠤᠰᠯᠠᠭᠰᠠᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ᠂ ᠬᠠᠩᠭ᠋ᠠᠯᠭ᠎ᠠ ᠵᠢᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ ᠵᠢᠨ ᠠᠭᠤᠰᠤᠯᠴᠠᠭᠰᠠᠨ ᠠᠵᠤ ᠠᠬᠤᠢ᠌ᠯᠠᠯ ᠵᠡᠷᠭᠡ ᠵᠢ ᠪᠠᠭᠲᠠᠭ᠋ᠠᠨ᠎ᠠ᠃ ᠵᠣᠬᠢᠬᠤ ᠬᠡᠪᠴᠢᠶ᠎ᠡ ᠪᠠ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ᠎ᠳᠤ ᠬᠦᠷᠴᠦ᠂ ᠨᠡᠯᠢᠶᠡᠳ ᠴᠢᠩᠭ᠎ᠠ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠂ ᠠᠵᠢᠯ ᠲᠥᠷᠥᠯ᠎ᠤᠨ ᠨᠥᠯᠥᠭᠡᠯᠡᠬᠦ ᠬᠦᠴᠦᠨ᠂ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠪᠠ ᠬᠥᠭᠵᠢᠯᠲᠡ ᠵᠢᠨ ᠳᠠᠯᠳᠠ ᠬᠦᠴᠦᠨ᠎ᠢ ᠪᠦᠷᠢᠯᠳᠦᠭᠦᠯᠵᠦ᠂ ᠲᠣᠭ᠋ᠠᠴᠢᠯᠠᠭᠰᠠᠨ ᠪᠣᠬᠢᠷᠲᠤᠯ ᠥᠬᠡᠶ ᠬᠥᠭᠵᠢᠯᠲᠡ ᠵᠢᠨ ᠬᠢᠷᠢ ᠲᠦᠪᠰᠢᠨ᠂ ᠦᠢᠯᠡᠴᠢᠯᠡᠭᠡᠨ᠎ᠤ ᠶᠠᠰᠤ ᠴᠢᠨᠠᠷ᠎ᠢ ᠠᠵᠢᠯ ᠲᠥᠷᠥᠯ᠎ᠤᠨ ᠲᠡᠷᠢᠭᠦᠨ᠎ᠤ ᠪᠠᠢ᠌ᠷᠢᠨ᠎ᠳᠤ ᠪᠠᠢ᠌ᠯᠭ᠋ᠠᠵᠤ᠂ ᠵᠢᠵᠢᠭ ᠪᠢᠴᠢᠯ ᠠᠵᠤ ᠠᠬᠤᠢ᠌ᠯᠠᠯ᠎ᠳᠤ ᠮᠡᠷᠭᠡᠵᠢᠯ᠎ᠤᠨ ᠦᠢᠯᠡᠴᠢᠯᠡᠭᠡ᠂ ᠰᠢᠢᠳᠪᠦᠷᠢᠯᠡᠬᠦ ᠲᠥᠰᠦᠯ ᠵᠡᠷᠭᠡ ᠲᠠᠯ᠎ᠠ᠎ᠪᠠᠷ ᠢᠳᠡᠪᠬᠢᠲᠡᠶ ᠳᠡᠮᠵᠢᠯᠭᠡ ᠬᠠᠩᠭ᠋ᠠᠵᠤ᠂ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ᠃
    ᠳᠣᠤᠷᠠᠬᠢ ᠳᠥᠷᠪᠡᠨ ᠵᠦᠢᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ᠂ ᠠᠵᠤ ᠠᠬᠤᠢ᠌ᠯᠠᠯ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠪᠠᠷᠢᠮᠵᠢᠶ᠎ᠠ ᠪᠠ ᠠᠵᠢᠯ᠎ᠤᠨ ᠵᠦᠭᠯᠡᠭᠦᠷ᠎ᠢ ᠦᠨᠳᠦᠰᠦᠯᠡᠨ ᠮᠠᠭ᠋ᠠᠳᠯᠠᠨ ᠲᠣᠭᠲᠠᠭ᠋ᠠᠵᠤ᠂ ᠠᠢ᠌ᠮᠠᠭ ᠬᠣᠲᠠ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ᠃
    (ᠨᠢᠭᠡ) ᠨᠢᠭᠡᠨᠲᠡ ᠪᠠᠢ᠌ᠭ᠎ᠠ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ᠃ ᠬᠡᠪᠴᠢᠶᠡᠵᠢᠯ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠡᠬᠢ ᠪᠠᠶᠠᠯᠢᠭ ᠵᠶ᠋ᠠᠨ ᠡᠮᠬᠢᠯᠡᠨ ᠨᠡᠢ᠌ᠯᠡᠭᠦᠯᠬᠦ᠂ ᠬᠡᠪᠴᠢᠶ᠎ᠡ᠎ᠪᠠᠨ ᠥᠷᠭᠡᠳᠬᠡᠬᠦ ᠵᠢ ᠳᠡᠮᠵᠢᠵᠦ᠂     《ᠵᠢᠵᠢᠭ ᠲᠠᠷᠠᠬᠠᠶ ᠪᠠᠭᠤᠷᠠᠶ》 ᠪᠠᠢ᠌ᠳᠠᠯ᠎ᠢ ᠬᠤᠪᠢᠷᠠᠭᠤᠯᠤᠨ᠎ᠠ; ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠡᠨ ᠨᠡᠮᠡᠭᠳᠡᠭᠦᠯᠵᠦ᠂ ᠤᠯᠤᠰ᠎ᠤᠨ ᠳᠣᠲᠣᠭ᠋ᠠᠳᠤ ᠵᠢᠨ ᠨᠡᠷᠡᠲᠦ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠲᠠᠲᠠᠵᠤ ᠮᠠᠨ᠎ᠤ ᠣᠷᠣᠨ᠎ᠳᠤ ᠨᠤᠲᠤᠭᠰᠢᠭᠤᠯᠤᠨ᠂ ᠣᠷᠣᠨ᠎ᠤ ᠳᠣᠲᠣᠷ᠎ᠠ ᠭᠠᠳᠠᠨᠠᠬᠢ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠨᠡᠢ᠌ᠯᠡᠭᠦᠯᠦᠨ ᠳᠠᠬᠢᠨ ᠵᠣᠬᠢᠶᠠᠨ ᠪᠠᠢ᠌ᠭᠤᠯᠬᠤ᠂ ᠬᠠᠮᠵᠢᠯᠴᠠᠬᠤ ᠬᠣᠯᠪᠣᠭ᠎ᠠ ᠪᠠᠢ᠌ᠭᠤᠯᠬᠤ ᠵᠢ ᠵᠣᠷᠢᠭᠵᠢᠭᠤᠯᠵᠤ᠂ ᠣᠷᠣᠨ ᠪᠦᠰᠡ ᠵᠢᠨ ᠥᠷᠢᠰᠥᠯᠳᠦᠬᠦ ᠬᠦᠴᠦᠨ᠎ᠲᠠᠢ ᠲᠣᠮᠣ ᠬᠡᠯᠪᠡᠷᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠬᠢᠶᠠᠨ ᠪᠠᠢ᠌ᠭᠤᠯᠤᠨ᠎ᠠ; ᠲᠠᠪᠴᠠᠩ᠎ᠤᠨ ᠠᠵᠤ ᠠᠬᠤᠢ᠌ᠯᠠᠯ᠎ᠨᠢ ᠶᠡᠷᠦᠩᠬᠡᠢ᠌ᠯᠡᠭᠰᠡᠨ ᠪᠠᠷᠠᠭ᠋ᠠᠨ᠎ᠤ ᠭᠦᠢ᠍ᠯᠭᠡᠭᠡ ᠵᠢᠨ ᠲᠠᠪᠴᠠᠩ᠎ᠤᠨ ᠠᠵᠤ ᠠᠬᠤᠢ᠌ᠯᠠᠯ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠳᠠᠮᠵᠢᠵᠤ᠂ ᠲᠠᠷᠠᠬᠠᠶ ᠪᠤᠲᠠᠷᠬᠠᠶ ᠲᠡᠭᠡᠭᠡᠪᠦᠷᠢᠯᠡᠬᠦ ᠬᠦᠴᠦᠨ᠎ᠤ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠦᠨ᠎ᠡ᠃
    (ᠬᠣᠶᠠᠷ) ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠲᠦᠷᠭᠡᠳᠬᠡᠨ ᠬᠥᠭᠵᠢᠭᠦᠯᠦᠨ᠎ᠡ᠃ ᠠᠵᠤ ᠠᠬᠤᠢ᠌ᠯᠠᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠢᠨ᠎ᠡ ᠮᠡᠷᠭᠡᠵᠢᠯ᠂ ᠰᠢᠨ᠎ᠡ ᠵᠠᠭᠪᠤᠷ᠎ᠢ ᠬᠡᠷᠡᠭᠯᠡᠭᠦᠯᠵᠦ᠂ ᠣᠷᠳᠣᠰ᠂ ᠦᠬᠠᠶ ᠵᠡᠷᠭᠡ ᠭᠠᠵᠠᠷ᠎ᠲᠤ ᠬᠣᠣᠰ ᠴᠢᠷᠦᠭᠦᠯ ᠮᠠᠰᠢᠨ ᠲᠡᠷᠭᠡᠨ᠎ᠤ ᠴᠤᠪᠤᠭ᠎ᠠ ᠲᠡᠷᠭᠡ ᠵᠢᠨ ᠲᠡᠭᠡᠭᠡᠪᠦᠷᠢ᠂ ᠠᠦ᠋ᠲ᠋ᠣ᠋ ᠵᠢᠯᠣᠭᠣᠳᠣᠯᠭ᠎ᠠ ᠵᠢᠨ ᠳᠤᠭᠤᠢ᠌ᠯᠠᠩ ᠬᠤᠪᠢᠶᠠᠭᠰᠠᠨ ᠵᠠᠭᠪᠤᠷ᠎ᠤᠨ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠵᠢ ᠥᠷᠨᠢᠭᠦᠯᠦᠨ᠎ᠡ; ᠴᠠᠬᠢᠯᠭ᠋ᠠᠨ ᠨᠡᠭᠦᠷᠡᠰᠦ ᠵᠡᠷᠭᠡ ᠳᠤᠮᠳᠠ ᠣᠬᠣᠷ ᠵᠠᠶ ᠵᠢᠨ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠲᠠᠯᠠᠪᠠᠢ᠎ᠳᠤ ᠲᠦᠰᠢᠭᠯᠡᠨ᠂ ᠪᠤᠭᠤᠲᠤ ᠵᠡᠷᠭᠡ ᠭᠠᠵᠠᠷ᠎ᠲᠤ 《ᠡᠬᠡ ᠬᠠᠭᠤᠷᠠᠶ ᠵᠢᠨ ᠭᠠᠷᠠᠮ + ᠴᠢᠩᠭᠡᠯᠢᠭ + ᠰᠢᠨ᠎ᠡ ᠡᠨᠧᠷᠭᠢ ᠵᠢᠨ ᠬᠦᠨᠳᠦ ᠠᠴᠢᠶᠠᠨ ᠮᠠᠰᠢᠨ》᠎ᠤ ᠪᠣᠬᠢᠷᠲᠤᠯ ᠥᠬᠡᠶ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠵᠢ ᠳᠡᠯᠭᠡᠷᠡᠭᠦᠯᠦᠨ᠎ᠡ; ᠭᠠᠭᠴᠠᠮᠤᠳᠤ ᠵᠡᠷᠭᠡ ᠬᠢᠯᠢ ᠵᠢᠨ ᠪᠣᠭᠣᠮᠲᠠ᠎ᠳᠤ AGV᠂ ᠵᠢᠯᠣᠭᠣᠴᠢ ᠥᠬᠡᠶ ᠴᠢᠩᠭᠡᠯᠢᠭ ᠠᠴᠢᠶᠠᠨ ᠮᠠᠰᠢᠨ᠎ᠤ ᠬᠢᠯᠢ ᠠᠯᠤᠰᠯᠠᠨ ᠲᠡᠭᠡᠭᠡᠪᠦᠷᠢᠯᠡᠬᠦ ᠵᠢᠱ᠌ᠢᠶ᠎ᠡ ᠦᠵᠡᠭᠦᠯᠬᠦ ᠵᠢ ᠥᠷᠨᠢᠭᠦᠯᠵᠦ᠂ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠨ TIR ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ ᠥᠷᠨᠢᠭᠦᠯᠬᠦ ᠵᠢ ᠳᠡᠮᠵᠢᠨ᠎ᠡ᠃
    (ᠭᠤᠷᠪᠠ) ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ ᠵᠢ ᠢᠳᠡᠪᠬᠢᠲᠡᠶ᠎ᠪᠠᠷ ᠵᠣᠬᠢᠶᠠᠨ ᠪᠠᠢ᠌ᠭᠤᠯᠤᠨ᠎ᠠ᠃ ᠮᠠᠨ᠎ᠤ ᠣᠷᠣᠨ᠎ᠤ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠣᠯᠠᠨ ᠡᠰᠢᠵᠢᠭᠰᠡᠨ ᠳᠠᠪᠠᠭᠤᠯᠢᠭ᠎ᠢ ᠪᠠᠳᠠᠷᠠᠭᠤᠯᠵᠤ᠂ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ᠎ᠪᠠᠷ ᠠᠵᠠ ᠲᠣᠬᠢᠶᠠᠯ ᠪᠣᠯᠭ᠋ᠠᠵᠤ᠂ ᠲᠡᠮᠦᠷ ᠵᠠᠮ᠎ᠤᠨ ᠪᠡᠯᠡ ᠨᠡᠢ᠌ᠯᠡᠭᠦᠯᠦᠭᠰᠡᠨ ᠺᠣᠮᠫᠠᠨᠢ ᠪᠠᠢ᠌ᠭᠤᠯᠬᠤ ᠵᠢ ᠠᠬᠢᠭᠤᠯᠤᠨ᠎ᠠ᠃ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠢ᠌ᠯᠠᠯ ᠵᠶ᠋ᠠᠷ ᠭᠣᠣᠯ ᠪᠣᠯᠭ᠋ᠠᠭᠰᠠᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ ᠵᠢ ᠪᠣᠢ᠌ᠵᠢᠭᠤᠯᠵᠤ᠂ 《ᠨᠢᠭᠡ ᠪᠠᠷᠢᠮᠲᠠ ᠵᠢᠨ ᠳᠦᠷᠢᠮ》᠂ 《ᠨᠢᠭᠡ ᠴᠢᠩᠬᠡᠯᠢᠭ᠎ᠤᠨ ᠳᠦᠷᠢᠮ》᠎ᠤᠨ ᠬᠥᠭᠵᠢᠯᠲᠡ ᠵᠢ ᠲᠦᠷᠭᠡᠳᠬᠡᠵᠦ᠂ 《ᠭᠣᠣᠯ ᠱᠤᠭᠤᠮ᠎ᠤᠨ ᠲᠡᠮᠦᠷ ᠵᠠᠮ + ᠰᠠᠯᠪᠤᠷᠢ ᠱᠤᠭᠤᠮ᠎ᠤᠨ ᠰᠢᠨ᠎ᠡ ᠡᠨᠧᠷᠭᠢ ᠵᠢᠨ ᠵᠦᠭᠡᠭᠡᠪᠦᠷᠢᠯᠡᠬᠦ》 ᠲᠡᠭᠡᠭᠡᠪᠦᠷᠢ ᠵᠢᠨ ᠵᠠᠭᠪᠤᠷ᠎ᠢ ᠪᠠᠢ᠌ᠭᠤᠯᠤᠨ᠎ᠠ᠃
    (ᠳᠥᠷᠪᠡᠨ) ᠬᠠᠩᠭ᠋ᠠᠯᠭ᠎ᠠ ᠵᠢᠨ ᠬᠡᠯᠬᠢᠶᠡᠰᠦ ᠵᠢᠨ ᠳᠡᠭᠡᠳᠤ ᠳᠣᠣᠷᠠᠳᠤ ᠬᠡᠯᠬᠢᠶ᠎ᠡ ᠵᠢ ᠠᠭᠤᠰᠣᠯᠴᠠᠭᠤᠯᠬᠤ ᠬᠡᠯᠪᠡᠷᠢ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠢ ᠶᠡᠬᠡ᠎ᠪᠠᠷ ᠬᠥᠭᠵᠢᠭᠦᠯᠦᠨ᠎ᠡ᠃             《ᠵᠠᠰᠠᠭ ᠵᠢᠨ ᠣᠷᠳᠣᠨ ᠠᠵᠤ ᠠᠬᠤᠢ᠌ᠯᠠᠯ ᠲᠡᠭᠡᠭᠡᠪᠦᠷᠢ》 ᠵᠢᠨ ᠵᠣᠬᠢᠴᠠᠭᠤᠯᠬᠤ ᠲᠣᠭᠲᠠᠴᠠ᠎ᠳᠤ ᠲᠦᠰᠢᠭᠯᠡᠨ᠂ ᠳᠠᠭ᠋ᠠᠭᠤᠯᠤᠭᠴᠢ ᠠᠵᠤ ᠠᠬᠤᠢ᠌ᠯᠠᠯ ᠬᠢᠭᠡᠳ ᠡᠨᠧᠷᠭᠢ᠂ ᠦᠢᠯᠡᠳᠬᠦ᠂ ᠠᠷᠠᠯᠵᠢᠶ᠎ᠠ ᠬᠤᠳᠠᠯᠳᠤᠭ᠎ᠠ᠂ ᠰᠦ ᠵᠢᠨ ᠦᠢᠯᠡᠰ᠂ ᠲᠦᠭᠦᠬᠡᠶ ᠰᠣᠷᠭᠣᠭ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠡᠷᠭᠡ ᠲᠣᠮᠣ ᠬᠡᠯᠪᠡᠷᠢ ᠵᠢᠨ ᠪᠠᠷᠠᠭ᠋ᠠᠨ᠎ᠤ ᠡᠵᠡᠨ᠎ᠤ ᠠᠵᠤ ᠠᠬᠤᠢ᠌ᠯᠠᠯ᠎ᠤᠨ ᠬᠠᠩᠭ᠋ᠠᠯᠭ᠎ᠠ ᠬᠡᠷᠡᠭᠴᠡᠭᠡ᠎ᠲᠠᠢ ᠵᠣᠯᠭ᠋ᠠᠭᠤᠯᠬᠤ ᠵᠢ ᠳᠡᠮᠵᠢᠵᠦ᠂ ᠬᠠᠩᠭ᠋ᠠᠯᠭ᠎ᠠ ᠵᠢᠨ ᠬᠡᠯᠬᠢᠶᠡᠰᠦ ᠵᠢᠨ ᠠᠵᠤ ᠠᠬᠤᠢ᠌ᠯᠠᠯ᠎ᠤᠨ ᠬᠣᠯᠪᠣᠭ᠎ᠠ ᠪᠠᠢ᠌ᠭᠤᠯᠬᠤ ᠵᠢ ᠠᠬᠢᠭᠤᠯᠤᠨ᠂ ᠬᠠᠩᠭ᠋ᠠᠯᠭ᠎ᠠ ᠵᠢᠨ ᠬᠡᠯᠬᠢᠶᠡᠰᠦ ᠵᠢᠨ ᠬᠠᠮᠵᠢᠯᠴᠠᠨ ᠬᠥᠭᠵᠢᠬᠦ ᠵᠠᠭᠪᠤᠷ᠎ᠲᠤ ᠰᠢᠨ᠎ᠡ ᠵᠢ ᠡᠭᠦᠳᠴᠦ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭ᠋ᠠᠯᠠᠬᠤ᠂ ᠡᠳ᠋ᠰᠢᠭᠦᠯᠬᠦ᠂ ᠳᠣᠭᠢᠷᠠᠭᠤᠯᠤᠨ ᠬᠦᠷᠭᠡᠬᠦ ᠵᠡᠷᠭᠡ ᠨᠢᠭᠡ ᠴᠣᠭᠴᠠᠵᠢᠭᠤᠯᠤᠭᠰᠠᠨ ᠪᠠᠷᠠᠭ᠋ᠠᠨ᠎ᠤ  ᠭᠦᠢ᠍ᠯᠭᠡᠭᠡ ᠵᠢᠨ ᠦᠢ᠍ᠯᠡᠴᠢᠯᠡᠭᠡ ᠬᠠᠩᠭ᠋ᠠᠨ᠎ᠠ᠃
    ᠭᠤᠷᠪᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ
    (ᠨᠢᠭᠡ) ᠳᠠᠭ᠋ᠠᠭᠤᠯᠤᠭᠴᠢ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ
    1. ᠣᠷᠣᠨ ᠨᠤᠲᠤᠭ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠦᠢᠯᠡᠴᠢᠯᠡᠭᠡᠨ᠎ᠤ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠬᠦᠯᠵᠦ᠂ ᠠᠵᠢᠯ ᠲᠥᠷᠥᠯ᠎ᠤᠨ ᠨᠡᠢ᠌ᠭᠡᠮᠯᠢᠭ᠂ ᠠᠵᠤ ᠠᠬᠤᠢ᠌ᠯᠠᠯ᠎ᠤᠨ ᠥᠨᠳᠥᠷ ᠡᠬᠢᠯᠡᠯᠲᠡ᠎ᠲᠠᠢ᠎ᠪᠠᠷ ᠥᠪᠥᠷ ᠮᠣᠩᠭᠣᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠪᠦᠯᠬᠦᠮ ᠨᠡᠢ᠌ᠲᠡ ᠵᠢᠨ ᠪᠠᠷᠢᠮᠵᠢᠶ᠎ᠠ ᠪᠠ ᠠᠵᠤ ᠠᠬᠤᠢ᠌ᠯᠠᠯ᠎ᠤᠨ ᠪᠠᠷᠢᠮᠵᠢᠶ᠎ᠠ ᠲᠣᠭᠲᠠᠭ᠋ᠠᠬᠤ ᠵᠢ ᠵᠣᠷᠢᠭᠵᠢᠭᠤᠯᠤᠨ᠂ ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠠᠷᠢᠮᠵᠢᠶ᠎ᠠ᠎ᠲᠠᠢ ᠬᠠᠷᠭᠤᠭᠤᠯᠬᠤ ᠪᠠ ᠪᠠᠷᠢᠮᠵᠢᠶ᠎ᠠ᠎ᠳᠤ ᠬᠦᠷᠦᠭᠦᠯᠬᠦ ᠵᠢ ᠠᠬᠢᠭᠤᠯᠵᠤ᠂ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
    2. ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠠᠪᠴᠠᠩ᠎ᠤᠨ ᠲᠤᠬᠠᠢ᠌ᠯᠠᠭᠰᠠᠨ ᠠᠵᠢᠯ᠎ᠤᠨ ᠲᠣᠭ᠎ᠠ ᠪᠠᠷᠢᠮᠲᠠ ᠵᠢ ᠬᠠᠮᠲᠤᠷᠠᠯᠴᠠᠭᠰᠠᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ᠂ ᠬᠠᠩᠭ᠋ᠠᠯᠭ᠎ᠠ ᠵᠢᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ ᠵᠢᠨ ᠬᠠᠮᠢᠶ᠎ᠠ ᠪᠥᠬᠥᠶ ᠠᠵᠤ ᠠᠬᠤᠢ᠌ᠯᠠᠯ ᠲᠡᠢ᠌ᠰᠢ ᠨᠡᠭᠡᠭᠡᠯᠲᠡ ᠬᠢᠬᠦ ᠵᠢ ᠠᠬᠢᠭᠤᠯᠵᠤ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠎ᠪᠠᠷ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃
    3. ᠣᠷᠣᠨ ᠨᠤᠲᠤᠭ᠎ᠤᠨ ᠲᠡᠮᠦᠷ ᠵᠠᠮ᠂ ᠪᠡᠯᠡ ᠨᠡᠢ᠌ᠯᠡᠭᠦᠯᠦᠭᠰᠡᠨ ᠲᠡᠮᠦᠷ ᠵᠠᠮ᠂ ᠲᠡᠮᠦᠷ ᠵᠠᠮ᠎ᠤᠨ ᠲᠤᠰᠬᠠᠶ ᠱᠤᠭᠤᠮ (  ᠲᠥᠪᠯᠡᠷᠡᠭᠦᠯᠦᠨ ᠠᠴᠢᠶᠠᠯᠠᠬᠤ ᠥᠷᠲᠡᠭᠡ) ᠵᠡᠷᠭᠡ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠲᠡᠭᠡᠭᠡᠪᠦᠷᠢ ᠵᠢᠨ ᠦᠨ᠎ᠡ ᠵᠢ ᠵᠦᠶ ᠵᠣᠬᠢᠰᠲᠠᠶ ᠪᠠᠭᠤᠷᠠᠭᠤᠯᠤᠨ᠎ᠠ᠃
    4. ᠲᠡᠮᠦᠷ ᠵᠠᠮ᠎ᠤᠨ ᠠᠵᠤ ᠠᠬᠤᠢ᠌ᠯᠠᠯ᠎ᠳᠤ ᠬᠣᠯᠪᠣᠭᠳᠠᠭᠰᠠᠨ ᠲᠣᠭᠲᠠᠭ᠋ᠠᠯ᠎ᠠᠴᠠ ᠵᠥᠷᠢᠴᠡᠨ ᠰᠦᠢᠳᠬᠡᠯ ᠬᠤᠷᠢᠶᠠᠬᠤ ᠵᠢ ᠴᠡᠭᠴᠡᠯᠡᠨ ᠵᠠᠰᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠨ ᠲᠡᠮᠦᠷ ᠵᠠᠮ᠎ᠤᠨ ᠲᠤᠰᠬᠠᠶ ᠱᠤᠭᠤᠮ  (ᠲᠥᠪᠯᠡᠷᠡᠭᠦᠯᠦᠨ ᠠᠴᠢᠶᠠᠯᠠᠬᠤ ᠥᠷᠲᠡᠭᠡ)᠎ᠤᠨ ᠪᠥᠲᠥᠭᠡᠨ ᠪᠠᠢ᠌ᠭᠤᠯᠬᠤ ᠵᠢᠨ ᠪᠠᠷᠢᠯᠭ᠎ᠠ ᠵᠢᠨ ᠬᠠᠮᠵᠢᠯᠴᠠᠭ᠎ᠠ᠂ ᠠᠵᠢᠯᠯᠠᠭ᠋ᠠᠨ᠎ᠤ ᠬᠠᠮᠠᠭ᠋ᠠᠯᠠᠯᠲᠠ ᠪᠠᠷᠢᠯᠭ᠎ᠠ ᠵᠢᠨ ᠠᠵᠢᠯ᠂ ᠥᠨᠳᠥᠷ ᠬᠦᠴᠦᠳᠡᠯ᠎ᠲᠠᠢ ᠣᠢ᠌ᠷᠠᠲᠤᠭᠰᠠᠨ ᠲᠣᠤᠷ᠎ᠲᠤ ᠴᠠᠬᠢᠯᠭ᠋ᠠᠨ ᠬᠡᠷᠡᠭᠯᠡᠬᠦ ᠵᠢᠴᠢ ᠬᠥᠮᠥᠷᠭᠡᠯᠡᠨ ᠬᠠᠳᠠᠭ᠋ᠠᠯᠠᠬᠤ᠂ ᠥᠷᠲᠡᠭᠡ ᠲᠠᠪᠴᠠᠩ᠎ᠳᠤ ᠬᠡᠷᠡᠭᠯᠡᠬᠦ ᠵᠡᠷᠭᠡ ᠵᠠᠷᠤᠳᠠᠯ ᠬᠤᠷᠢᠶᠠᠬᠤ ᠵᠢ ᠵᠠᠯᠠᠷᠠᠭᠤᠯᠤᠨ ᠵᠠᠰᠠᠨ᠎ᠠ; ᠲᠡᠮᠦᠷ ᠵᠠᠮ᠎ᠤᠨ ᠲᠤᠰᠬᠠᠶ ᠱᠤᠭᠤᠮ᠎ᠤᠨ ᠰᠡᠯᠪᠢᠨ ᠵᠠᠰᠠᠬᠤ ᠵᠠᠷᠤᠳᠠᠯ᠎ᠢ ᠪᠠᠭᠤᠷᠠᠭᠤᠯᠤᠨ᠎ᠠ᠃
    (ᠬᠣᠶᠠᠷ) ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠠᠷᠠᠭ᠋ᠠᠨ᠎ᠤ ᠢᠷᠡᠯᠲᠡ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ
    5. ᠠᠢ᠌ᠮᠠᠭ ᠬᠣᠲᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠱᠠᠲᠤ ᠬᠤᠪᠢᠶᠠᠨ ᠲᠦᠷᠦᠭᠦᠯᠡᠭᠰᠡᠨ ᠵᠠᠰᠠᠭ᠎ᠤᠨ ᠣᠷᠳᠣᠨ ᠠᠵᠤ ᠠᠬᠤᠢ᠌ᠯᠠᠯ ᠲᠡᠭᠡᠭᠡᠪᠦᠷᠢ ᠵᠢᠨ 《ᠬᠣᠶᠠᠷ ᠲᠠᠯ᠎ᠠ᠎ᠠᠴᠠ ᠡᠷᠢᠬᠦ》 ᠵᠢ ᠵᠣᠯᠭ᠋ᠠᠭᠤᠯᠬᠤ ᠲᠣᠭᠲᠠᠴᠠ ᠵᠢ ᠪᠠᠢ᠌ᠭᠤᠯᠵᠤ᠂ ᠲᠡᠭᠡᠭᠡᠪᠦᠷᠢ ᠵᠢᠨ ᠠᠵᠤ ᠠᠬᠤᠢ᠌ᠯᠠᠯ᠎ᠢ ᠬᠠᠪᠰᠤᠷᠤᠨ ᠬᠥᠭᠵᠢᠯᠲᠡ ᠵᠢ᠎ᠨᠢ ᠰᠦᠪᠡᠭᠴᠢᠯᠡᠭᠦᠯᠵᠦ᠂ ᠦᠢᠯᠡᠳᠪᠦᠷᠢᠯᠡᠯ᠎ᠤᠨ ᠠᠵᠤ ᠠᠬᠤᠢ᠌ᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠲᠦᠯᠬᠢᠨ ᠠᠬᠢᠭᠤᠯᠤᠨ᠎ᠠ; ᠬᠣᠶᠠᠷ ᠲᠠᠯ᠎ᠠ᠎ᠪᠠᠷ ᠵᠶ᠋ᠠᠨ ᠤᠷᠲᠤ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠬᠤ ᠵᠢ ᠵᠣᠷᠢᠭᠵᠢᠭᠤᠯᠵᠤ᠂ 《ᠶᠡᠷᠦᠩᠬᠡᠢ᠎ᠠᠴᠠ ᠶᠡᠷᠦᠩᠬᠡᠢ᠎ᠳᠠᠬᠢ》 ᠪᠠᠷᠠᠭ᠋ᠠᠨ᠎ᠤ ᠭᠦᠢ᠍ᠯᠭᠡᠭᠡ ᠵᠢᠨ ᠬᠠᠩᠭ᠋ᠠᠯᠭ᠎ᠠ ᠵᠢᠨ ᠬᠡᠯᠬᠢᠶᠡᠨ᠎ᠤ ᠬᠠᠮᠲᠤᠷᠠᠯᠴᠠᠭ᠎ᠠ ᠵᠢ ᠥᠷᠨᠢᠭᠦᠯᠦᠨ᠎ᠡ᠃
    6. ᠳᠠᠭ᠋ᠠᠭᠤᠯᠤᠭᠴᠢ ᠠᠵᠤ ᠠᠬᠤᠢ᠌ᠯᠠᠯ ᠬᠢᠭᠡᠳ ᠨᠡᠭᠦᠷᠡᠰᠦ᠂ ᠨᠡᠭᠦᠷᠡᠰᠦ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ᠂ ᠪᠣᠯᠣᠳ ᠲᠡᠮᠦᠷ ᠬᠠᠢ᠌ᠯᠤᠭᠤᠯᠬᠤ ᠦᠢ᠍ᠯᠡᠳᠪᠦᠷᠢᠯᠡᠬᠦ ᠦᠢ᠍ᠯᠡᠳᠬᠦ ᠦᠢ᠍ᠯᠡᠰ᠎ᠯᠦᠭᠡ ᠠᠭᠤᠰᠤᠯᠴᠠᠨ ᠬᠥᠭᠵᠢᠬᠦ ᠵᠢ ᠬᠥᠲᠥᠯᠥᠨ ᠵᠢᠯᠣᠭᠣᠳᠴᠤ᠂ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠬᠤ᠂ ᠰᠲ᠋ᠣᠺ᠎ᠤᠨ ᠡᠷᠬᠡ ᠵᠢᠨ ᠬᠠᠮᠲᠤᠷᠠᠯᠴᠠᠭ᠎ᠠ᠂ ᠠᠵᠤ ᠦᠢ᠍ᠯᠡᠰ᠎ᠤᠨ ᠬᠣᠯᠪᠣᠭ᠎ᠠ᠎ᠪᠠᠷ ᠳᠠᠮᠵᠢᠭᠤᠯᠤᠨ᠂ ᠦᠢ᠍ᠯᠡᠳᠪᠦᠷᠢᠯᠡᠵᠦ ᠪᠣᠷᠣᠯᠠᠭᠤᠯᠬᠤ ᠲᠡᠭᠡᠭᠡᠪᠦᠷᠢᠯᠡᠬᠦ ᠵᠢᠨ ᠬᠠᠮᠵᠢᠯᠴᠠᠨ ᠬᠥᠭᠵᠢᠬᠦ ᠵᠢ ᠪᠡᠶᠡᠯᠡᠭᠦᠯᠦᠨ᠎ᠡ᠃
    7. ᠾᠧᠪᠧᠶ᠂ ᠯᠢᠶᠣᠤᠨᠢᠩ᠂ ᠲᠢᠶᠠᠨᠵᠢᠨ ᠵᠡᠷᠭᠡ ᠭᠠᠵᠠᠷ᠎ᠤᠨ ᠭᠠᠷᠠᠮ᠎ᠯᠤᠭ᠎ᠠ ᠬᠠᠮᠲᠤᠷᠠᠯᠴᠠᠬᠤ ᠲᠣᠭᠲᠠᠴᠠ ᠵᠢ ᠪᠠᠢ᠌ᠭᠤᠯᠵᠤ᠂ ᠪᠠᠷᠠᠭ᠎ᠠ ᠵᠢᠨ ᠢᠷᠡᠯᠲᠡ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ᠂ ᠳᠠᠭ᠋ᠠᠭᠤᠯᠤᠭᠴᠢ ᠠᠵᠤ ᠠᠬᠤᠢ᠌ᠯᠠᠯ᠎ᠳᠤ ᠪᠠᠷᠠᠭ᠎ᠠ ᠵᠢᠨ ᠢᠷᠡᠯᠲᠡ ᠵᠢᠨ ᠪᠤᠴᠠᠵᠤ ᠢᠷᠡᠬᠦ ᠮᠡᠳᠡᠭᠡ ᠵᠠᠩᠭᠢ ᠵᠢ ᠬᠠᠩᠭ᠋ᠠᠨ᠎ᠠ᠃
    (ᠭᠤᠷᠪᠠ) ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ
    8. 《ᠡᠬᠡ ᠬᠠᠭᠤᠷᠠᠶ ᠵᠢᠨ ᠭᠠᠷᠠᠮ + ᠰᠢᠨ᠎ᠡ ᠡᠨᠧᠷᠭᠢ + ᠴᠢᠩᠭᠡᠯᠢᠭ》 ᠵᠡᠷᠭᠡ ᠲᠡᠭᠡᠭᠡᠪᠦᠷᠢ ᠵᠢᠨ ᠲᠠᠯᠠᠪᠠᠢ ᠵᠢᠨ ᠪᠠᠢ᠌ᠷᠢᠰᠢᠭᠤᠯᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠵᠤ᠂ ᠢᠯᠡ᠎ᠪᠠᠷ ᠥᠷᠢᠰᠦᠯᠳᠦᠬᠦ ᠠᠷᠭ᠎ᠠ ᠮᠠᠶᠢᠭ᠎ᠢ ᠬᠡᠷᠡᠭᠯᠡᠨ ᠪᠠᠯᠠ ᠣᠷᠣᠭᠤᠯᠤᠯᠲᠠ᠂ ᠪᠥᠲᠥᠭᠡᠨ ᠪᠠᠢ᠌ᠭᠤᠯᠤᠯᠲᠠ᠂ ᠡᠵᠡᠩᠨᠡᠯᠲᠡ᠎ᠳᠤ ᠣᠷᠤᠯᠴᠠᠬᠤ ᠠᠵᠤ ᠠᠬᠤᠢ᠌ᠯᠠᠯ᠎ᠢ ᠰᠤᠩᠭᠤᠨ᠎ᠠ᠃
    9. ᠪᠥᠬᠥ ᠣᠷᠣᠨ᠎ᠤ ᠨᠢᠭᠡᠳᠦᠯᠲᠡᠶ ᠲᠣᠭ᠋ᠠᠴᠢᠯᠠᠭᠰᠠᠨ ᠪᠠᠷᠠᠭ᠋ᠠᠨ᠎ᠤ ᠭᠦᠢ᠍ᠯᠭᠡᠭᠡ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠭᠤᠯᠳᠤ᠎ᠪᠠᠷ ᠬᠠᠩᠭ᠋ᠠᠯᠭ᠎ᠠ ᠵᠢᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ᠂ ᠬᠥᠨᠳᠡᠯᠡᠨ ᠵᠶ᠋ᠡᠷ ᠰᠢᠦᠳᠠᠨ᠎ᠤ ᠶᠠᠪᠤᠳᠠᠯ᠂ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭ᠎ᠠ᠂ ᠬᠦᠢᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢᠨ ᠲᠠᠪᠴᠠᠩ ᠵᠢᠴᠢ ᠠᠳᠠᠯᠢ ᠪᠤᠰᠤ ᠲᠡᠭᠡᠭᠡᠪᠦᠷᠢ ᠵᠢᠨ ᠠᠷᠭ᠎ᠠ ᠬᠡᠯᠪᠡᠷᠢ ᠵᠢᠨ ᠬᠣᠭᠣᠷᠣᠨᠳᠣᠬᠢ ᠮᠡᠳᠡᠭᠡ ᠵᠠᠩᠭᠢ ᠵᠢᠨ ᠬᠠᠷᠢᠯᠴᠠᠨ ᠨᠡᠪᠲᠡᠷᠡᠯᠴᠡᠬᠦ ᠵᠠᠮ ᠮᠥᠷ᠎ᠢ ᠰᠠᠭ᠋ᠠᠳ ᠥᠬᠡᠶ ᠨᠡᠪᠲᠡᠷᠡᠭᠦᠯᠦᠨ᠂ ᠡᠨᠧᠷᠭᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠂ ᠦᠢᠯᠡᠳᠪᠦᠷᠢᠯᠡᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ᠂ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠦᠢᠯᠡᠴᠢᠯᠡᠭᠡᠨ᠎ᠤ ᠵᠦᠪᠯᠡᠯᠭᠡ᠂ ᠬᠠᠯᠠᠮᠰᠢᠯ ᠤᠲᠠᠰᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠵᠢ ᠨᠡᠮᠡᠭᠳᠡᠭᠦᠯᠦᠨ᠎ᠡ᠃
    10. ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠠᠭᠤᠷᠬᠠᠶ ᠵᠢᠨ ᠣᠷᠣᠨ᠂ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ ᠵᠡᠷᠭᠡ ᠲᠠᠯᠠᠪᠤᠷ ᠭᠠᠵᠠᠷ᠎ᠲᠤ ᠴᠠᠬᠢᠯᠭ᠋ᠠᠨ ᠴᠡᠨᠡᠭᠯᠡᠵᠦ ᠳ᠋ᠢᠶᠠᠨ ᠊ᠣᠣᠢ ᠰᠣᠯᠢᠬᠤ ᠲᠦᠭᠦᠭᠡᠷᠤᠮᠵᠢ ᠬᠢᠭᠡᠳ ᠴᠠᠬᠢᠯᠭ᠋ᠠᠨ ᠬᠥᠳᠡᠯᠭᠡᠭᠦᠷᠲᠦ ᠬᠦᠨᠳᠦ ᠠᠴᠢᠶᠠᠨ᠎ᠤ ᠮᠠᠰᠢᠨ᠂ ᠠᠭᠤᠷᠬᠠᠶ ᠵᠢᠨ ᠠᠴᠢᠶᠠᠨ᠎ᠤ ᠮᠠᠰᠢᠨ ᠵᠡᠷᠭᠡ ᠲᠤᠰᠬᠠᠶ ᠬᠡᠷᠡᠭᠯᠡᠬᠦ ᠲᠡᠷᠭᠡ ᠬᠥᠰᠬᠡ ᠵᠢᠨ ᠬᠠᠷᠢᠴᠠᠯ᠎ᠨᠢ 1᠄ 4᠎ᠠᠴᠠ ᠳᠣᠤᠷ᠎ᠠ ᠪᠠᠢ᠌ᠯᠭ᠋ᠠᠬᠤ ᠦᠭᠡᠢ᠎ᠪᠠᠷ ᠴᠠᠬᠢᠯᠭ᠋ᠠᠨ ᠴᠡᠨᠡᠭᠯᠡᠵᠦ ᠳ᠋ᠢᠶᠠᠨ ᠊ᠣᠣᠢ ᠰᠣᠯᠢᠬᠤ ᠲᠦᠭᠦᠭᠡᠷᠤᠮᠵᠢ ᠵᠢ ᠪᠠᠢ᠌ᠭᠤᠯᠤᠨ᠎ᠠ᠃
    11. ᠭᠠᠭᠴᠠᠮᠤᠳᠤ - ᠯᠢᠨᠾᠧ ᠵᠡᠷᠭᠡ 6 ᠵᠤᠷᠪᠤᠰ ᠬᠣᠯᠠ ᠵᠠᠶ ᠵᠢᠨ ᠰᠢᠨ᠎ᠡ ᠡᠨᠧᠷᠭᠢ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠵᠢᠱ᠌ᠢᠶ᠎ᠡ ᠦᠵᠡᠭᠦᠯᠬᠦ ᠨᠡᠪᠲᠡᠷᠡᠬᠦ ᠵᠠᠮ ᠵᠢᠴᠢ ᠡᠳᠦᠶ ᠲᠡᠳᠦᠶ ᠠᠭᠤᠷᠬᠠᠶ ᠵᠢᠨ ᠣᠷᠣᠨ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠎ᠤ ᠴᠠᠬᠢᠯᠭ᠋ᠠᠨ ᠴᠡᠨᠡᠭᠯᠡᠬᠦ (ᠳ᠋ᠢᠶᠠᠨ ᠊ᠣᠣᠢ ᠰᠣᠯᠢᠬᠤ) ᠥᠷᠲᠡᠭᠡ ᠵᠢ 300 ᠰᠠᠭᠤᠷᠢ ᠪᠠᠢ᠌ᠭᠤᠯᠤᠨ᠎ᠠ᠃
    12. ᠣᠨ᠎ᠤ ᠲᠡᠭᠡᠭᠡᠪᠦᠷᠢ ᠵᠢᠨ ᠬᠡᠷᠡᠭᠴᠡᠭᠡ 150 ᠲᠦᠮᠡᠨ ᠲᠣᠨ᠎ᠠᠴᠠ ᠳᠡᠭᠡᠭᠰᠢ ᠪᠠᠢ᠌ᠬᠤ ᠲᠣᠮᠣ ᠬᠡᠯᠪᠡᠷᠢ ᠵᠢᠨ ᠦᠢᠯᠡᠳᠪᠦᠷᠢ ᠠᠭᠤᠷᠬᠠᠶ ᠵᠢᠨ ᠠᠵᠤ ᠠᠬᠤᠢ᠌ᠯᠠᠯ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠤᠨ ᠰᠢᠨ᠎ᠡ᠎ᠪᠠᠷ ᠪᠠᠢ᠌ᠭᠤᠯᠬᠤ ᠲᠡᠮᠦᠷ ᠵᠠᠮ᠎ᠤᠨ ᠲᠤᠰᠬᠠᠶ ᠱᠤᠭᠤᠮ (ᠲᠥᠪᠯᠡᠷᠡᠭᠦᠯᠦᠨ ᠠᠴᠢᠶᠠᠯᠠᠬᠤ ᠥᠷᠲᠡᠭᠡ)᠎ᠤᠨ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠡᠮᠦᠷ ᠵᠠᠮ᠎ᠤᠨ ᠲᠥᠯᠥᠪᠵᠢᠭᠦᠯᠭᠡ᠎ᠳᠤ ᠣᠷᠣᠭᠤᠯᠤᠨ᠎ᠠ; ᠰᠢᠨ᠎ᠡ᠎ᠪᠠᠷ ᠪᠠᠢ᠌ᠭᠤᠯᠬᠤ ᠲᠡᠮᠦᠷ ᠵᠠᠮ᠎ᠤᠨ ᠲᠤᠰᠬᠠᠶ ᠱᠤᠭᠤᠮ᠎ᠨᠢ ᠥᠷᠲᠡᠭᠡ ᠲᠠᠯᠠᠪᠤᠷ ᠵᠶ᠋ᠠᠨ ᠨᠡᠭᠡᠭᠡᠵᠦ ᠦᠨ᠎ᠡ ᠲᠥᠯᠥᠪᠦᠷᠢ᠎ᠲᠠᠢ᠎ᠪᠠᠷ ᠬᠠᠮᠲᠤ ᠬᠡᠷᠡᠭᠯᠡᠨ᠂ ᠤᠷᠲᠤᠳᠬᠠᠨ ᠵᠠᠯᠭ᠋ᠠᠵᠤ ᠣᠷᠣᠭᠤᠯᠬᠤ ᠨᠥᠬᠥᠴᠡᠯ᠎ᠢ ᠤᠷᠢᠳᠴᠢᠯᠠᠨ ᠦᠯᠡᠳᠡᠭᠡᠨ᠎ᠡ; ᠲᠡᠮᠦᠷ ᠵᠠᠮ᠎ᠤᠨ ᠺᠣᠮᠫᠠᠨᠢ ᠬᠢᠭᠡᠳ ᠲᠡᠮᠦᠷ ᠵᠠᠮ᠎ᠤᠨ ᠲᠤᠰᠬᠠᠶ ᠱᠤᠭᠤᠮ (ᠲᠥᠪᠯᠡᠷᠡᠭᠦᠯᠦᠨ ᠠᠴᠢᠶᠠᠯᠠᠬᠤ ᠥᠷᠲᠡᠭᠡ)᠎ᠤᠨ ᠥᠮᠴᠢᠲᠡᠨ᠎ᠤ ᠨᠢᠭᠡᠴᠢ᠎ᠲᠠᠢ ᠬᠠᠮᠲᠤ᠎ᠪᠠᠷ ᠪᠠᠯᠠ ᠣᠷᠣᠭᠤᠯᠬᠤ᠂ ᠬᠠᠮᠲᠤ᠎ᠪᠠᠷ ᠪᠥᠲᠥᠭᠡᠨ ᠪᠠᠢ᠌ᠭᠤᠯᠬᠤ᠂ ᠬᠠᠮᠲᠤ᠎ᠪᠠᠷ ᠠᠵᠢᠯᠯᠠᠭᠤᠯᠵᠤ ᠬᠠᠮᠠᠭ᠋ᠠᠯᠠᠬᠤ ᠵᠢ ᠵᠣᠬᠢᠶᠠᠨ ᠪᠠᠢ᠌ᠭᠤᠯᠤᠨ᠎ᠠ᠃
    13. ᠨᠢᠭᠡᠨᠲᠡ ᠪᠠᠢ᠌ᠭ᠎ᠠ ᠲᠡᠮᠦᠷ ᠵᠠᠮ᠎ᠤᠨ ᠲᠤᠰᠬᠠᠶ ᠱᠤᠭᠤᠮ᠎ᠢ ᠲᠣᠢ᠌ᠯᠪᠤᠷᠢᠲᠠᠢ ᠪᠠᠢ᠌ᠴᠠᠭ᠋ᠠᠬᠤ ᠵᠢ ᠬᠡᠷᠡᠭᠵᠢᠭᠦᠯᠵᠦ᠂ ᠲᠡᠭᠡᠭᠡᠪᠦᠷᠢ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠠᠵᠤ ᠠᠬᠤᠢ᠌ᠯᠠᠯ᠎ᠤᠨ ᠤᠷᠲᠤᠳᠬᠠᠨ ᠰᠢᠨ᠎ᠡ᠎ᠪᠠᠷ ᠪᠠᠢ᠌ᠭᠤᠯᠬᠤ ᠵᠢ ᠳᠡᠮᠵᠢᠵᠦ᠂ ᠦᠷᠭᠦᠯᠵᠢᠯᠡᠨ ᠬᠡᠷᠡᠭᠯᠡᠬᠦ ᠵᠢ ᠬᠥᠭᠵᠢᠭᠡᠨ᠎ᠡ᠃
    14. ᠠᠵᠤ ᠦᠢᠯᠡᠰ᠎ᠤᠨ ᠵᠠᠮ᠎ᠢ 1000 ᠺᠢᠯᠣᠮᠧᠲᠷ ᠪᠥᠲᠥᠭᠡᠨ ᠪᠠᠢ᠌ᠭᠤᠯᠵᠤ᠂ ᠰᠢᠨ᠎ᠡ᠎ᠪᠠᠷ ᠠᠵᠤ ᠦᠢᠯᠡᠰ᠎ᠤᠨ ᠬᠦᠷᠢᠶᠡᠯᠡᠩ ᠲᠣᠭᠣᠷᠢᠭ ᠵᠢᠴᠢ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠂ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠎ᠠᠴᠠ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠨᠡᠪᠲᠡᠷᠡᠬᠦ ᠵᠠᠰᠠᠮᠠᠯ ᠵᠠᠮ᠎ᠢ 20 ᠨᠡᠮᠡᠭᠳᠡᠭᠦᠯᠵᠦ᠂ ᠭᠠᠭᠴᠠᠮᠤᠳᠤ᠂ ᠮᠠᠨᠳᠤᠯ ᠪᠣᠭᠣᠮᠲᠠ ᠵᠡᠷᠭᠡ 4 ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠢ ᠰᠢᠨ᠎ᠡ᠎ᠪᠠᠷ ᠪᠠᠢ᠌ᠭᠤᠯᠵᠤ᠂ ᠪᠤᠭᠤᠲᠤ ᠵᠢᠨ ᠲᠢᠶᠸ ᠵᠢᠶᠧ ᠵᠡᠷᠭᠡ 2 ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠢ ᠥᠭᠡᠷᠡᠴᠢᠯᠡᠵᠦ ᠥᠷᠭᠡᠳᠬᠡᠨ ᠪᠠᠢ᠌ᠭᠤᠯᠵᠤ᠂ ᠮᠠᠨᠵᠤᠤᠷ᠎ᠤᠨ ᠵᠠᠰᠠᠮᠠᠯ ᠵᠠᠮ᠎ᠤᠨ ᠪᠣᠭᠣᠮᠲᠠ ᠵᠢᠨ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ ᠠᠷᠠᠯᠵᠢᠶᠠᠨ᠎ᠤ ᠶᠡᠷᠦᠩᠬᠡᠢ᠌ᠯᠡᠭᠰᠡᠨ ᠴᠣᠭᠴᠠ ᠵᠡᠷᠭᠡ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠤᠨ ᠴᠢᠳᠠᠮᠵᠢ ᠵᠢ ᠥᠷᠭᠡᠳᠬᠡᠨ ᠲᠡᠭᠦᠯᠳᠡᠷᠵᠢᠭᠦᠯᠦᠨ᠎ᠡ᠃
    15. ᠲᠡᠮᠦᠷ ᠵᠠᠮ᠎ᠤᠨ ᠲᠣᠤᠷ ᠨᠥᠬᠥᠪᠥᠷᠢᠯᠡᠬᠦ᠂ ᠬᠡᠯᠬᠢᠶ᠎ᠡ ᠵᠢ ᠴᠢᠩᠭ᠋ᠠᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠵᠢᠨᠢᠩ᠎ᠠᠴᠠ ᠡᠷᠢᠶᠡᠨ ᠬᠦᠷᠬᠦ ᠲᠡᠮᠦᠷ ᠵᠠᠮ᠎ᠤᠨ ᠴᠢᠳᠠᠮᠵᠢ᠎ᠪᠠᠨ ᠦᠷᠭᠡᠳᠬᠡᠨ ᠦᠭᠡᠷᠡᠴᠢᠯᠡᠬᠦ ᠵᠢ ᠲᠦᠷᠭᠡᠳᠬᠡᠵᠦ᠂ ᠭᠠᠭᠴᠠᠮᠤᠳᠤ᠂  ᠴᠡᠭᠡ᠂ ᠮᠠᠨᠳᠤᠯ ᠵᠡᠷᠭᠡ ᠪᠣᠭᠣᠮᠲᠠ ᠵᠢᠨ ᠬᠢᠯᠢ ᠠᠯᠤᠰᠯᠠᠭᠰᠠᠨ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠲᠤᠯᠭ᠋ᠠᠭᠤᠷᠢᠯᠠᠨ᠎ᠠ᠃
    16. ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠷᠣᠨ ᠪᠠᠢ᠌ᠷᠢ ᠲᠣᠭᠲᠠᠭ᠋ᠠᠬᠤ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠦᠢᠯᠡᠴᠢᠯᠡᠭᠡᠨ᠎ᠤ ᠬᠤᠳᠠᠯᠳᠤᠭ᠋ᠠᠴᠢᠨ᠎ᠳᠤ ᠨᠡᠢ᠌ᠲᠡᠯᠢᠭ ᠥᠪᠡᠷ᠎ᠤᠨ ᠥᠷᠲᠡᠭ᠎ᠤᠨ ᠪᠠᠢ᠌ᠴᠠᠭ᠋ᠠᠯᠲᠠ ᠬᠢᠵᠦ᠂ ᠬᠡᠲᠦ ᠥᠨᠳᠥᠷ ᠰᠦᠢᠳᠬᠡᠯ ᠬᠤᠷᠢᠶᠠᠬᠤ ᠪᠠᠷᠢᠮᠵᠢᠶ᠎ᠠ ᠵᠢ ᠴᠠᠭ ᠲᠤᠬᠠᠶ᠎ᠳᠤ᠎ᠨᠢ ᠲᠣᠬᠢᠷᠠᠭᠤᠯᠤᠨ᠎ᠠ᠃
    (ᠳᠥᠷᠪᠡ) ᠳᠠᠭ᠋ᠠᠭᠤᠯᠤᠭᠴᠢ ᠠᠵᠤ ᠠᠬᠤᠢ᠌ᠯᠠᠯ᠎ᠳᠤ ᠦᠢᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ
    17. ᠵᠠᠮ᠎ᠤᠨ ᠥᠨᠳᠥᠷ᠎ᠢ ᠬᠢᠵᠠᠭ᠋ᠠᠷᠯᠠᠵᠤ ᠥᠷᠭᠡᠨ᠎ᠢ ᠬᠢᠵᠠᠭ᠋ᠠᠷᠯᠠᠬᠤ ᠲᠦᠭᠦᠭᠡᠷᠤᠮᠵᠢ ᠵᠢ ᠲᠣᠭᠲᠠᠭ᠋ᠠᠯ᠎ᠠᠴᠠ ᠵᠥᠷᠢᠴᠡᠨ ᠪᠠᠢ᠌ᠷᠢᠯᠠᠭᠤᠯᠬᠤ ᠵᠢ ᠵᠢᠭᠰᠠᠭ᠋ᠠᠨ ᠪᠠᠢ᠌ᠴᠠᠭ᠋ᠠᠵᠤ ᠢᠯᠭ᠋ᠠᠷᠠᠭᠤᠯᠤᠨ᠎ᠠ; ᠰᠢᠨ᠎ᠡ ᠡᠨᠧᠷᠭᠢ ᠵᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠣᠲᠠ ᠲᠣᠭᠣᠷᠢᠭ ᠵᠶ᠋ᠠᠷ ᠨᠡᠪᠲᠡᠷᠡᠬᠦ ᠬᠢᠵᠠᠭ᠋ᠠᠷᠯᠠᠯ᠎ᠢ ᠰᠢᠯᠢᠳᠡᠭᠵᠢᠭᠦᠯᠬᠦ ᠪᠠ ᠪᠠᠭ᠋ᠠᠰᠬᠠᠵᠤ᠂ ᠬᠣᠲᠠ ᠲᠣᠭᠣᠷᠢᠭ ᠵᠶ᠋ᠡᠷ ᠪᠠᠷᠠᠭ᠎ᠠ ᠲᠡᠭᠡᠭᠡᠪᠦᠷᠢᠯᠡᠬᠦ ᠲᠡᠷᠭᠡ ᠨᠡᠪᠲᠡᠷᠡᠬᠦ ᠦᠨᠡᠮᠯᠡᠯ ᠭᠦᠢᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ; ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠲᠡᠮᠦᠷ ᠵᠠᠮ᠂ ᠳᠡᠭᠡᠳᠦ ᠬᠤᠷᠳᠤ ᠵᠢᠨ ᠵᠠᠰᠠᠮᠠᠯ ᠵᠠᠮ᠎ᠲᠠᠢ ᠵᠡᠷᠭᠡᠴᠡᠭᠰᠡᠨ ᠵᠠᠮ᠎ᠤᠨ ᠬᠡᠰᠡᠭ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃
    18. ᠵᠠᠰᠠᠮᠠᠯ ᠵᠠᠮ᠎ᠤᠨ ᠰᠦᠢᠳᠬᠡᠯ ᠬᠤᠷᠢᠶᠠᠬᠤ ᠥᠷᠲᠡᠭᠡ ᠵᠢᠴᠢ ᠲᠣᠮᠣ ᠬᠡᠯᠪᠡᠷᠢ ᠵᠢᠨ ᠦᠢᠯᠡᠳᠪᠦᠷᠢ ᠠᠭᠤᠷᠬᠠᠶ ᠵᠢᠨ ᠠᠵᠤ ᠠᠬᠤᠢ᠌ᠯᠠᠯ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠰᠢᠨ᠎ᠡ ᠡᠨᠧᠷᠭᠢ ᠵᠢᠨ ᠲᠡᠷᠭᠡ ᠬᠥᠰᠬᠡ ᠵᠢᠨ ᠰᠠᠭ᠋ᠠᠳ ᠥᠬᠡᠶ ᠨᠡᠪᠲᠡᠷᠡᠬᠦ ᠵᠠᠮ᠎ᠢ ᠪᠠᠢ᠌ᠭᠤᠯᠵᠤ᠂ ᠲᠡᠷᠭᠡ ᠬᠥᠰᠬᠡ ᠵᠢᠨ ᠳᠥᠭᠥᠮ ᠳᠥᠲᠡ ᠨᠡᠪᠲᠡᠷᠡᠬᠦ᠂ ᠠᠴᠢᠶᠠᠯᠠᠵᠤ ᠪᠠᠭᠤᠯᠭ᠋ᠠᠬᠤ ᠵᠢ ᠪᠠᠲᠤᠯᠠᠨ᠎ᠠ᠃
    19. ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠬᠦ ᠵᠢ ᠬᠠᠮᠲᠤᠷᠠᠨ ᠬᠢᠨᠠᠨ ᠬᠠᠮᠢᠶᠠᠷᠬᠤ ᠦᠢᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠪᠣᠳᠠᠲᠠᠶ ᠳᠠᠭ᠋ᠠᠭ᠋ᠠᠨ ᠲᠡᠭᠡᠭᠡᠪᠦᠷᠢᠯᠡᠭᠴᠢ ᠵᠢᠨ 《ᠥᠯᠥ ᠬᠦᠷᠦᠯᠴᠡᠬᠦ ᠮᠠᠶᠢᠭ》 ᠵᠶ᠋ᠠᠷ ᠭᠠᠢ᠌ᠯᠢ ᠭᠦᠢᠴᠡᠳᠬᠡᠬᠦ ᠵᠢ ᠠᠬᠢᠭᠤᠯᠤᠨ᠎ᠠ᠃
    20. ᠪᠠᠷᠠᠭ᠋ᠠᠨ᠎ᠤ ᠭᠦᠢ᠍ᠯᠭᠡᠭᠡ ᠵᠢᠨ ᠲᠦᠭᠦᠭᠡᠷᠤᠮᠵᠢ ᠵᠢᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠲᠡᠭᠦᠯᠳᠡᠷᠵᠢᠭᠦᠯᠵᠦ᠂ ᠪᠠᠷᠠᠭ᠋ᠠᠨ᠎ᠤ ᠭᠦᠢ᠍ᠯᠭᠡᠭᠡ ᠵᠢᠨ ᠬᠡᠷᠡᠭᠯᠡᠬᠦ ᠭᠠᠵᠠᠷ᠎ᠤᠨ ᠣᠷᠣᠨ ᠵᠠᠶ ᠵᠢᠨ ᠪᠠᠢ᠌ᠷᠢ ᠪᠠ ᠭᠠᠵᠠᠷ ᠰᠢᠷᠣᠶ ᠵᠢᠨ ᠰᠢᠨᠵᠢ ᠴᠢᠨᠠᠷ᠎ᠢ ᠤᠷᠲᠤ ᠬᠤᠭᠤᠴᠠᠭ᠎ᠠ᠎ᠪᠠᠷ ᠲᠣᠭᠲᠠᠭᠤᠨ ᠪᠠᠢ᠌ᠯᠭ᠋ᠠᠬᠤ᠂ ᠬᠡᠷᠡᠭᠯᠡᠬᠦ ᠭᠠᠵᠠᠷ᠎ᠤᠨ ᠬᠡᠪᠴᠢᠶ᠎ᠡ᠎ᠨᠢ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠬᠦᠴᠦᠯᠡᠴᠡ᠎ᠲᠠᠢ ᠲᠣᠬᠢᠷᠠᠯᠴᠠᠬᠤ ᠵᠢ ᠪᠠᠲᠤᠯᠠᠨ᠎ᠠ᠃
    21. ᠲᠡᠮᠦᠷ ᠵᠠᠮ᠎ᠤᠨ ᠲᠤᠰᠬᠠᠶ ᠱᠤᠭᠤᠮ᠎ᠢ ᠬᠣᠯᠪᠤᠬᠤ ᠰᠠᠨᠠᠯ᠎ᠢ ᠭᠦᠢᠴᠡᠳᠬᠡᠬᠦ ᠴᠠᠭ᠎ᠤᠨ ᠬᠢᠵᠠᠭ᠋ᠠᠷ᠎ᠢ 20 ᠠᠵᠢᠯᠯᠠᠬᠤ ᠡᠳᠦᠷ ᠪᠣᠯᠲᠠᠯ᠎ᠠ ᠪᠣᠭᠣᠨᠢᠰᠬᠠᠨ᠎ᠠ᠃
    22. ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠤᠨ ᠨᠠᠷᠢᠨ ᠬᠠᠭᠤᠳᠠᠰᠤ᠎ᠳᠤ ᠣᠷᠣᠭᠤᠯᠤᠭᠰᠠᠨ ᠲᠡᠮᠦᠷ ᠵᠠᠮ᠎ᠤᠨ ᠲᠤᠰᠬᠠᠶ ᠱᠤᠭᠤᠮ (ᠲᠥᠪᠯᠡᠷᠡᠭᠦᠯᠦᠨ ᠠᠴᠢᠶᠠᠯᠠᠬᠤ ᠥᠷᠲᠡᠭᠡ)᠎ᠤᠨ ᠭᠠᠵᠠᠷ ᠰᠢᠷᠣᠶ ᠪᠠ ᠣᠶ ᠰᠢᠭᠤᠶ ᠨᠤᠲᠤᠭ ᠪᠡᠯᠴᠢᠭᠡᠷ᠎ᠲᠤ ᠬᠣᠯᠪᠣᠭᠳᠠᠬᠤ ᠵᠥᠪᠰᠢᠶᠡᠷᠡᠯ᠎ᠢ ᠤᠯᠤᠰ᠎ᠤᠨ ᠲᠠᠰ᠎ᠤᠨ ᠲᠥᠷᠥᠯ ᠵᠦᠢᠯ᠎ᠤᠨ ᠤᠷᠢᠳ ᠵᠶ᠋ᠠᠷ ᠭᠠᠵᠠᠷ ᠬᠡᠷᠡᠭᠯᠡᠬᠦ ᠲᠥᠷᠥ ᠵᠢᠨ ᠪᠣᠳᠣᠯᠭ᠎ᠠ᠎ᠲᠠᠢ ᠬᠠᠷᠢᠴᠠᠭᠤᠯᠤᠨ᠎ᠠ᠃
    23. ᠲᠡᠮᠦᠷ ᠵᠠᠮ᠎ᠤᠨ ᠲᠤᠰᠬᠠᠶ ᠱᠤᠭᠤᠮ (ᠲᠥᠪᠯᠡᠷᠡᠭᠦᠯᠦᠨ ᠠᠴᠢᠶᠠᠯᠠᠬᠤ ᠥᠷᠲᠡᠭᠡ)᠎ᠤᠨ ᠲᠥᠷᠥᠯ ᠵᠦᠢᠯ᠎ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ᠎ᠳᠤ ᠲᠠᠯᠠᠪᠤᠷ ᠥᠷᠲᠡᠭᠡ᠂ ᠦᠢᠯᠡᠳᠪᠦᠷᠢᠯᠡᠯ ᠠᠮᠢᠳᠤᠷᠠᠯ᠎ᠤᠨ ᠲᠦᠭᠦᠭᠡᠷᠤᠮᠵᠢ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠦᠢᠯᠡᠳᠪᠦᠷᠢ ᠵᠢᠨ ᠲᠣᠭᠣᠷᠢᠭ ᠬᠢᠭᠡᠳ ᠵᠠᠰᠠᠮᠠᠯ ᠵᠠᠮ᠎ᠤᠨ ᠬᠣᠯᠪᠣᠬᠤ ᠱᠤᠭᠤᠮ᠎ᠤᠨ ᠢᠨᠵᠧᠨᠧᠷᠢᠩ᠎ᠢ ᠵᠡᠷᠭᠡ᠎ᠪᠠᠷ ᠬᠡᠷᠡᠭᠵᠢᠭᠦᠯᠬᠦ ᠵᠢ ᠳᠡᠮᠵᠢᠨ᠎ᠡ᠃
   (ᠲᠠᠪᠤ) ᠳᠠᠭ᠋ᠠᠭᠤᠯᠤᠭᠴᠢ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠡᠷᠴᠢᠮ᠎ᠢ ᠨᠡᠮᠡᠭᠳᠡᠭᠦᠯᠦᠨ᠎ᠡ
    24. ᠰᠢᠨ᠎ᠡ ᠵᠢ ᠡᠭᠦᠳᠬᠦ᠂ ᠠᠵᠢᠯ ᠣᠯᠭᠣᠬᠤ᠂ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ᠂ ᠲᠡᠭᠡᠭᠡᠪᠦᠷᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ ᠵᠢᠨ ᠲᠣᠭᠣᠷᠢᠨ᠎ᠳᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠦᠨᠡᠯᠡᠬᠦ ᠰᠢᠰᠲ᠋ᠧᠮᠵᠢ ᠵᠢ ᠪᠠᠢ᠌ᠭᠤᠯᠤᠨ᠎ᠠ; ᠡᠮᠦᠨ᠎ᠡ 15᠎ᠳᠤ ᠵᠢᠭᠰᠠᠭ᠋ᠠᠭᠳᠠᠭᠰᠠᠨ ᠳᠠᠭ᠋ᠠᠭᠤᠯᠤᠭᠴᠢ ᠠᠵᠤ ᠠᠬᠤᠢ᠌ᠯᠠᠯ᠎ᠳᠤ ᠲᠠᠰ ᠬᠤᠪᠢᠶᠠᠨ ᠱᠠᠩᠨᠠᠵᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠬᠡᠷᠡᠭᠵᠢᠭᠦᠯᠦᠨ᠎ᠡ᠃
    25. ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ᠂ ᠲᠡᠭᠡᠭᠡᠪᠦᠷᠢ ᠵᠢᠨ ᠬᠡᠪᠴᠢᠶ᠎ᠡ᠂ ᠨᠡᠮᠡᠭᠳᠡᠯ᠎ᠤᠨ ᠬᠤᠷᠳᠤᠴᠠ᠂ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ᠂ 《ᠬᠣᠶᠠᠷ ᠲᠠᠯ᠎ᠠ᠎ᠠᠴᠠ ᠡᠷᠢᠬᠦ》᠎ᠠᠴᠠ ᠪᠣᠶ ᠪᠣᠯᠤᠭᠰᠠᠨ ᠣᠷᠳᠣ ᠬᠤᠭᠤᠴᠠᠭ᠋ᠠᠨ᠎ᠤ ᠬᠠᠮᠵᠢᠯᠴᠠᠬᠤ ᠲᠡᠭᠡᠭᠡᠪᠦᠷᠢ ᠵᠢᠨ ᠬᠡᠮᠵᠢᠶ᠎ᠡ ᠵᠡᠷᠭᠡ ᠵᠢᠨ ᠲᠤᠭᠤᠷᠢᠨ᠎ᠳᠤ᠂ ᠡᠯ᠎ᠡ ᠠᠢ᠌ᠮᠠᠭ ᠬᠣᠲᠠ ᠵᠢᠨ ᠠᠵᠢᠯ ᠵᠶ᠋ᠠᠨ ᠥᠷᠨᠢᠭᠦᠯᠦᠭᠰᠡᠨ ᠪᠠᠢ᠌ᠳᠠᠯ᠎ᠤᠨ ᠲᠣᠬᠢᠷᠠᠭᠤᠯᠤᠯᠲᠠ ᠪᠠ ᠮᠡᠳᠡᠭᠡᠯᠡᠬᠦ ᠵᠢ ᠴᠢᠩᠭ᠋ᠠᠳᠬᠠᠨ᠎ᠠ᠃
    26. ᠳᠡᠭᠡᠷ᠎ᠡ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠂ ᠵᠢᠯᠣᠭᠣᠴᠢ ᠥᠬᠡᠶ ᠠᠴᠢᠶᠠᠨ᠎ᠤ ᠮᠠᠰᠢᠨ ᠬᠤᠳᠠᠯᠳᠤᠨ ᠠᠪᠬᠤ ᠵᠢᠴᠢ ᠴᠠᠬᠢᠯᠭ᠋ᠠᠨ ᠴᠡᠨᠡᠭᠯᠡᠵᠦ ᠳ᠋ᠢᠶᠠᠨ ᠊ᠤᠤᠢ ᠰᠣᠯᠢᠬᠤ ᠲᠦᠭᠦᠭᠡᠷᠤᠮᠵᠢ ᠪᠠᠢ᠌ᠭᠤᠯᠬᠤ ᠵᠢᠭᠡᠯᠡᠯᠭᠡ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR) ᠵᠢᠨ 70% ᠪᠥᠭᠡᠳ 2%᠎ᠠᠴᠠ ᠬᠡᠲᠦᠷᠡᠬᠦ ᠦᠭᠡᠢ ᠬᠦᠦ ᠵᠢᠨ ᠨᠣᠷᠮ᠎ᠠ᠎ᠪᠠᠷ᠂ ᠵᠢᠯ ᠪᠦᠷᠢ 200 ᠲᠦᠮᠡᠨ ᠲᠥᠭᠥᠷᠢᠭ᠎ᠤᠨ ᠳᠠᠮ ᠬᠦᠦ ᠵᠢ ᠣᠯᠭᠣᠨ᠎ᠠ᠃
    27. ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠥᠪᠡᠷ᠎ᠤᠨ ᠪᠠᠢ᠌ᠭ᠎ᠠ (ᠥᠪᠡᠷ ᠵᠶ᠋ᠡᠨ ᠬᠡᠷᠡᠭᠯᠡᠬᠦ ᠪᠠ ᠲᠦᠷᠢᠶᠡᠰᠦᠯᠡᠭᠦᠯᠬᠦ ᠪᠠᠭᠲᠠᠨ᠎ᠠ) ᠪᠤᠶᠤ ᠲᠦᠷᠢᠶᠡᠰᠦᠯᠡᠭᠰᠡᠨ ᠶᠡᠬᠡ ᠬᠡᠮᠵᠢᠶᠡᠨ᠎ᠤ ᠲᠠᠸᠠᠷ ᠬᠥᠮᠥᠷᠭᠡᠯᠡᠨ ᠬᠠᠳᠠᠭ᠋ᠠᠯᠠᠬᠤ ᠲᠦᠭᠦᠭᠡᠷᠤᠮᠵᠢ ᠵᠢᠨ ᠬᠡᠷᠡᠭᠯᠡᠬᠦ ᠭᠠᠵᠠᠷ᠎ᠲᠤ ᠬᠠᠷᠢᠶᠠᠯᠠᠭᠳᠠᠬᠤ ᠭᠠᠵᠠᠷ ᠰᠢᠷᠣᠶ ᠵᠢᠨ ᠲᠠᠰ᠎ᠲᠤ ᠳᠣᠭᠢᠷᠠᠬᠤ ᠭᠠᠢ᠌ᠯᠢ ᠵᠢᠨ ᠲᠣᠭ᠎ᠠ ᠵᠢᠨ ᠪᠠᠷᠢᠮᠵᠢᠶ᠎ᠠ ᠵᠢᠨ 50%᠎ᠪᠠᠷ ᠪᠤᠳᠤᠵᠤ ᠬᠣᠲᠠ ᠪᠠᠯᠭ᠋ᠠᠰᠤ ᠵᠢᠨ ᠭᠠᠵᠠᠷ ᠰᠢᠷᠣᠶ ᠬᠡᠷᠡᠭᠯᠡᠬᠦ ᠭᠠᠢ᠌ᠯᠢ ᠲᠠᠲᠠᠪᠤᠷᠢᠯᠠᠬᠤ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠦᠨ᠎ᠡ᠃
    28. ᠡᠨᠧᠷᠭᠢ ᠵᠢᠨ ᠬᠣᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ᠂ ᠬᠦᠨᠳᠦ ᠪᠣᠬᠢᠷᠲᠤᠯ᠎ᠲᠠᠢ ᠲᠦᠯᠡᠰᠢᠨ ᠲᠣᠰᠣᠨ᠎ᠤ ᠬᠦᠨᠳᠦ ᠠᠴᠢᠶᠠᠨ᠎ᠤ ᠮᠠᠰᠢᠨ᠎ᠢ ᠲᠠᠶᠠᠭᠳᠠᠬᠤ ᠵᠢ ᠶᠡᠬᠡ ᠬᠡᠪᠴᠢᠶ᠎ᠡ᠎ᠪᠠᠷ ᠲᠥᠬᠥᠭᠡᠷᠦᠮᠵᠢ ᠰᠢᠨᠡᠳᠬᠡᠬᠦ ᠲᠥᠯᠥᠪᠯᠡᠭᠡ᠎ᠳᠤ ᠣᠷᠣᠭᠤᠯᠤᠨ᠎ᠠ᠃
    29. ᠪᠠᠩᠬᠢ ᠵᠢᠨ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠬᠥᠳᠡᠯᠬᠦ ᠬᠥᠷᠥᠩᠭᠡ᠎ᠪᠠᠷ ᠳᠠᠨᠵᠢᠯᠠᠬᠤ ᠲᠥᠷᠥᠯ᠎ᠤᠨ ᠵᠢᠭᠡᠯᠡᠯᠭᠡ ᠵᠢᠨ ᠪᠦᠲᠦᠭᠡᠭᠳᠡᠭᠦᠨ᠎ᠢ ᠨᠡᠭᠡᠭᠡᠨ ᠬᠥᠭᠵᠢᠭᠦᠯᠵᠦ᠂ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ᠎ᠤᠨ ᠪᠠᠯᠠ ᠲᠣᠬᠢᠷᠠᠭᠤᠯᠭ᠎ᠠ ᠵᠢᠨ ᠰᠢᠢᠳᠪᠦᠷᠢᠯᠡᠬᠦ ᠲᠥᠰᠦᠯ᠎ᠢ ᠭᠠᠷᠭ᠋ᠠᠨ᠎ᠠ᠃
    30. ᠨᠢᠭᠡᠨᠲᠡ ᠨᠡᠢ᠌ᠲᠡᠯᠡᠭᠰᠡᠨ ᠪᠠᠷᠠᠭ᠋ᠠᠨ᠎ᠤ ᠭᠦᠢ᠍ᠯᠭᠡᠭᠡ ᠵᠢᠨ ᠰᠦᠢᠳᠬᠡᠯ᠎ᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠰᠦᠢᠳᠬᠡᠯ ᠬᠤᠷᠢᠶᠠᠬᠤ ᠭᠠᠷᠴᠠᠭ᠎ᠤᠨ ᠨᠠᠷᠢᠨ ᠬᠠᠭᠤᠳᠠᠰᠤ ᠪᠠ ᠢᠯᠡ ᠨᠡᠢ᠌ᠲᠡᠯᠡᠬᠦ ᠲᠦᠷᠢᠮ᠎ᠢ ᠴᠢᠩᠭ᠎ᠠ ᠬᠡᠷᠡᠭᠵᠢᠭᠦᠯᠦᠨ᠂ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠰᠦᠢᠳᠬᠡᠯ ᠬᠤᠷᠢᠶᠠᠬᠤ ᠢᠯᠡ ᠪᠣᠯᠭ᠋ᠠᠬᠤ ᠬᠡᠮᠵᠢᠶ᠎ᠡ ᠵᠢ ᠨᠡᠮᠡᠭᠳᠡᠭᠦᠯᠦᠨ᠎ᠡ ᠃
    ᠳᠥᠷᠪᠡ᠂ ᠪᠠᠲᠤᠯᠬᠠᠤ ᠠᠷᠭ᠎ᠠ ᠬᠡᠮᠵᠢᠶ᠎ᠡ
    ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠷ᠎ᠡ ᠪᠦᠲᠦᠮᠵᠢ ᠵᠢ ᠳᠠᠭ᠋ᠠᠬᠤ᠎ᠪᠠᠨ ᠴᠢᠩᠭ᠋ᠠᠷᠠᠭᠤᠯᠵᠤ᠂ ᠪᠣᠳᠠᠲᠠᠶ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠨ᠎ᠡ; ᠰᠢᠮᠳᠠᠭᠤᠯᠤᠨ ᠵᠢᠯᠣᠭᠣᠳᠴᠤ ᠪᠠᠢ᠌ᠴᠠᠭ᠋ᠠᠬᠤ ᠵᠢᠨ ᠮᠡᠳᠡᠭᠡᠯᠡᠬᠦ ᠲᠣᠭᠲᠠᠴᠠ ᠵᠢ ᠪᠠᠢ᠌ᠭᠤᠯᠤᠨ᠂ ᠮᠡᠳᠡᠭᠡᠯᠡᠭᠰᠡᠨ ᠡᠭᠦᠷᠭᠡ ᠬᠠᠷᠠᠯᠲᠠ᠎ᠪᠠᠨ ᠪᠡᠶᠡᠯᠡᠭᠦᠯᠦᠭᠰᠡᠨ ᠪᠠᠢ᠌ᠳᠠᠯ᠎ᠢ ᠬᠢᠨᠠᠨ ᠬᠠᠷᠭᠤᠭᠤᠯᠵᠤ ᠲᠣᠬᠢᠷᠠᠭᠤᠯᠤᠭᠰᠠᠨ᠎ᠢ ᠮᠠᠭ᠋ᠠᠳᠯᠠᠨ ᠲᠣᠭᠲᠠᠭ᠋ᠠᠵᠤ᠂ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠵᠠᠳᠠᠯᠤᠯᠲᠠ ᠬᠢᠵᠦ᠂ ᠴᠠᠭ ᠲᠤᠬᠠᠶ᠎ᠳᠤ᠎ᠨᠢ ᠳᠣᠭᠢᠷᠠᠭᠤᠯᠤᠨ ᠲᠡᠭᠦᠯᠳᠡᠷᠵᠢᠭᠦᠯᠦᠨ᠎ᠡ᠃ 12328 ᠬᠠᠯᠠᠮᠰᠢᠯ ᠤᠲᠠᠰᠤ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠬᠦᠰᠡᠯ ᠡᠷᠡᠮᠡᠯᠵᠡᠯ᠎ᠤᠨ ᠲᠤᠰᠬᠠᠶ ᠨᠡᠪᠲᠡᠷᠡᠬᠦ ᠵᠠᠮ᠎ᠢ ᠨᠡᠮᠡᠵᠦ ᠪᠠᠢ᠌ᠭᠤᠯᠤᠨ᠂ 《ᠥᠪᠥᠷ ᠮᠣᠩᠭᠣᠯ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ ᠲᠠᠪᠴᠠᠩ》᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠳᠤ ᠦᠢ᠍ᠯᠡᠴᠢᠯᠡᠬᠦ ᠮᠣᠳᠦ᠋ᠯ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤ᠎ᠨᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠡᠯ᠎ᠡ ᠠᠢ᠌ᠮᠠᠭ ᠬᠣᠲᠠ᠎ᠨᠢ ᠵᠣᠬᠢᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠬᠠᠷᠢᠶ᠎ᠠ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠡᠮᠵᠢᠶ᠎ᠡ ᠪᠠ ᠲᠡᠭᠡᠭᠡᠪᠦᠷᠢ ᠵᠢᠨ ᠡᠷᠴᠢᠮ᠎ᠲᠠᠢ ᠤᠶᠠᠯᠳᠤᠭᠤᠯᠤᠨ ᠠᠵᠢᠯ᠎ᠤᠨ ᠬᠠᠷᠠᠯᠲᠠ᠎ᠪᠠᠨ ᠲᠣᠳᠣᠷᠬᠠᠢ᠌ᠯᠠᠵᠤ᠂ ᠡᠭᠦᠷᠭᠡ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠨᠵᠢᠵᠦ ᠵᠠᠳᠠᠯᠤᠯᠲᠠ ᠬᠢᠵᠦ᠂ ᠡᠯ᠎ᠡ ᠵᠦᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ ᠨᠠᠷᠢᠯᠢᠬ᠍ᠵᠢᠭᠤᠯᠬᠤ ᠵᠢ ᠠᠬᠢᠭᠤᠯᠤᠨ᠎ᠠ᠃ ᠨᠢᠭᠡᠨᠲᠡ ᠮᠠᠭ᠋ᠠᠳᠯᠠᠨ ᠲᠤᠭᠲᠠᠭ᠋ᠠᠭᠰᠠᠨ ᠬᠠᠷᠢᠶ᠎ᠠ ᠣᠷᠣᠨ᠎ᠳᠠᠬᠢ ᠳᠠᠭ᠋ᠠᠭᠤᠯᠤᠭᠴᠢ ᠠᠵᠤ ᠠᠬᠤᠢ᠌ᠯᠠᠯ᠎ᠳᠤ ᠰᠠᠭᠤᠵᠤ ᠪᠠᠢ᠌ᠭ᠋ᠠᠳ ᠬᠠᠪᠰᠤᠷᠤᠨ ᠲᠡᠳᠬᠦᠬᠦ ᠠᠷᠭ᠎ᠠ ᠵᠢ ᠠᠪᠴᠤ᠂ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ》 ᠲᠣᠭᠲᠠᠭ᠋ᠠᠬᠤ᠎ᠪᠠᠷ ᠳᠠᠮᠵᠢᠨ ᠠᠵᠤ ᠠᠬᠤᠢ᠌ᠯᠠᠯ᠎ᠤᠨ ᠪᠣᠳᠠᠲᠠᠶ ᠬᠦᠴᠢᠷᠳᠡᠯ᠂ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃  

 

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ ᠠᠷᠪᠠᠨ ᠬᠣᠶᠠᠷ ᠰᠠᠯᠠᠭ᠎ᠠ ᠮᠥᠴᠢᠷ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠤᠪᠢᠶᠠᠨ ᠳᠠᠭ᠋ᠠᠭ᠋ᠠᠴᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠤᠪᠢᠶᠠᠨ ᠳᠠᠭ᠋ᠠᠭ᠋ᠠᠴᠢᠯᠠᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ ᠵᠢᠴᠢ ᠲᠠᠰᠤᠯᠤᠯᠲᠠ ᠵᠢᠨ ᠦᠨᠳᠦᠰᠦᠨ ᠪᠠᠷᠢᠮᠵᠢᠶ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
 
            