ᠡᠯ᠎ᠡ ᠠᠶ᠋ᠢᠮᠠᠭ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠥᠪᠥᠷ ᠮᠣᠩᠭᠤᠯᠤᠨ ᠵᠠᠮ ᠬᠠᠷᠢᠯᠴᠠᠭ᠋ᠠᠨᠤ ᠪᠦᠯᠦᠭᠯᠡᠯᠤᠨ ᠬᠢᠵᠠᠭ᠋ᠠᠷᠲᠤ ᠺᠣᠮᠫᠠᠨᠢ᠂ ᠲᠢᠩᠬᠢᠮᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭᠲᠤ᠄
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨᠤ 《ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠠᠵᠢᠯᠯᠠᠭ᠎ᠠ ᠵᠢ ᠵᠢᠷᠤᠮᠵᠢᠭᠤᠯᠵᠤ᠂ ᠵᠠᠰᠠᠮᠠᠯ ᠵᠠᠮᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮᠠᠴᠠ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠥᠳᠡᠯᠮᠦᠷᠢ ᠦᠢ᠍ᠯᠡᠴᠢᠯᠡᠭᠡᠨᠤ ᠬᠠᠮᠲᠤᠷᠠᠯᠴᠠᠭ᠋ᠠᠨᠤ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》 ᠵᠡᠷᠭᠡ ᠵᠢ ᠲᠣᠭᠲᠠᠭ᠋ᠠᠵᠤ᠂ ᠡᠳᠦᠭᠡ ᠲᠠᠨᠠᠷᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠨᠢᠭᠡᠴᠢᠠᠴᠠ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠠᠵᠢᠯᠤᠨ ᠳᠤᠮᠳᠠ ᠵᠢᠷᠤᠮᠯᠠᠨ ᠬᠡᠷᠡᠭᠵᠢᠭᠦᠯᠵᠦ᠂ ᠵᠢᠱ᠌ᠢᠶ᠎ᠡ ᠦᠵᠡᠭᠦᠯᠬᠦ ᠲᠣᠪᠬᠢᠮᠠᠯᠤᠨ ᠬᠡᠯᠪᠡᠷᠢ ᠵᠢ ᠴᠢᠩᠭ᠎ᠠ ᠵᠢᠷᠤᠮᠯᠠᠨ ᠭᠡᠷ᠎ᠡ ᠲᠣᠭᠲᠠᠭ᠋ᠠᠨᠠ;
ᠳᠠᠭ᠋ᠠᠯᠳᠤᠭᠤᠯᠤᠯ᠄ 1. ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
2. ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ
3. ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠤᠪᠢᠶᠠᠨ ᠳᠠᠭ᠋ᠠᠭ᠋ᠠᠴᠢᠯᠠᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ
4᠂ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠮᠠᠯ ᠵᠠᠮᠤᠨ ᠪᠠᠷᠢᠯᠭ᠎ᠠ ᠵᠢᠨ ᠠᠵᠢᠯᠤᠨ ᠬᠥᠳᠡᠯᠮᠦᠷᠢ ᠦᠢ᠍ᠯᠡᠴᠢᠯᠡᠭᠡᠨᠤ ᠬᠠᠮᠲᠤᠷᠠᠯᠴᠠᠭ᠋ᠠᠨᠤ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ
ᠦᠪᠦᠷ ᠮᠣᠩᠭᠤᠯᠤᠨ ᠦᠪᠡᠷᠲᠡᠭᠡᠨ ᠵᠠᠰᠠᠬᠤ ᠤᠷᠤᠨᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
2024 ᠣᠨᠤ 8 ᠳ᠋ᠤᠭ᠋ᠠᠷ ᠰᠠᠷ᠎ᠠ ᠵᠢᠨ 19ᠤ ᠡᠳᠦᠷ