ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ᠄
《ᠡᠳ᠋᠎ᠤᠨ ᠵᠠᠰᠠᠭ᠎ᠤᠨ ᠬᠦᠷᠢᠶᠡᠨ᠎ᠳᠠᠬᠢ ᠤᠯᠠᠮ ᠨᠢᠭᠡ ᠠᠯᠬᠤᠮ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭ᠋ᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭ᠌ᠳᠡᠯ》 ( ᠥᠪᠥᠷ ᠵᠠᠰᠠᠭ ᠠᠯᠪᠠᠨ ᠲᠠᠷᠬᠠᠭᠠᠭ᠍ᠰᠠᠨ [2024] 52 ᠳ᠋ᠤᠭᠠᠷ ᠲᠣᠭᠠᠲᠤ ) ᠶᠣᠰᠣᠭᠠᠷ᠂ ᠰᠤᠳᠤᠯᠬᠤ᠎ᠪᠠᠷ ᠳᠠᠮᠵᠢᠭᠤᠯᠤᠨ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠬᠠᠮᠢᠶᠠᠷᠤᠯᠲᠠ᠎ᠶ᠋ᠢᠨ ᠠᠷᠭ᠎ᠠ》 (ᠥᠪᠥᠷ ᠡᠳ᠋ ᠪᠦᠲᠦᠭᠡᠨ ᠪᠠᠢ᠌ᠭᠤᠯᠤᠯᠲᠠ [2022]1116 ᠳ᠋ᠤᠭᠠᠷ ᠲᠣᠭᠠᠲᠤ) ᠳᠤ ᠬᠡᠰᠡᠭ ᠵᠠᠰᠠᠪᠤᠷᠢ ᠣᠷᠣᠭᠤᠯᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭ᠌ᠵᠢᠭᠦᠯᠲᠦᠭᠡᠶ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ
2025 ᠣᠨ᠎ᠤ 8 ᠳ᠋ᠤᠭ᠋ᠠᠷ ᠰᠠᠷ᠎ᠠ᠎ᠶ᠋ᠢᠨ 8 ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤᠨ
ᠬᠤᠭᠤᠴᠠᠭᠠᠨ᠎ᠳᠠᠬᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ
ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠬᠠᠮᠢᠶᠠᠷᠤᠯᠲᠠ᠎ᠶ᠋ᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠤᠷᠪᠤᠰ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠠᠬᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ (ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ ᠪᠠᠭ᠍ᠲᠠᠨ᠎ᠠ)᠂ ᠬᠤᠲᠠ᠎ᠶ᠋ᠢᠨ ᠵᠠᠮ ᠬᠠᠷᠢᠯᠴᠠᠭ᠎ᠠ (ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠂ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠪᠠᠭ᠍ᠲᠠᠨ᠎ᠠ) ᠶ᠋ᠢᠨ ᠠᠵᠢᠯ ᠲᠥᠷᠥᠯ᠎ᠤᠨ ᠡᠷᠡᠭᠦᠯ᠎ᠢᠶᠠᠷ ᠦᠷᠭᠦᠯᠵᠢᠯᠡᠬᠦ᠌ ᠪᠠ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠲᠤᠰᠠᠳᠠ᠂ 《ᠡᠳ᠋᠎ᠤᠨ ᠵᠠᠰᠠᠭ᠎ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠂ ᠲᠦᠷᠢᠶᠡᠰᠦᠨ ᠮᠠᠱᠢᠨ ᠲᠡᠷᠭᠡᠨ᠎ᠤ ᠲᠣᠰᠣᠨ᠎ᠤ ᠦᠨᠡᠳᠤ ᠨᠡᠮᠡᠭᠦᠷᠢ ᠥᠭ᠌ᠬᠦ ᠲᠥᠷᠥ᠎ᠶ᠋ᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭ᠌ᠳᠡᠯ》 (ᠡᠳ᠋ ᠪᠥᠲᠥᠭᠡᠨ ᠪᠠᠢᠭᠤᠯᠤᠯᠲᠠ [2022] 1 ᠳ᠋ᠦ᠍ᠭᠡᠷ ᠲᠣᠭᠠᠲᠤ) ᠤᠨ ᠱᠠᠭᠠᠷᠳᠠᠯᠭ᠎ᠠ ᠶᠣᠰᠣᠭᠠᠷ᠂ 《ᠡᠳ᠋᠎ᠤᠨ ᠵᠠᠰᠠᠭ᠎ᠤᠨ ᠬᠦᠷᠢᠶᠡᠨ᠎ᠳᠠᠬᠢ ᠤᠯᠠᠮ ᠨᠢᠭᠡ ᠠᠯᠬᠤᠮ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭ᠋ᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭ᠌ᠳᠡᠯ》 (ᠥᠪᠥᠷ ᠵᠠᠰᠠᠭ ᠠᠯᠪᠠᠨ ᠲᠠᠷᠬᠠᠭᠠᠭ᠍ᠰᠠᠨ [2024] 52 ᠳ᠋ᠤᠭᠠᠷ ᠲᠣᠭᠠᠲᠤ) ᠤᠨ ᠱᠠᠭᠠᠷᠳᠠᠯᠭ᠎ᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠠᠵᠢᠯ᠎ᠤᠨ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠠᠷᠭ᠎ᠠ᠎ᠶ᠋ᠢ ᠲᠣᠭᠲᠠᠭ᠋ᠠᠪᠠ᠃
ᠬᠤᠶᠠᠳᠤᠭᠠᠷ ᠵᠤᠷᠪᠤᠰ ᠲᠣᠰ ᠠᠷᠭ᠎ᠠ᠎ᠳᠤ ᠬᠡᠯᠡᠵᠦ᠍ ᠪᠠᠢᠭ᠎ᠠ ᠱᠠᠩᠨᠠᠵᠤ ᠨᠡᠮᠡᠷᠢᠯᠡᠬᠦ ᠪᠠᠯᠠ ᠮᠥᠩᠭᠦ᠌ ᠭᠡᠳᠡᠭ᠎ᠨᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠲᠥᠪ᠎ᠤᠨ ᠡᠳ᠋᠎ᠤᠨ ᠵᠠᠰᠠᠭ᠎ᠤᠨ ᠲᠥᠰᠦᠪ᠎ᠲᠤ ᠲᠣᠬᠢᠷᠠᠭᠤᠯᠤᠭ᠍ᠰᠠᠨ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢ ᠵᠢᠭᠠᠵᠤ ᠪᠣᠶ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠲᠣᠰ ᠪᠠᠯᠠ ᠮᠥᠩᠭᠦ᠎ᠶ᠋ᠢᠨ ᠱᠢᠯᠵᠢᠭᠦᠯᠦᠨ ᠥᠭ᠌ᠬᠦ ᠱᠢᠨᠵᠢ ᠴᠢᠨᠠᠷ ᠬᠤᠪᠢᠷᠠᠬᠤ ᠥᠬᠡᠶ᠂ ᠲᠠᠪᠤᠨ ᠵᠢᠯ᠎ᠳᠤ ᠨᠢᠭᠡ ᠲᠥᠷᠥ᠎ᠶ᠋ᠢᠨ ᠪᠣᠳᠣᠯᠭ᠎ᠠ᠎ᠶ᠋ᠢᠨ ᠦᠶᠡᠯᠡᠯ᠎ᠤᠨ ᠬᠤᠭᠤᠴᠠᠭ᠎ᠠ ᠬᠤᠪᠢᠷᠠᠬᠤ ᠥᠬᠡᠶ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠤᠪᠢᠷᠠᠯᠲᠠ᠎ᠲᠠᠢ ᠬᠠᠷᠢᠴᠠᠭᠤᠯᠪᠠᠯ ᠪᠠᠯᠠ ᠮᠥᠩᠭᠦ᠎ᠶ᠋ᠢᠨ ᠲᠤᠭ᠎ᠠ ᠬᠡᠮᠵᠢᠶ᠎ᠡ᠎ᠶ᠋ᠢ ᠡᠯ᠎ᠡ ᠠᠢᠮᠠᠭ ᠬᠤᠲᠠ᠎ᠶ᠋ᠢᠨ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠪᠠᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃
ᠭᠤᠷᠪᠠᠳᠤᠭᠠᠷ ᠵᠤᠷᠪᠤᠰ ᠬᠥᠳᠡᠭᠡ ᠲᠣᠰᠭᠣᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ ᠪᠡᠯᠡ ᠮᠥᠩᠭᠥ᠌᠂ ᠬᠣᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠥ᠌ ᠨᠢ ᠰᠦᠢᠳᠭᠡᠯ᠎ᠢ ᠭᠠᠢᠯᠢ ᠪᠣᠯᠭᠠᠨ ᠥᠭᠡᠷᠡᠴᠢᠯᠡᠬᠦ᠌ ᠨᠡᠮᠡᠭᠦᠷᠢ ᠪᠠ ᠦᠨ᠎ᠡ ᠦᠰᠬᠦ ᠨᠡᠮᠡᠭᠦᠷᠢ ᠬᠣᠶᠠᠷ ᠬᠡᠰᠡᠭ᠎ᠢᠶᠡᠷ ᠪᠦᠷᠢᠯᠳᠦᠨ᠎ᠡ᠃ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠡᠯᠡ ᠮᠥᠩᠭᠦ᠌ ᠪᠣᠯᠤᠨ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠳᠣᠲᠣᠷᠠᠬᠢ ᠵᠠᠷᠤᠳᠠᠯ᠎ᠢ ᠭᠠᠢᠯᠢ ᠪᠣᠯᠭᠠᠨ ᠬᠤᠪᠢᠷᠠᠭᠤᠯᠬᠤ ᠨᠡᠮᠡᠭᠦᠷᠢ᠎ᠶ᠋ᠢ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ᠂ ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ ᠪᠣᠯᠤᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠵᠢᠯᠣᠭᠤᠴᠢ᠎ᠳᠤ ᠱᠢᠭᠤᠳ ᠣᠯᠭᠤᠨ᠎ᠠ᠃ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠦᠨ᠎ᠡ ᠦᠰᠬᠦ ᠨᠡᠮᠡᠭᠦᠷᠢ᠎ᠶ᠋ᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ ᠪᠠ ᠲᠦᠷᠢᠶᠡᠰᠦᠨ ᠮᠠᠱᠢᠨ ᠲᠡᠷᠭᠡᠨ᠎ᠤ ᠠᠵᠢᠯ ᠲᠥᠷᠥᠯ᠎ᠤᠨ ᠬᠥᠭ᠌ᠵᠢᠯᠲᠡ᠎ᠶ᠋ᠢ ᠳᠡᠮᠵᠢᠬᠦ᠌᠎ᠳᠤ ᠬᠡᠷᠡᠭ᠌ᠯᠡᠵᠦ᠍᠂ ᠡᠭᠦᠨ᠎ᠳᠤ᠄ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠦᠨ᠎ᠡ ᠬᠠᠩᠰᠢ᠎ᠶᠢᠨ ᠦᠰᠬᠦ ᠨᠡᠮᠡᠭᠦᠷᠢ᠎ᠶ᠋ᠢ ᠭᠤᠤᠯᠳᠠᠭᠤ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌᠎ᠳᠤ ᠬᠡᠷᠡᠭ᠌ᠯᠡᠵᠦ᠍᠂ ᠲᠦᠷᠢᠶᠡᠰᠦᠨ ᠮᠠᠱᠢᠨ ᠲᠡᠷᠭᠡᠨ᠎ᠤ ᠦᠨ᠎ᠡ ᠬᠠᠩᠰᠢ᠎ᠶᠢᠨ ᠦᠰᠬᠦ ᠨᠡᠮᠡᠭᠦᠷᠢ᠎ᠶ᠋ᠢ ᠭᠤᠤᠯᠳᠠᠭᠤ ᠬᠤᠲᠠ᠎ᠶ᠋ᠢᠨ ᠵᠠᠮ ᠬᠠᠷᠢᠯᠴᠠᠭᠠᠨ᠎ᠤ ᠬᠦᠷᠢᠶᠡᠨ᠎ᠳᠠᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠡᠵᠡᠩᠨᠡᠯᠲᠡ ᠵᠢᠴᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠳᠡᠮᠵᠢᠬᠦ᠌᠎ᠳᠤ ᠬᠡᠷᠡᠭ᠌ᠯᠡᠨ᠎ᠡ᠃
ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠱᠢᠯᠵᠢᠭᠦᠯᠦᠨ ᠣᠯᠭᠣᠬᠤ ᠲᠥᠷᠥᠯ ᠵᠦᠢᠯ᠎ᠦᠨ ᠣᠷᠣᠨ ᠪᠦᠰᠡ᠎ᠶ᠋ᠢᠨ ᠠᠮᠵᠢᠯᠲᠠ ᠪᠦᠲᠦᠮᠵᠢ᠎ᠶ᠋ᠢᠨ ᠬᠠᠷᠠᠯᠲᠠ᠎ᠶ᠋ᠢ ᠰᠤᠳᠤᠯᠤᠨ ᠲᠣᠭ᠍ᠲᠠᠭᠠᠬᠤ᠎ᠶ᠋ᠢ ᠬᠠᠷᠢᠭᠤᠴᠠᠵᠤ᠂ ᠪᠦᠬᠦ᠌ ᠶᠠᠪᠤᠴᠠ᠎ᠶ᠋ᠢᠨ ᠲᠥᠰᠦᠪ᠎ᠦᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ ᠪᠠ ᠱᠢᠯᠭᠠᠨ ᠬᠢᠨᠠᠬᠤ ᠠᠵᠢᠯ ᠢ ᠥᠷᠨᠢᠭᠦᠯᠵᠦ᠍᠂ ᠲᠤᠰᠭᠠᠶ ᠵᠦᠢᠯ᠎ᠦᠨ ᠪᠡᠯᠡ ᠮᠥᠩᠭᠥ᠎ᠶ᠋ᠢᠨ ᠲᠥᠰᠦᠪ᠎ᠦᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠭᠦᠢᠴᠡᠳᠭᠡᠯ ᠲᠣᠭ᠎ᠠ ᠪᠠ ᠪᠠᠷᠢᠮᠵᠢᠶ᠎ᠠ᠎ᠶ᠋ᠢᠨ ᠲᠤᠭᠲᠠᠯᠴᠠᠭ᠎ᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠳᠤᠷᠠᠳᠤᠭ᠍ᠰᠠᠨ ᠪᠡᠯᠡ ᠮᠥᠩᠭᠥ᠌ ᠬᠤᠪᠢᠶᠠᠷᠢᠯᠠᠬᠤ ᠰᠠᠨᠠᠯ᠎ᠤᠨ ᠶᠣᠰᠣᠭᠠᠷ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠪᠠᠭᠤᠯᠭᠠᠨ ᠥᠭ᠌ᠴᠦ᠂ ᠲᠤᠰᠭᠠᠶ ᠵᠦᠢᠯ᠎ᠦᠨ ᠪᠡᠯᠡ ᠮᠥᠩᠭᠥ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠨ ᠵᠢᠱ᠌ᠢᠬᠦ᠌᠂ ᠭᠣᠤᠯᠳᠠᠯᠭ᠎ᠠ᠎ᠲᠠᠶ ᠠᠮᠵᠢᠯᠲᠠ ᠪᠦᠲᠦᠮᠵᠢ᠎ᠶ᠋ᠢ ᠦᠨᠡᠯᠡᠬᠦ᠌ ᠪᠠ ᠡᠳ᠋᠎ᠦᠨ ᠶᠠᠪᠤᠳᠠᠯ ᠨᠢᠭ᠍ᠲᠠᠯᠠᠨ ᠪᠣᠳᠣᠬᠤ ᠠᠵᠢᠯ ᠢ ᠴᠠᠭᠲᠤᠨᠢ ᠲᠣᠬᠢᠷᠠᠭᠤᠯᠤᠨ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠶ᠃
ᠳᠥᠷᠪᠡᠳᠦᠭᠡᠷ ᠵᠤᠷᠪᠤᠰ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌᠂ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠨᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠢᠳᠡᠮ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ᠂ ᠲᠦᠷᠢᠶᠡᠰᠦᠨ ᠮᠠᠱᠢᠨ᠎ᠤ ᠠᠵᠢᠯ ᠲᠥᠷᠥᠯ᠎ᠤᠨ ᠲᠣᠭ᠍ᠲᠠᠭᠤᠨ ᠪᠠᠢᠬᠤ᠎ᠶ᠋ᠢ ᠬᠠᠮᠠᠭᠠᠯᠠᠬᠤ᠂ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢ ᠤᠷᠢᠳᠠᠪᠠᠷ ᠬᠥᠭ᠌ᠵᠢᠭᠦᠯᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠡᠭᠦᠷᠭᠡ᠎ᠶ᠋ᠢ ᠨᠠᠢᠳᠠᠪᠤᠷᠢᠵᠢᠭᠤᠯᠬᠤ᠎ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ᠎ᠶ᠋ᠢ ᠲᠣᠳᠣᠷᠬᠠᠢᠯᠠᠬᠤ᠂ ᠨᠢᠭᠡᠳᠦᠯᠲᠡᠶ ᠲᠥᠯᠥᠪᠯᠡᠨ ᠨᠡᠢᠲᠡ᠎ᠳᠤᠨᠢ ᠬᠠᠷᠠᠭᠠᠯᠵᠠᠬᠤ᠂ ᠠᠮᠵᠢᠯᠲᠠ ᠪᠦᠲᠦᠮᠵᠢ᠎ᠶ᠋ᠢ ᠴᠢᠬᠤᠯᠠᠴᠢᠯᠠᠬᠤ᠂ ᠲᠣᠭ᠍ᠲᠠᠭᠤᠨ᠎ᠢᠶᠠᠷ ᠠᠬᠢᠭᠤᠯᠬᠤ ᠵᠠᠷᠴᠢᠮ ᠶᠣᠰᠣᠭᠠᠷ ᠬᠠᠮᠢᠶᠠᠷᠤᠨ᠎ᠠ᠃
ᠬᠣᠶᠠᠳᠤᠭᠠᠷ ᠪᠦᠯᠦᠭ ᠵᠠᠷᠤᠳᠠᠯ᠎ᠢ ᠭᠠᠢᠯᠢ ᠪᠣᠯᠭᠠᠨ ᠦᠭᠡᠷᠡᠴᠢᠯᠡᠬᠦ ᠨᠡᠮᠡᠭᠦᠷᠢ
ᠲᠠᠪᠤᠳᠤᠭᠠᠷ ᠵᠤᠷᠪᠤᠰ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠡᠯᠡ ᠮᠥᠩᠭᠦ᠎ᠶ᠋ᠢᠨ ᠳᠣᠲᠣᠷᠠᠬᠢ ᠵᠠᠷᠤᠳᠠᠯ᠎ᠢ ᠭᠠᠢᠯᠢ ᠪᠣᠯᠭᠠᠨ ᠥᠭᠡᠷᠡᠴᠢᠯᠡᠬᠦ᠌ ᠬᠡᠰᠡᠭ᠎ᠢ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ᠂ ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ᠎ᠳᠤ ᠱᠢᠭᠤᠳ ᠣᠯᠭᠣᠨ᠎ᠠ; ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠳᠣᠲᠣᠷᠠᠬᠢ ᠵᠠᠷᠤᠳᠠᠯ᠎ᠢ ᠭᠠᠢᠯᠢ ᠪᠣᠯᠭᠠᠨ ᠥᠭᠡᠷᠡᠴᠢᠯᠡᠬᠦ᠌ ᠬᠡᠰᠡᠭ᠎ᠢ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠵᠢᠯᠣᠭᠤᠴᠢ᠎ᠳᠤ ᠱᠢᠭᠤᠳ ᠥᠭ᠌ᠴᠦ᠂ ᠬᠤᠯᠪᠣᠭ᠍ᠳᠠᠯ ᠪᠦᠬᠦᠢ ᠵᠠᠷᠤᠯᠭ᠎ᠠ᠎ᠨᠢ ᠲᠣᠰᠣ ᠬᠡᠷᠡᠭ᠌ᠯᠡᠬᠦ᠌ ᠬᠡᠮᠵᠢᠶ᠎ᠡ ᠵᠢᠴᠢ ᠲᠣᠰᠣᠨ᠎ᠤ ᠦᠨ᠎ᠡ᠎ᠠᠴᠠ ᠰᠠᠯᠭᠠᠨ᠎ᠠ᠃ ᠡᠭᠦᠨ᠎ᠳᠤ᠄ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ (ᠨᠡᠢᠲᠡ᠎ᠶ᠋ᠢᠨ ᠮᠠᠱᠢᠨᠴᠢᠯᠠᠭ᠍ᠰᠠᠨ ᠡᠵᠡᠩᠨᠡᠯᠲᠡ᠎ᠶ᠋ᠢᠨ ᠬᠥᠳᠡᠭᠡ ᠲᠣᠰᠭᠤᠨ᠎ᠤ ᠱᠢᠲᠠᠭᠠᠯᠭ᠎ᠠ᠎ᠶ᠋ᠢᠨ ᠲᠣᠰᠣᠨ᠎ᠤ ᠨᠡᠢᠲᠡ᠎ᠶ᠋ᠢᠨ ᠮᠠᠱᠢᠨ ᠲᠡᠷᠭᠡ ᠪᠠᠭ᠍ᠲᠠᠨ᠎ᠠ) ᠶ᠋ᠢᠨ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠳᠣᠲᠣᠷᠠᠬᠢ ᠵᠠᠷᠤᠳᠠᠯ᠎ᠤᠨ ᠭᠠᠢᠯᠢ᠎ᠶ᠋ᠢᠨ ᠳᠦᠷᠢᠮ᠎ᠦᠨ ᠥᠭᠡᠷᠡᠴᠢᠯᠡᠯᠲᠡ᠎ᠶ᠋ᠢᠨ ᠬᠡᠰᠡᠭ᠎ᠢ ᠡᠯ᠎ᠡ ᠠᠢᠮᠠᠭ ᠬᠤᠲᠠ᠎ᠶ᠋ᠢᠨ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡᠨ᠎ᠤ ᠰᠠᠭᠤᠳᠠᠯ᠎ᠤᠨ ᠲᠤᠭ᠎ᠠ ᠵᠢᠴᠢ ᠪᠣᠳᠠᠲᠠᠶ ᠡᠵᠡᠩᠨᠡᠯᠲᠡ᠎ᠶ᠋ᠢᠨ ᠵᠠᠮ᠎ᠤᠨ ᠪᠥᠬᠦ᠌ ᠣᠷᠣᠨ᠎ᠳᠠᠬᠢ ᠬᠠᠷᠢᠴᠠᠯ᠎ᠳᠤ ᠬᠤᠪᠢᠶᠠᠷᠢᠯᠠᠨ᠎ᠠ; ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ ᠮᠥᠩᠭᠦ᠎ᠶ᠋ᠢᠨ ᠳᠤᠮᠳᠠᠬᠢ ᠵᠠᠷᠤᠳᠠᠯ᠎ᠢ ᠪᠥᠬᠦ᠌ ᠣᠷᠣᠨ᠎ᠳᠤ ᠡᠵᠡᠯᠡᠬᠦ᠌ ᠬᠠᠷᠢᠴᠠᠯ᠎ᠤᠨ ᠶᠣᠰᠣᠭᠠᠷ ᠬᠤᠪᠢᠶᠠᠷᠢᠯᠠᠨ᠎ᠠ; ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠳᠣᠲᠣᠷᠠᠬᠢ ᠵᠠᠷᠤᠳᠠᠯ᠎ᠢ ᠭᠠᠢᠯᠢ ᠪᠣᠯᠭᠠᠨ ᠥᠭᠡᠷᠡᠴᠢᠯᠡᠭ᠌ᠰᠡᠨ ᠬᠡᠰᠡᠭ᠎ᠢ ᠡᠯ᠎ᠡ ᠠᠢᠮᠠᠭ ᠬᠤᠲᠠ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠪᠣᠳᠠᠲᠠᠶ ᠡᠵᠡᠩᠨᠡᠯᠲᠡ᠎ᠶ᠋ᠢᠨ ᠤᠷᠲᠤ᠎ᠶ᠋ᠢᠨ ᠪᠦᠬᠦ᠌ ᠣᠷᠣᠨ᠎ᠤ ᠬᠠᠷᠢᠴᠠᠯ᠎ᠳᠤ ᠬᠤᠪᠢᠶᠠᠷᠢᠯᠠᠨ᠎ᠠ᠃
ᠵᠢᠷᠭᠤᠳᠤᠭᠠᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠬᠥᠳᠡᠭᠡ ᠲᠣᠰᠭᠣᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ ᠭᠡᠳᠡᠭ ᠨᠢ ᠱᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠪᠤᠶᠤ ᠬᠥᠷᠰᠢ ᠵᠡᠷᠭᠡᠯᠡᠳᠡᠭᠡ ᠱᠢᠶᠠᠨ᠎ᠤ ᠬᠣᠭᠣᠷᠣᠨᠳᠣ᠂ ᠡᠬᠢᠯᠡᠬᠦ᠌ ᠳᠠᠭᠤᠰᠭᠤ ᠭᠠᠵᠠᠷ᠎ᠲᠤ ᠠᠳᠠᠭ᠎ᠲᠠᠭᠠᠨ ᠨᠢᠭᠡ ᠦᠵᠦᠭᠦᠷ᠎ᠲᠦ ᠬᠥᠳᠡᠭᠡ ᠲᠣᠰᠭᠣᠨ᠎ᠤ ᠰᠠᠭᠤᠭᠠᠯᠢ ᠠᠷᠠᠳ᠎ᠲᠤ ᠦᠢᠯᠡᠴᠢᠯᠡᠬᠦ᠌ ᠠᠶᠠᠨᠴᠢᠳ᠎ᠤᠨ ᠲᠡᠭᠡᠭᠡᠪᠦᠷᠢ᠎ᠶ᠋ᠢᠨ ᠠᠵᠢᠯᠯᠠᠭ᠎ᠠ᠂ ᠦᠢᠯᠡᠴᠢᠯᠡᠭᠡᠨ᠎ᠦ ᠠᠷᠭ᠎ᠠ ᠮᠠᠶᠢᠭ᠎ᠲᠤ ᠡᠭᠡᠯᠵᠢ᠎ᠶ᠋ᠢᠨ ᠲᠡᠷᠭᠡ᠎ᠶ᠋ᠢᠨ ᠠᠶᠠᠨᠴᠢᠳ᠎ᠤᠨ ᠲᠡᠭᠡᠭᠡᠪᠦᠷᠢ (ᠨᠡᠢᠲᠡ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠡᠵᠡᠩᠨᠡᠯᠲᠡ ᠪᠠᠭ᠍ᠲᠠᠨ᠎ᠠ) ᠂ ᠣᠷᠣᠨ ᠪᠦᠰᠡ᠎ᠶ᠋ᠢᠨ ᠡᠵᠡᠩᠨᠡᠯᠲᠡ ᠪᠠ ᠤᠷᠢᠳᠴᠢᠯᠠᠨ ᠪᠣᠯᠵᠣᠵᠤ ᠴᠤᠤᠷᠢᠶᠠᠳᠤᠨ ᠳᠠᠭᠠᠬᠤ ᠵᠡᠷᠭᠡ ᠪᠠᠭ᠍ᠲᠠᠨ᠎ᠠ᠃ ᠬᠥᠳᠡᠭᠡ ᠲᠣᠰᠭᠤᠨ᠎ᠤ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ᠎ᠶ᠋ᠢ ᠡᠷᠬᠡᠪᠰᠢ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠲᠠᠪᠴᠠᠩ》 ᠳᠤ ᠣᠷᠣᠭᠤᠯᠵᠤ ᠡᠵᠡᠩᠨᠡᠯᠲᠡ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠬᠦᠯᠢᠶᠡᠵᠦ᠍᠂ ᠲᠠᠪᠴᠠᠩ᠎ᠳᠤ ᠵᠠᠯᠭᠠᠵᠤ ᠣᠷᠣᠭᠤᠯᠤᠭ᠍ᠰᠠᠨ ᠦᠭᠡᠢ ᠪᠣᠯ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠭᠤᠶᠤᠴᠢᠯᠠᠯ᠎ᠢ ᠭᠥᠯᠢᠶᠡᠨ ᠠᠪᠴᠤ᠌ ᠱᠢᠢᠳᠪᠦᠷᠢᠯᠡᠬᠦ᠌ ᠦᠭᠡᠢ᠃
ᠳᠣᠯᠣᠳᠤᠭᠠᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠬᠥᠳᠡᠭᠡ ᠲᠣᠰᠭᠣᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ ᠭᠡᠳᠡᠭ ᠨᠢ ᠳᠡᠭᠡᠳᠦ ᠬᠤᠷᠳᠤ᠎ᠶ᠋ᠢᠨ ᠠᠶᠠᠨᠴᠢᠳ᠎ᠤᠨ ᠲᠡᠭᠡᠭᠡᠪᠦᠷᠢ᠂ ᠵᠢᠭᠤᠯᠴᠢᠯᠠᠯ᠎ᠤᠨ ᠵᠤᠭᠠᠴᠠᠭ᠍ᠰᠠᠳ ᠲᠡᠭᠡᠭᠡᠪᠦᠷᠢᠯᠡᠬᠦ᠌᠎ᠡᠴᠡ ᠪᠤᠰᠤᠳ ᠬᠥᠳᠡᠭᠡ ᠲᠣᠰᠭᠣᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠴᠢ ᠬᠥᠳᠡᠭᠡ ᠲᠣᠰᠭᠣᠨ᠎ᠤ ᠭᠠᠲᠤᠯᠬᠤ ᠲᠡᠭᠡᠭᠡᠪᠦᠷᠢ᠎ᠶ᠋ᠢ ᠵᠢᠭᠠᠵᠤ ᠪᠤᠶ᠃ ᠬᠥᠳᠡᠭᠡ ᠲᠣᠰᠭᠣᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ ᠨᠡᠮᠡᠭᠦᠷᠢ ᠣᠯᠬᠤ᠎ᠳᠤ ᠡᠷᠬᠡᠪᠰᠢ ᠳᠣᠤᠷᠠᠬᠢ ᠮᠡᠲᠦ ᠨᠥᠬᠥᠴᠡᠯ᠎ᠳᠦ ᠨᠡᠢᠴᠡᠭ᠌ᠰᠡᠨ ᠪᠠᠢᠬᠤ ᠬᠡᠷᠡᠭ᠌ᠲᠡᠶ᠄ ᠬᠥᠳᠡᠭᠡ ᠲᠣᠰᠭᠣᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢ ᠡᠷᠬᠢᠯᠡᠨ ᠬᠢᠵᠦ᠍ ᠪᠠᠢᠭ᠎ᠠ ᠡᠵᠡᠩᠨᠡᠭ᠌ᠴᠢ ᠨᠢ ᠬᠠᠤᠯᠢ ᠶᠣᠰᠣᠨ᠎ᠤ ᠬᠦᠴᠦᠨ᠎ᠲᠡᠶ 《ᠤᠯᠤᠰ᠎ᠤᠨ ᠳᠣᠲᠣᠭᠠᠳᠤ᠎ᠶ᠋ᠢᠨ ᠤᠰᠤᠨ ᠵᠠᠮ᠎ᠤᠨ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠵᠥᠪᠱᠢᠶᠡᠷᠡᠯ᠎ᠦᠨ ᠦᠨᠡᠮᠯᠡᠯ》 ᠲᠡᠶ ᠪᠠᠢᠬᠤ ᠬᠡᠷᠡᠭ᠌ᠲᠡᠶ᠂ ᠲᠡᠭᠡᠭᠡᠪᠦᠷᠢ ᠡᠵᠡᠩᠨᠡᠵᠦ᠍ ᠪᠠᠢᠭ᠎ᠠ ᠣᠩᠭᠣᠴᠠ ᠰᠠᠯ᠎ᠳᠤ ᠬᠦᠴᠦᠨ᠎ᠲᠡᠶ 《ᠣᠩᠭᠣᠴᠠ ᠰᠠᠯ᠎ᠤᠨ ᠡᠵᠡᠩᠨᠡᠯᠲᠡ᠎ᠶ᠋ᠢᠨ ᠦᠨᠡᠮᠯᠡᠯ》 ᠪᠠᠢᠬᠤ ᠬᠡᠷᠡᠭ᠌ᠲᠡᠶ; ᠬᠥᠳᠡᠭᠡ ᠲᠣᠰᠭᠣᠨ᠎ᠤ ᠭᠠᠲᠤᠯᠬᠤ ᠲᠡᠭᠡᠭᠡᠪᠦᠷᠢ᠎ᠶ᠋ᠢ ᠡᠷᠬᠢᠯᠡᠵᠦ᠍ ᠪᠠᠢᠭ᠎ᠠ ᠡᠵᠡᠩᠨᠡᠭ᠌ᠴᠢ ᠨᠢ ᠬᠦᠴᠦᠨ᠎ᠲᠡᠶ ᠪᠠᠢᠭ᠎ᠠ ᠭᠠᠵᠠᠷ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠵᠥᠪᠱᠢᠶᠡᠷᠡᠭ᠌ᠰᠡᠨ ᠭᠠᠲᠤᠯᠬᠤ ᠪᠢᠴᠢᠭ ᠮᠠᠲ᠋ᠧᠷᠢᠶᠠᠯ᠎ᠲᠠᠶ ᠪᠠᠢᠬᠤ ᠬᠡᠷᠡᠭ᠌ᠲᠡᠶ᠂ ᠭᠠᠲᠤᠯᠬᠤ ᠣᠩᠭᠣᠴᠠ ᠰᠠᠯ᠎ᠳᠤ ᠬᠢᠷᠢ ᠲᠡᠩᠴᠡᠭ᠌ᠰᠡᠨ 《ᠣᠩᠭᠣᠴᠠ ᠰᠠᠯ᠎ᠢ ᠱᠢᠯᠭᠠᠨ ᠪᠠᠢᠴᠠᠭᠠᠭ᠍ᠰᠠᠨ ᠦᠨᠡᠮᠯᠡᠯ》 ᠪᠣᠯᠤᠨ《ᠣᠩᠭᠣᠴᠠ ᠰᠠᠯ᠎ᠢ ᠳᠠᠩᠰᠠᠯᠠᠭᠤᠯᠤᠭ᠍ᠰᠠᠨ ᠦᠨᠡᠮᠯᠡᠯ᠎ᠦᠨ ᠪᠢᠴᠢᠭ》 ᠪᠠᠢᠬᠤ ᠬᠡᠷᠡᠭ᠌ᠲᠡᠶ ᠃
ᠨᠠᠢ᠍ᠮᠠᠳᠤᠭᠠᠷ ᠵᠤᠷᠪᠤᠰ ᠲᠣᠰ ᠠᠷᠭ᠎ᠠ᠎ᠳᠤ ᠬᠡᠯᠡᠵᠦ᠍ ᠪᠠᠢᠭ᠎ᠠ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠵᠢᠯᠣᠭᠤᠴᠢ ᠭᠡᠳᠡᠭ᠎ᠨᠢ ᠬᠠᠤᠯᠢ ᠶᠣᠰᠣᠭᠠᠷ 《ᠲᠦᠷᠢᠶᠡᠰᠦᠨ ᠮᠠᠱᠢᠨ ᠲᠡᠷᠭᠡᠨ᠎ᠤ ᠵᠢᠯᠣᠭᠤᠴᠢ᠎ᠶ᠋ᠢᠨ ᠠᠵᠢᠯ ᠡᠷᠭᠢᠯᠡᠬᠦ᠌ ᠬᠢᠷᠢ ᠬᠡᠮ᠎ᠤᠨ ᠦᠨᠡᠮᠯᠡᠯ》 ᠢ ᠣᠯᠬᠤ᠎ᠶ᠋ᠢᠨ ᠬᠠᠮᠲᠤ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠡᠵᠡᠩᠨᠡᠯᠲᠡ ᠦᠢᠯᠡᠴᠢᠯᠡᠭᠡᠨ᠎ᠤ ᠵᠢᠯᠣᠭᠤᠴᠢ᠎ᠶ᠋ᠢ ᠵᠢᠭᠠᠵᠤ ᠪᠣᠶ᠃
ᠭᠤᠷᠪᠠᠳᠤᠭᠠᠷ ᠪᠦᠯᠦᠭ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠦᠨ᠎ᠡ ᠦᠰᠬᠦ ᠨᠡᠮᠡᠭᠦᠷᠢ
ᠶᠢᠰᠦᠳᠦᠭᠡᠷ ᠵᠤᠷᠪᠤᠰ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠴᠢᠨᠠᠷ ᠰᠠᠢᠲᠠᠶ᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠠᠲᠤᠯᠠᠬᠤ᠎ᠶ᠋ᠢᠨ ᠲᠥᠯᠥᠭᠡ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠦᠨ᠎ᠡ ᠦᠰᠬᠦ ᠨᠡᠮᠡᠭᠦᠷᠢ᠎ᠶ᠋ᠢᠨ 40% ᠶ᠋ᠢ ᠡᠯ᠎ᠡ ᠠᠢᠮᠠᠭ ᠬᠤᠲᠠ᠎ᠶ᠋ᠢᠨ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ᠎ᠶ᠋ᠢᠨ ᠰᠠᠭᠤᠳᠠᠯ᠎ᠤᠨ ᠲᠤᠭ᠎ᠠ ᠵᠢᠴᠢ ᠪᠣᠳᠠᠲᠠᠶ ᠡᠵᠡᠩᠨᠡᠯᠲᠡ᠎ᠶ᠋ᠢᠨ ᠵᠠᠮ᠎ᠤᠨ ᠪᠥᠬᠦ᠌ ᠣᠷᠣᠨ᠎ᠤ ᠬᠠᠷᠢᠴᠠᠯ᠎ᠳᠤ ᠡᠵᠡᠯᠡᠬᠦ᠌ ᠬᠠᠷᠢᠴᠠᠯ᠎ᠢᠶᠠᠷ ᠱᠢᠭᠤᠳ ᠬᠤᠪᠢᠶᠠᠷᠢᠯᠠᠵᠤ᠂ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠭ᠌ᠴᠢ᠎ᠳᠤ ᠨᠡᠮᠡᠭᠦᠷᠢ ᠥᠭ᠌ᠴᠦ᠂ ᠨᠡᠮᠡᠭᠦᠷᠢ ᠥᠭ᠌ᠬᠦ ᠡᠲᠡᠭᠡᠳ᠎ᠨᠢ ᠵᠠᠷᠤᠳᠠᠯ᠎ᠢ ᠭᠠᠢᠯᠢ ᠪᠣᠯᠭᠠᠨ ᠥᠭᠡᠷᠡᠴᠢᠯᠡᠬᠦ᠌ ᠪᠠᠯᠠ ᠮᠥᠩᠭᠦ᠌ ᠣᠯᠭᠤᠬᠤ ᠬᠡᠪᠴᠢᠶ᠎ᠡ᠎ᠶ᠋ᠢ ᠯᠠᠪᠯᠠᠯᠲᠠ ᠪᠣᠯᠭᠠᠨ ᠲᠣᠭ᠍ᠲᠠᠭᠠᠵᠤ᠂ ᠬᠠᠮᠢᠶ᠎ᠠ ᠪᠥᠬᠦᠶ ᠵᠠᠷᠤᠯᠭ᠎ᠠ ᠬᠢᠭᠡᠳ ᠲᠣᠰᠣ ᠬᠡᠷᠡᠭ᠌ᠯᠡᠬᠦ᠌ ᠬᠡᠮᠵᠢᠶ᠎ᠡ ᠵᠢᠴᠢ ᠲᠣᠰᠣᠨ᠎ᠤ ᠦᠨ᠎ᠡ᠎ᠠᠴᠠ ᠰᠠᠯᠭᠠᠨ᠎ᠠ᠃
ᠠᠷᠪᠠᠳᠤᠭᠠᠷ ᠵᠣᠷᠪᠤᠰ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠦᠨ᠎ᠡ ᠦᠰᠬᠦ ᠨᠡᠮᠡᠭᠦᠷᠢ᠎ᠶ᠋ᠢᠨ 60% ᠶ᠋ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠵᠦ᠍᠂ ᠭᠤᠤᠯᠳᠠᠭᠤ ᠬᠥᠳᠡᠭᠡ ᠲᠣᠰᠭᠤᠨ᠎ᠤ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌᠎ᠳᠤ ᠬᠡᠷᠡᠭ᠌ᠯᠡᠨ᠎ᠡ᠂ ᠡᠭᠦᠨ᠎ᠳᠤ᠄ 《ᠤᠯᠤᠰ᠎ᠤᠨ ᠬᠤᠲᠠ ᠬᠥᠳᠡᠭᠡ᠎ᠶ᠋ᠢᠨ ᠵᠠᠮ ᠬᠠᠷᠢᠯᠴᠠᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠱᠢᠶᠠᠨ》 ᠢ ᠣᠯᠤᠭ᠍ᠰᠠᠨ ᠬᠤᠱᠢᠭᠤ ᠱᠢᠶᠠᠨ᠎ᠳᠤ ᠨᠢᠭᠡ ᠯᠡ ᠤᠳᠠᠭ᠎ᠠ᠎ᠳᠤ 300 ᠲᠦᠮᠡᠨ ᠲᠥᠭᠦᠷᠢᠭ᠎ᠤᠨ ᠱᠠᠩᠨᠠᠯ ᠱᠠᠩᠨᠠᠨ᠎ᠠ; ᠪᠤᠰᠤᠳ ᠨᠡᠮᠡᠭᠦᠷᠢ᠎ᠶ᠋ᠢᠨ ᠪᠠᠯᠠ ᠮᠥᠩᠭᠦ᠎ᠶ᠋ᠢ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠬᠤᠭᠤᠴᠠᠭᠠᠨ᠎ᠳᠠᠬᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠂ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠬᠢᠨᠠᠬᠤ ᠠᠷᠭ᠎ᠠ》 ᠶ᠋ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ》 ( ᠵᠠᠮ ᠬᠠᠷᠢᠯᠴᠠᠭ᠎ᠠ ᠡᠳ᠋᠎ᠤᠨ ᠵᠠᠰᠠᠭ ᠬᠢᠨᠠᠯᠲᠠ [2022] 65 ᠳ᠋ᠤᠭᠠᠷ ᠲᠣᠭᠠᠲᠤ) ᠤᠨ ᠶᠣᠰᠣᠭᠠᠷ ᠡᠯ᠎ᠡ ᠠᠢᠮᠠᠭ ᠬᠤᠲᠠ᠎ᠶ᠋ᠢᠨ ᠦᠷ᠎ᠡ ᠳ᠋ᠦᠩ ᠵᠢᠴᠢ ᠡᠯ᠎ᠡ ᠠᠢᠮᠠᠭ ᠬᠤᠲᠠ᠎ᠶ᠋ᠢᠨ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ (ᠨᠡᠢᠲᠡ᠎ᠶ᠋ᠢᠨ ᠮᠠᠱᠢᠨᠴᠢᠯᠠᠭ᠍ᠰᠠᠨ ᠡᠵᠡᠩᠨᠡᠯᠲᠡ᠎ᠶ᠋ᠢ ᠪᠠᠭ᠍ᠲᠠᠭᠠᠨ᠎ᠠ) ᠶ᠋ᠢᠨ ᠬᠠᠷᠢᠴᠠᠯ ᠶᠣᠰᠣᠭᠠᠷ ᠬᠤᠪᠢᠶᠠᠷᠢᠯᠠᠨ᠎ᠠ᠃ ᠠᠢᠮᠠᠭ ᠬᠣᠲᠠ᠎ᠶ᠋ᠢᠨ ᠬᠥᠳᠡᠭᠡ ᠲᠣᠰᠭᠣᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ 30 ᠰᠠᠥᠷᠢ ᠲᠡᠷᠭᠡ᠎ᠡᠴᠡ ᠳᠣᠷᠣᠭ᠍ᠰᠢ ᠪᠠᠢᠪᠠᠯ ᠪᠡᠯᠡ ᠮᠥᠩᠭᠥ᠎ᠶ᠋ᠢᠨ ᠬᠤᠪᠢᠶᠠᠷᠢᠯᠠᠯᠲᠠ᠎ᠳᠤ ᠣᠷᠣᠯᠴᠠᠬᠤ ᠦᠭᠡᠶ᠃
ᠠᠷᠪᠠᠨ ᠨᠢᠭᠡᠳᠦᠭᠡᠷ ᠵᠤᠷᠪᠤᠰ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠨᠡᠢᠲᠡᠯᠡᠭ᠌ᠰᠡᠨ ᠬᠥᠳᠡᠭᠡ ᠲᠣᠰᠭᠤᠨ᠎ᠤ ᠠᠶᠠᠨᠴᠢᠳ ᠪᠠ ᠪᠠᠷᠠᠭ᠎ᠠ ᠱᠢᠤᠳᠠᠨᠢ ᠠᠭᠤᠰᠤᠯᠴᠠᠭᠤᠯᠤᠨ ᠬᠥᠭ᠌ᠵᠢᠭᠦᠯᠬᠦ᠌᠎ᠳᠤ ᠲᠣᠬᠢᠷᠠᠬᠤ ᠲᠡᠷᠭᠡ ᠬᠥᠰᠭᠡ ᠬᠤᠳᠠᠯᠳᠤᠨ ᠠᠪᠬᠤ ᠨᠡᠮᠡᠭᠦᠷᠢ᠂ ᠱᠢᠶᠠᠨ᠎ᠤ ᠱᠠᠲᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡ᠎ᠨᠢ ᠪᠠᠷᠠᠭ᠎ᠠ ᠲᠡᠭᠡᠭᠡᠪᠦᠷᠢᠯᠡᠬᠦ᠌ ᠪᠠᠷᠠᠭᠠᠨ᠎ᠤ ᠭᠦᠶ᠋ᠯᠭᠡᠭᠡ᠂ ᠱᠢᠤᠳᠠᠨ᠎ᠤ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ ᠵᠡᠷᠭᠡ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠴᠢᠳᠠᠮᠵᠢ᠎ᠶ᠋ᠢ ᠥᠷᠭᠡᠳᠭᠡᠵᠦ᠍᠂ ᠰᠣᠮᠣ ᠪᠠᠯᠭᠠᠰᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡ᠎ᠨᠢ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡᠨ᠎ᠳᠤ ᠰᠠᠭᠤᠬᠤ᠂ ᠲᠠᠸᠠᠷ ᠬᠤᠳᠠᠯᠳᠤᠬᠤ᠂ ᠪᠠᠷᠠᠭᠠᠨ᠎ᠤ ᠭᠦᠢᠯᠭᠡᠭᠡᠨ᠎ᠤ ᠳᠣᠭᠢᠷᠠᠭᠤᠯᠤᠨ ᠬᠦᠷᠭᠡᠬᠦ᠂ ᠱᠢᠤᠳᠠᠨ᠎ᠤ ᠲᠦᠷᠭᠡᠨ ᠵᠦᠢᠯ᠎ᠢ ᠢᠯᠡᠭᠡᠬᠦ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠠᠩᠭᠠᠯᠭ᠎ᠠ᠂ ᠱᠢᠨ᠎ᠡ ᠡᠨᠧᠷᠭᠢ᠎ᠶ᠋ᠢᠨ ᠲᠡᠷᠭᠡ ᠬᠥᠰᠭᠡ᠎ᠶ᠋ᠢᠨ ᠴᠠᠬᠢᠯᠭᠠᠨ ᠴᠡᠨᠡᠭ᠌ᠯᠡᠬᠦ᠂ ᠮᠠᠱᠢᠨ ᠲᠡᠷᠭᠡ ᠰᠡᠯᠪᠢᠨ ᠵᠠᠰᠠᠬᠤ ᠵᠡᠷᠭᠡ ᠴᠢᠳᠠᠮᠵᠢ᠎ᠶ᠋ᠢ ᠥᠷᠭᠡᠳᠭᠡᠨ᠂ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ᠎ᠶ᠋ᠢᠨ ᠪᠠᠢᠳᠠᠯ᠎ᠢ ᠬᠢᠨᠠᠨ ᠡᠵᠡᠮᠳᠡᠬᠦ᠌ ᠲᠥᠬᠦᠭᠡᠷᠦᠮᠵᠢ᠎ᠶ᠋ᠢ ᠲᠠᠰ ᠳᠡᠪᠱᠢᠭᠦᠯᠦᠨ ᠥᠭᠡᠷᠡᠴᠢᠯᠡᠬᠦ᠂ ᠬᠤᠲᠠ ᠬᠥᠳᠡᠭᠡ᠎ᠶ᠋ᠢᠨ ᠵᠠᠮ ᠬᠠᠷᠢᠯᠴᠠᠭ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠵᠢᠴᠢ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠲᠠᠪᠴᠠᠩ》 ᠤᠨ ᠦᠢᠯᠡᠴᠢᠯᠡᠭᠡ᠎ᠶ᠋ᠢ ᠬᠤᠳᠠᠯᠳᠤᠨ ᠠᠪᠬᠤ ᠵᠡᠷᠭᠡ ᠪᠠᠭ᠍ᠲᠠᠨ᠎ᠠ᠃ ᠬᠤᠪᠢᠶᠠᠷᠢᠯᠠᠭ᠍ᠰᠠᠨ ᠪᠡᠯᠡ ᠮᠥᠩᠭᠦ᠎ᠶ᠋ᠢ ᠬᠢᠨᠠᠨ ᠱᠢᠯᠭᠠᠬᠤ᠎ᠳᠤ ᠡᠭᠦᠨ᠎ᠠᠴᠠ ᠪᠤᠰᠤᠳ ᠲᠠᠯ᠎ᠠ᠎ᠳᠤ ᠬᠡᠷᠡᠭ᠌ᠯᠡᠵᠦ᠍ ᠪᠣᠯᠬᠤ ᠦᠭᠡᠢ᠃
ᠠᠷᠪᠠᠨ ᠬᠤᠶᠠᠳᠤᠭᠠᠷ ᠵᠤᠷᠪᠤᠰ ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠦᠨ᠎ᠡ ᠦᠰᠬᠦ ᠨᠡᠮᠡᠭᠦᠷᠢ᠎ᠶ᠋ᠢ ᠭᠤᠤᠯᠳᠠᠭᠤ ᠬᠥᠳᠡᠭᠡ ᠲᠣᠰᠭᠤᠨ᠎ᠤ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠬᠥᠭ᠌ᠵᠢᠯᠲᠡ ᠪᠠ ᠤᠰᠤᠨ ᠵᠠᠮ᠎ᠤᠨ ᠲᠡᠭᠡᠭᠡᠪᠦᠷᠢ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢ ᠳᠡᠮᠵᠢᠬᠦ᠌᠎ᠳᠤ ᠬᠡᠷᠡᠭ᠌ᠯᠡᠵᠦ᠍᠂ ᠡᠵᠡᠩᠨᠡᠯᠲᠡ᠎ᠶ᠋ᠢᠨ ᠦᠷ᠎ᠡ ᠪᠦᠲᠦᠮᠵᠢ᠂ ᠦᠶ᠋ᠯᠡᠴᠢᠯᠡᠭᠡᠨ᠎ᠤ ᠶᠠᠰᠤ ᠴᠢᠨᠠᠷ᠂ ᠠᠶᠤᠯ ᠥᠬᠡᠶ ᠡᠵᠡᠩᠨᠡᠯᠲᠡ ᠪᠠ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠵᠡᠷᠭᠡ ᠳᠥᠷᠪᠡᠨ ᠲᠠᠯ᠎ᠠ᠎ᠶ᠋ᠢᠨ ᠭᠦᠶ᠋ᠴᠡᠳᠭᠡᠯ ᠲᠤᠭ᠎ᠠ᠎ᠶ᠋ᠢᠨ ᠶᠣᠰᠣᠭᠠᠷ ᠱᠢᠯᠭᠠᠨ ᠬᠢᠨᠠᠵᠤ ᠬᠤᠪᠢᠶᠠᠷᠢᠯᠠᠨ᠎ᠠ᠃
ᠡᠵᠡᠩᠨᠡᠯᠲᠡ᠎ᠶ᠋ᠢᠨ ᠦᠷ᠎ᠡ ᠪᠦᠲᠦᠮᠵᠢ᠎ᠨᠢ ᠭᠤᠣᠯᠳᠠᠭᠤ ᠲᠣᠬᠢᠷᠠᠬᠤ ᠨᠠᠰᠤᠨ᠎ᠤ ᠣᠩᠭᠤᠴᠠᠨ᠎ᠤ ᠬᠡᠷᠡᠭ᠌ᠯᠡᠯᠲᠡ᠂ ᠣᠩᠭᠤᠴᠠᠨ᠎ᠤ ᠱᠢᠨ᠎ᠡ ᠡᠨᠧᠷᠭᠢ ᠪᠤᠶᠤ ᠴᠡᠪᠡᠷ ᠡᠨᠧᠷᠭᠢ ᠬᠡᠷᠡᠭ᠌ᠯᠡᠭ᠌ᠰᠡᠨ ᠵᠡᠷᠭᠡ ᠪᠠᠢᠳᠠᠯ᠎ᠢ ᠱᠢᠯᠭᠠᠨ ᠬᠢᠨᠠᠨ᠎ᠠ; ᠦᠢᠯᠡᠴᠢᠯᠡᠭᠡᠨ᠎ᠤ ᠶᠠᠰᠤ ᠴᠢᠨᠠᠷ᠎ᠨᠢ ᠭᠤᠣᠯᠳᠠᠭᠤ ᠬᠠᠮᠢᠶᠠᠷᠤᠯᠲᠠ᠎ᠶ᠋ᠢᠨ ᠳᠦᠷᠢᠮ᠂ ᠺᠣᠮᠫᠠᠨᠢᠴᠢᠯᠠᠭ᠍ᠰᠠᠨ ᠡᠵᠡᠩᠨᠡᠯᠲᠡ ᠵᠡᠷᠭᠡ ᠪᠠᠢᠳᠠᠯ᠎ᠢ ᠱᠢᠯᠭᠠᠨ ᠬᠢᠨᠠᠨ᠎ᠠ; ᠠᠶᠤᠯ ᠦᠭᠡᠢ ᠡᠵᠡᠩᠨᠡᠯᠲᠡ᠎ᠨᠢ ᠭᠤᠣᠯᠳᠠᠭᠤ ᠬᠡᠪᠱᠢᠭ᠌ᠰᠡᠨ ᠠᠵᠢᠯ᠎ᠤᠨ ᠲᠣᠭ᠍ᠲᠠᠴᠠ᠎ᠶ᠋ᠢ ᠪᠠᠢᠭᠤᠯᠤᠭ᠍ᠰᠠᠨ᠂ ᠪᠡᠯᠡᠳᠭᠡᠮᠵᠢ᠎ᠶ᠋ᠢ ᠱᠢᠨᠡᠳᠭᠡᠨ ᠥᠭᠡᠷᠡᠴᠢᠯᠡᠬᠦ᠌ ᠵᠢᠴᠢ ᠳᠦᠷᠢᠮ᠎ᠢ ᠨᠠᠢᠳᠠᠪᠤᠷᠢᠵᠢᠭᠤᠯᠤᠭ᠍ᠰᠠᠨ᠂ ᠠᠶᠤᠯ ᠦᠭᠡᠢ ᠦᠢᠯᠡᠳᠪᠦᠷᠢᠯᠡᠯ᠂ ᠦᠨᠡᠨ ᠨᠡᠷ᠎ᠡ᠎ᠶ᠋ᠢᠨ ᠳᠦᠷᠢᠮ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠂ ᠣᠩᠭᠤᠴᠠᠨ᠎ᠤ ᠬᠥᠳᠡᠯᠦᠩᠭᠦᠢ ᠬᠢᠨᠠᠨ ᠡᠵᠡᠮᠳᠡᠯ᠎ᠢ ᠪᠡᠶᠡᠯᠡᠭᠦᠯᠦᠭ᠌ᠰᠡᠨ ᠵᠡᠷᠭᠡ ᠪᠠᠢᠳᠠᠯ᠎ᠢ ᠱᠢᠯᠭᠠᠨ ᠬᠢᠨᠠᠨ᠎ᠠ; ᠭᠤᠣᠯ ᠴᠣᠭ᠍ᠴᠠ᠎ᠶ᠋ᠢᠨ ᠬᠠᠷᠢᠭᠤᠴᠠᠯᠭᠠᠳᠤ ᠭᠤᠣᠯᠳᠠᠭᠤ ᠨᠡᠮᠡᠭᠦᠷᠢ᠎ᠶ᠋ᠢᠨ ᠪᠡᠯᠡ ᠮᠥᠩᠭᠦ᠎ᠶ᠋ᠢᠨ ᠲᠤᠰᠭᠠᠢ ᠬᠡᠷᠡᠭ᠌ᠯᠡᠯᠲᠡ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ᠂ ᠠᠵᠢᠯ᠎ᠤᠨ ᠲᠥᠯᠥᠪᠯᠡᠭᠡ᠎ᠶ᠋ᠢ ᠲᠣᠭ᠍ᠲᠠᠭᠠᠭ᠍ᠰᠠᠨ᠂ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠭ᠍ᠰᠠᠨ ᠵᠡᠷᠭᠡ ᠪᠠᠢᠳᠠᠯ᠎ᠢ ᠱᠢᠯᠭᠠᠨ ᠬᠢᠨᠠᠨ᠎ᠠ᠃
ᠳᠥᠷᠪᠡᠳᠦᠭᠡᠷ ᠪᠦᠯᠦᠭ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠦᠨ᠎ᠡ ᠦᠰᠬᠦ ᠨᠡᠮᠡᠭᠦᠷᠢ᠎ᠶ᠋ᠢ ᠱᠠᠩᠨᠠᠨ ᠬᠥᠬᠢᠭᠦᠯᠦᠨ᠎ᠡ
ᠠᠷᠪᠠᠨ ᠭᠤᠷᠪᠠᠳᠤᠭᠠᠷ ᠵᠤᠷᠪᠤᠰ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠦᠨ᠎ᠡ ᠬᠠᠩᠰᠢᠦᠰᠬᠦ ᠨᠡᠮᠡᠭᠦᠷᠢ᠎ᠶ᠋ᠢ ᠭᠤᠣᠯᠳᠠᠭᠤ ᠬᠤᠲᠠ᠎ᠶ᠋ᠢᠨ ᠵᠠᠮ ᠬᠠᠷᠢᠯᠴᠠᠭᠠᠨ᠎ᠤ ᠬᠦᠷᠢᠶᠡᠨ᠎ᠳᠠᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠡᠵᠡᠩᠨᠡᠯᠲᠡ᠎ᠶ᠋ᠢ ᠳᠡᠮᠵᠢᠬᠦ᠌᠎ᠳᠤ ᠬᠡᠷᠡᠭ᠌ᠯᠡᠨ᠎ᠡ᠃ ᠡᠭᠦᠨ᠎ᠳᠤ᠂ ᠵᠢᠯ ᠪᠦᠷᠢ ᠤᠯᠤᠰ᠎ᠤᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠤᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ᠎ᠶ᠋ᠢᠨ ᠬᠤᠲᠠ ᠪᠦᠷᠢ᠎ᠳᠤ 500 ᠲᠦᠮᠡᠨ ᠲᠥᠭᠦᠷᠢᠭ᠎ᠤᠨ ᠲᠤᠰᠭᠠᠶ ᠱᠠᠩᠨᠠᠯ᠎ᠤᠨ ᠪᠠᠯᠠ ᠮᠥᠩᠭᠦ᠌ ᠣᠯᠭᠤᠨ᠎ᠠ; ᠵᠢᠯ ᠪᠦᠷᠢ ᠪᠣᠬᠢᠷᠲᠤᠯ ᠥᠬᠡᠶ ᠪᠠᠷᠠᠭᠠᠨ᠎ᠤ ᠲᠡᠭᠡᠭᠡᠪᠦᠷᠢ᠎ᠶ᠋ᠢᠨ ᠳᠣᠭᠢᠷᠠᠭᠤᠯᠤᠨ ᠬᠦᠷᠭᠡᠬᠦ᠌ ᠵᠢᠱ᠌ᠢᠶ᠎ᠡ ᠦᠵᠡᠭᠦᠯᠬᠦ᠌ ᠬᠤᠲᠠ᠎ᠶ᠋ᠢᠨ ᠬᠤᠲᠠ ᠪᠦᠷᠢ᠎ᠳᠤ 300 ᠲᠦᠮᠡᠨ ᠲᠥᠭᠦᠷᠢᠭ᠎ᠤᠨ ᠲᠤᠰᠭᠠᠶ ᠱᠠᠩᠨᠠᠯ᠎ᠤᠨ ᠪᠠᠯᠠ ᠮᠥᠩᠭᠦ᠌ ᠣᠯᠭᠤᠨ᠎ᠠ᠃ ᠲᠤᠰᠭᠠᠶ ᠱᠠᠩᠨᠠᠯ᠎ᠤᠨ ᠪᠠᠯᠠ ᠮᠥᠩᠭᠦ᠎ᠶ᠋ᠢ ᠬᠠᠰᠤᠭ᠍ᠰᠠᠨᠤ ᠳᠠᠷᠠᠭᠠᠬᠢ 30% ᠨᠢ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ᠎ᠶ᠋ᠢ ᠴᠠᠬᠢᠯᠭᠠᠨᠵᠢᠭᠤᠯᠬᠤ᠎ᠶ᠋ᠢ ᠳᠡᠮᠵᠢᠬᠦ᠌᠎ᠳᠤ ᠬᠡᠷᠡᠭ᠌ᠯᠡᠪᠡ; ᠲᠤᠰᠭᠠᠶ ᠱᠠᠩᠨᠠᠯ᠎ᠤᠨ ᠪᠠᠯᠠ ᠮᠥᠩᠭᠦ᠎ᠶ᠋ᠢ ᠬᠠᠰᠤᠭ᠍ᠰᠠᠨᠤ ᠳᠠᠷᠠᠭᠠᠬᠢ 70% ᠶ᠋ᠢ ᠬᠤᠲᠠ᠎ᠶ᠋ᠢᠨ ᠵᠠᠮ ᠬᠠᠷᠢᠯᠴᠠᠭᠠᠨ᠎ᠤ ᠬᠦᠷᠢᠶᠡᠨ᠎ᠳᠠᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠡᠵᠡᠩᠨᠡᠯᠲᠡ ᠵᠢᠴᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠳᠡᠮᠵᠢᠬᠦ᠌᠎ᠳᠤ ᠬᠡᠷᠡᠭ᠌ᠯᠡᠨ᠎ᠡ᠃
ᠠᠷᠪᠠᠨ ᠳᠥᠷᠪᠡᠳᠦᠭᠡᠷ ᠵᠤᠷᠪᠤᠰ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠦᠨ᠎ᠡ ᠦᠰᠬᠦ ᠨᠡᠮᠡᠭᠦᠷᠢ᠎ᠶ᠋ᠢᠨ 30%(ᠲᠤᠰᠭᠠᠶ ᠱᠠᠩᠨᠠᠯ᠎ᠤᠨ ᠪᠡᠯᠡ ᠮᠥᠩᠭᠦ᠎ᠶ᠋ᠢ ᠬᠠᠰᠤᠭ᠍ᠰᠠᠨᠤ ᠳᠠᠷᠠᠭ᠎ᠠ) ᠶᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠵᠦ᠍᠂ ᠭᠣᠣᠯᠳᠠᠭᠤ ᠲᠣᠭᠣᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ᠎ᠦ ᠠᠵᠢᠯ ᠲᠥᠷᠥᠯ᠎ᠦᠨ ᠲᠣᠭᠲᠠᠭᠤᠨ ᠪᠠᠢᠳᠠᠯ᠂ ᠲᠣᠭᠣᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ᠎ᠦ ᠳᠣᠲᠣᠷᠠᠬᠢ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠠᠷᠢᠴᠠᠯ᠎ᠢ ᠰᠢᠨᠡᠳᠬᠡᠬᠦ ᠪᠤᠶᠤ ᠰᠢᠨ᠎ᠡ᠎ᠪᠡᠷ ᠨᠡᠮᠡᠭᠳᠡᠭᠦᠯᠬᠦ ᠵᠡᠷᠭᠡ ᠪᠠᠢᠳᠠᠯ᠎ᠢ ᠬᠢᠨᠠᠨ ᠰᠢᠯᠭᠠᠵᠤ᠂ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ᠎ᠶ᠋ᠢ ᠴᠠᠬᠢᠯᠭᠠᠨᠵᠢᠭᠤᠯᠬᠤ᠂ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠬᠤᠳᠠᠯᠳᠤᠨ ᠠᠪᠬᠤ᠂ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠬᠦ᠌ ᠴᠡᠨᠡᠭ᠌ᠯᠡᠬᠦ᠌ ᠴᠠᠬᠢᠯᠭᠠᠨ ᠥᠷᠲᠡᠭᠡ ( ᠪᠠᠭ᠋ᠠᠨ᠎ᠠ) ᠶ᠋ᠢᠨ ᠪᠥᠲᠥᠭᠡᠨ ᠪᠠᠢᠭᠤᠯᠤᠯᠲᠠ ᠪᠠ ᠡᠵᠡᠩᠨᠡᠯᠲᠡ᠂ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠣᠨ᠎ᠤ ᠠᠮᠵᠢᠯᠲᠠ ᠪᠦᠲᠦᠮᠵᠢ᠎ᠶ᠋ᠢᠨ ᠦᠨᠡᠯᠡᠯᠲᠡ ᠵᠢᠴᠢ ᠬᠠᠮᠢᠶ᠎ᠠ ᠪᠥᠬᠦᠶ ᠦᠢᠯᠡᠴᠢᠯᠡᠭᠡ ᠬᠤᠳᠠᠯᠳᠤᠨ ᠠᠪᠬᠤ᠎ᠶ᠋ᠢ ᠳᠡᠮᠵᠢᠬᠦ᠌᠎ᠳᠤ ᠬᠡᠷᠡᠭ᠌ᠯᠡᠨ᠎ᠡ᠃ ᠡᠭᠦᠨ᠎ᠳᠤ᠄ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠬᠤᠳᠠᠯᠳᠤᠨ ᠠᠪᠬᠤ ᠪᠠ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠬᠦ᠌ ᠴᠡᠨᠡᠭ᠌ᠯᠡᠬᠦ᠌ ᠥᠷᠲᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠵᠡᠩᠨᠡᠯᠲᠡ᠎ᠶ᠋ᠢᠨ ᠱᠠᠩᠨᠠᠯ ᠨᠡᠮᠡᠭᠦᠷᠢ᠎ᠶ᠋ᠢᠨ ᠪᠠᠯᠠ ᠮᠥᠩᠭᠦ᠎ᠶ᠋ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠍ ᠬᠢᠨᠠᠨ ᠬᠠᠷᠭᠤᠭᠤᠯᠬᠤ᠂ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠪᠠ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠬᠦ᠌ ᠴᠡᠨᠡᠭ᠌ᠯᠡᠬᠦ᠌ ᠴᠠᠬᠢᠯᠭᠠᠨ ᠥᠷᠲᠡᠭᠡ᠎ᠶ᠋ᠢᠨ ᠠᠵᠢᠯᠯᠠᠭᠠᠨ᠎ᠤ ᠬᠢᠨᠠᠨ ᠬᠡᠮᠵᠢᠯᠲᠡ ᠪᠠᠭ᠍ᠲᠠᠨ᠎ᠠ᠃
ᠠᠷᠪᠠᠨ ᠲᠠᠪᠤᠳᠤᠭᠠᠷ ᠵᠤᠷᠪᠤᠰ ᠬᠣᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠥ᠎ᠶ᠋ᠢᠨ ᠳᠣᠲᠣᠷ᠎ᠠ ᠦᠨ᠎ᠡ ᠦᠰᠬᠦ ᠨᠡᠮᠡᠭᠦᠷᠢ᠎ᠶ᠋ᠢᠨ 70% ( ᠲᠤᠰᠭᠠᠶ ᠵᠦᠢᠯ᠎ᠦᠨ ᠱᠠᠩᠨᠠᠯ᠎ᠤᠨ ᠪᠡᠯᠡ ᠮᠥᠩᠭᠥ᠎ᠶ᠋ᠢ ᠬᠠᠰᠤᠭ᠍ᠰᠠᠨᠤ ᠳᠠᠷᠠᠭ᠎ᠠ) ᠨᠢ ᠬᠣᠲᠠ᠎ᠶ᠋ᠢᠨ ᠵᠠᠮ ᠬᠠᠷᠢᠯᠴᠠᠭᠠᠨ᠎ᠤ ᠬᠦᠷᠢᠶᠡᠨ᠎ᠳᠡᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠡᠵᠡᠩᠨᠡᠯᠲᠡ ᠵᠢᠴᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠳᠡᠮᠵᠢᠬᠦ᠌᠎ᠳᠦ ᠬᠡᠷᠡᠭᠯᠡᠨ᠎ᠡ᠃
(ᠨᠢᠭᠡ) ᠡᠯ᠎ᠡ ᠠᠢᠮᠠᠭ ᠬᠤᠲᠠ᠎ᠶ᠋ᠢᠨ ᠲᠥᠪ ᠬᠤᠲᠠ ᠲᠣᠭᠤᠷᠢᠭ᠎ᠤᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠡᠵᠡᠯᠡᠬᠦ᠌ ᠬᠠᠷᠢᠴᠠᠯ᠎ᠢ ᠬᠢᠨᠠᠨ ᠱᠢᠯᠭᠠᠨ᠎ᠠ᠃ ᠡᠭᠦᠨ᠎ᠳᠤ᠄ ᠠᠢᠮᠠᠭ ᠬᠤᠲᠠ᠎ᠶ᠋ᠢᠨ ᠭᠤᠤᠯ ᠬᠤᠲᠠ ᠲᠣᠭᠤᠷᠢᠭ᠎ᠤᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠬᠦ᠌ ᠨᠣᠷᠮ᠎ᠠ᠎ᠶ᠋ᠢ 100% ᠳᠤ ᠬᠦᠷᠦᠭᠦᠯᠵᠦ᠍᠂ ᠠᠢᠮᠠᠭ ᠬᠤᠲᠠ᠎ᠳᠤ ᠵᠢᠯ ᠪᠦᠷᠢ 300 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ; 100% > ᠳᠡᠯᠭᠡᠷᠡᠭᠦᠯᠬᠦ᠌ ᠨᠣᠷᠮ᠎ᠠ > 90% ᠶ᠋ᠢᠨ ᠠᠢᠮᠠᠭ ᠬᠤᠲᠠ᠎ᠳᠤ ᠵᠢᠯ ᠪᠦᠷᠢ 200 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ; 90% > ᠳᠡᠯᠭᠡᠷᠡᠭᠦᠯᠬᠦ᠌ ᠨᠣᠷᠮ᠎ᠠ > 80% ᠶ᠋ᠢᠨ ᠠᠢᠮᠠᠭ ᠬᠤᠲᠠ᠎ᠳᠤ ᠵᠢᠯ ᠪᠦᠷᠢ 100 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ᠃
(ᠬᠤᠶᠠᠷ) ᠡᠯ᠎ᠡ ᠠᠢᠮᠠᠭ ᠬᠤᠲᠠ᠎ᠶ᠋ᠢᠨ ᠣᠨ᠎ᠤ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠬᠠᠷᠢᠴᠠᠯ᠎ᠢ ᠬᠢᠨᠠᠨ ᠱᠢᠯᠭᠠᠨ᠎ᠠ᠃ 2021 ᠣᠨ᠎ᠠᠴᠠ ᠡᠬᠢᠯᠡᠨ᠂ ᠠᠢᠮᠠᠭ ᠬᠤᠲᠠ᠎ᠶ᠋ᠢᠨ ᠲᠥᠪ᠎ᠤᠨ ᠬᠥᠮᠦᠨ ᠠᠮᠠ 100 ᠲᠦᠮᠡ᠎ᠶ᠋ᠢ ᠳᠠᠪᠠᠵᠤ᠂ ᠵᠢᠯ᠎ᠤᠨ ᠱᠢᠨ᠎ᠡ᠎ᠪᠠᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ 30 ᠰᠠᠥᠷᠢ᠎ᠶ᠋ᠢ ᠳᠠᠪᠠᠭ᠍ᠰᠠᠨ ᠪᠥᠭᠡᠳ ᠣᠨ᠎ᠤ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ ᠳᠡᠯᠭᠡᠷᠡᠭᠦᠯᠬᠦ᠌ ᠨᠣᠷᠮ᠎ᠠ᠎ᠨᠢ 100% ᠬᠦᠷᠦᠭ᠌ᠰᠡᠨ ᠠᠢᠮᠠᠭ ᠬᠤᠲᠠ᠎ᠳᠤ 300 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ; ᠠᠢᠮᠠᠭ ᠬᠤᠲᠠ᠎ᠶ᠋ᠢᠨ ᠲᠥᠪ᠎ᠤᠨ ᠬᠥᠮᠦᠨ ᠠᠮᠠ 50 ᠲᠦᠮᠡ᠎ᠶ᠋ᠢ ᠳᠠᠪᠠᠵᠤ 100 ᠲᠦᠮᠡ ᠬᠦᠷᠬᠦ ᠦᠭᠡᠢ᠂ ᠵᠢᠯ᠎ᠤᠨ ᠱᠢᠨ᠎ᠡ᠎ᠪᠠᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ 20 ᠰᠠᠤᠷᠢ᠎ᠶ᠋ᠢ ᠳᠠᠪᠠᠭ᠍ᠰᠠᠨ ᠪᠥᠭᠡᠳ ᠣᠨ᠎ᠤ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ ᠳᠡᠯᠭᠡᠷᠡᠭᠦᠯᠬᠦ᠌ ᠨᠣᠷᠮ᠎ᠠ᠎ᠨᠢ 100% ᠬᠦᠷᠦᠭ᠌ᠰᠡᠨ ᠠᠢᠮᠠᠭ ᠬᠤᠲᠠ᠎ᠳᠤ 200 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ; ᠠᠢᠮᠠᠭ ᠬᠤᠲᠠ᠎ᠶ᠋ᠢᠨ ᠲᠥᠪ᠎ᠤᠨ ᠬᠥᠮᠦᠨ ᠠᠮᠠ 50 ᠲᠦᠮᠡ᠎ᠠᠴᠠ ᠳᠣᠤᠷ᠎ᠠ᠂ ᠵᠢᠯ᠎ᠤᠨ ᠱᠢᠨ᠎ᠡ᠎ᠪᠠᠷ ᠨᠡᠮᠡᠭ᠌ᠳᠡᠭ᠌ᠰᠡᠨ ᠱᠢᠨᠡᠳᠭᠡᠭ᠌ᠰᠡᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ 10 ᠰᠠᠥᠷᠢ᠎ᠶ᠋ᠢ ᠳᠠᠪᠠᠭ᠍ᠰᠠᠨ ᠪᠥᠭᠡᠳ ᠣᠨ᠎ᠤ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ ᠳᠡᠯᠭᠡᠷᠡᠭᠦᠯᠬᠦ᠌ ᠨᠣᠷᠮ᠎ᠠ ᠨᠢ 100% ᠳᠤ ᠬᠦᠷᠦᠭᠰᠡᠨ ᠠᠢᠮᠠᠭ ᠬᠤᠲᠠ᠎ᠳᠤ 100 ᠲᠦᠮᠡᠨ ᠲᠥᠭᠦᠷᠢᠭ᠎ᠤᠨ ᠲᠤᠰᠭᠠᠶ ᠱᠠᠩᠨᠠᠯ ᠣᠯᠭᠤᠨ᠎ᠠ᠃
(ᠭᠤᠷᠪᠠ) ᠳᠡᠭᠡᠷ᠎ᠡ ᠳᠤᠷᠠᠳᠤᠭ᠍ᠰᠠᠨ ᠲᠤᠰᠭᠠᠶ ᠵᠦᠢᠯ᠎ᠤᠨ ᠱᠠᠩᠨᠠᠯ᠎ᠤᠨ ᠪᠡᠯᠡ ᠮᠥᠩᠭᠦ᠎ᠶ᠋ᠢ ᠬᠠᠰᠤᠭ᠍ᠰᠠᠨᠤ ᠳᠠᠷᠠᠭ᠎ᠠ᠂ ᠮᠠᠨ᠎ᠤ ᠣᠷᠣᠨ᠎ᠤ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠳᠤ ᠡᠵᠡᠩᠨᠡᠯᠲᠡ᠎ᠶ᠋ᠢᠨ ᠨᠡᠮᠡᠭᠦᠷᠢ ᠥᠭ᠌ᠴᠦ᠂ ᠳᠠᠩ ᠲᠡᠷᠭᠡ᠎ᠶ᠋ᠢᠨ ᠨᠡᠮᠡᠭᠦᠷᠢ᠎ᠶ᠋ᠢᠨ ᠵᠣᠭᠤᠰ᠎ᠤᠨ ᠲᠤᠭ᠎ᠠ = ᠥᠪᠡᠷᠲᠡᠭᠡᠨ ᠵᠠᠰᠠᠬᠤ ᠣᠷᠣᠨ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠡᠵᠡᠩᠨᠡᠯᠲᠡ᠎ᠶ᠋ᠢᠨ ᠨᠡᠮᠡᠭᠦᠷᠢ᠎ᠶ᠋ᠢᠨ ᠶᠡᠷᠦᠩᠬᠡᠶ ᠲᠤᠭ᠎ᠠ * ᠳᠠᠩ ᠲᠡᠷᠭᠡ᠎ᠶ᠋ᠢᠨ ᠣᠨ᠎ᠤ ᠡᠵᠡᠩᠨᠡᠯᠲᠡ᠎ᠶ᠋ᠢᠨ ᠪᠠᠷᠢᠮᠵᠢᠶᠠᠲᠤ ᠲᠠᠪᠴᠠᠩ᠎ᠤᠨ ᠲᠣᠭ᠎ᠠ (ᠳᠠᠩ ᠲᠡᠷᠭᠡ᠎ᠶ᠋ᠢᠨ ᠪᠣᠳᠠᠲᠠᠶ ᠪᠠᠷᠢᠮᠵᠢᠶᠠᠲᠤ ᠲᠠᠪᠴᠠᠩ * ᠳᠠᠩ ᠲᠡᠷᠭᠡ᠎ᠶ᠋ᠢᠨ ᠪᠣᠳᠠᠲᠠᠶ ᠠᠶᠠᠯᠠᠭ᠍ᠰᠠᠨ ᠵᠠᠮ᠎ᠤᠨ ᠤᠷᠲᠤ) / ᠪᠦᠬᠦ᠌ ᠣᠷᠣᠨ᠎ᠤ ᠣᠨ᠎ᠤ ᠶᠡᠷᠦᠩᠬᠡᠶ ᠡᠵᠡᠩᠨᠡᠯᠲᠡ᠎ᠶ᠋ᠢᠨ ᠪᠠᠷᠢᠮᠵᠢᠶᠠᠲᠤ ᠲᠠᠪᠴᠠᠩ (ᠠᠷᠪᠠᠲᠤ᠎ᠶᠢᠨ ᠪᠤᠲᠠᠷᠬᠠᠢ᠎ᠶᠢᠨ ᠠᠷᠤ᠎ᠶᠢᠨ ᠬᠣᠶᠠᠷ ᠣᠷᠣᠨ᠎ᠢ ᠦᠯᠡᠳᠡᠭᠡᠨ᠎ᠡ )᠃
ᠠᠷᠪᠠᠨ ᠵᠢᠷᠭᠤᠳᠤᠭᠠᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠪᠣᠯ ᠴᠡᠨᠡᠭ᠌ᠯᠡᠬᠦ᠌ ( ᠬᠠᠳᠬᠤᠬᠤ) ᠴᠠᠬᠢᠯᠭᠠᠨ ᠪᠤᠶᠤ ᠴᠡᠨᠡᠭ᠌ᠯᠡᠬᠦ᠌᠎ᠳᠤ ᠵᠣᠬᠢᠴᠠᠭᠤᠯᠤᠭ᠍ᠰᠠᠨ ᠴᠤᠯ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ᠎ᠶ᠋ᠢ ᠵᠢᠭᠠᠵᠤ ᠪᠣᠶ᠃ ᠱᠢᠨᠡᠳᠭᠡᠭ᠌ᠰᠡᠨᠤ ᠳᠠᠷᠠᠭᠠᠬᠢ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠡᠵᠡᠩᠨᠡᠯᠲᠡ᠎ᠶ᠋ᠢᠨ ᠡᠷᠬᠡ᠎ᠶ᠋ᠢᠨ ᠬᠤᠭᠤᠴᠠᠭ᠎ᠠ᠎ᠶ᠋ᠢ ᠳᠠᠬᠢᠨ ᠨᠢᠭᠡᠨ ᠪᠦᠷᠢᠨ ᠪᠦᠲᠦᠨ ᠦᠶᠡᠯᠡᠯ᠎ᠤᠨ ᠬᠤᠭᠤᠴᠠᠭ᠎ᠠ ᠭᠡᠵᠦ᠍ ᠲᠣᠭ᠍ᠲᠠᠭᠠᠪᠠ᠃
ᠠᠷᠪᠠᠨ ᠳᠣᠯᠣᠳᠤᠭᠠᠷ ᠵᠤᠷᠪᠤᠰ ᠲᠣᠰ ᠠᠷᠭ᠎ᠠ᠎ᠳᠤ ᠬᠡᠯᠡᠵᠦ᠍ ᠪᠠᠢᠭ᠎ᠠ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠭᠡᠨ᠎ᠤ ᠴᠡᠨᠡᠭ᠌ᠯᠡᠬᠦ᠌ ᠴᠠᠬᠢᠯᠭᠠᠨ ᠥᠷᠲᠡᠭᠡ ᠭᠡᠳᠡᠭ᠎ᠨᠢ ᠲᠣᠭ᠍ᠲᠠᠮᠠᠯ ᠲᠠᠯᠠᠪᠤᠷ᠎ᠲᠤ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡᠨ᠎ᠳᠤ ᠴᠠᠬᠢᠯᠭᠠᠨ ᠴᠡᠨᠡᠭ᠌ᠯᠡᠬᠦ᠌ ᠦᠢᠯᠡᠴᠢᠯᠡᠭᠡ ᠬᠠᠩᠭᠠᠬᠤ ᠲᠥᠬᠦᠭᠡᠷᠦᠮᠵᠢ᠎ᠶ᠋ᠢ ᠵᠢᠭᠠᠵᠤ ᠪᠣᠶ᠂ ᠡᠳᠦᠷ ᠳᠤᠮᠳᠠᠴᠢ᠎ᠶ᠋ᠢᠨ ᠦᠢᠯᠡᠴᠢᠯᠡᠭᠡᠨ᠎ᠤ ᠴᠢᠳᠠᠪᠤᠷᠢ᠎ᠨᠢ ᠵᠣᠬᠢᠬᠤ ᠲᠡᠷᠭᠡᠨ᠎ᠳᠤ ᠤᠳᠠᠭ᠎ᠠ ᠬᠥᠷᠬᠦ᠌ ᠶ᠋ᠢᠨ ᠬᠠᠮᠲᠤ ᠰᠡᠯᠪᠢᠨ ᠵᠠᠰᠠᠬᠤ᠂ ᠡᠵᠡᠩᠨᠡᠬᠦ᠌ ᠵᠡᠷᠭᠡ ᠲᠤᠰᠭᠠᠶ ᠮᠡᠷᠭᠡᠵᠢᠯ᠎ᠤᠨ ᠠᠵᠢᠯᠲᠠᠨ᠎ᠢ ᠳᠣᠭᠢᠷᠠᠭᠤᠯᠵᠤ᠂ ᠲᠣᠨᠤᠭ ᠲᠥᠬᠦᠭᠡᠷᠦᠮᠵᠢ᠎ᠨᠢ ᠬᠠᠮᠢᠶ᠎ᠠ ᠪᠥᠬᠦᠶ ᠪᠠᠷᠢᠮᠵᠢᠶ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃
ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠭᠡᠨ᠎ᠤ ᠴᠠᠬᠢᠯᠭᠠᠨ ᠥᠷᠲᠡᠭᠡ᠎ᠳᠤ ᠨᠡᠢᠲᠡ 150 ᠲᠦᠮᠡᠨ ᠲᠥᠭᠦᠷᠢᠭ᠎ᠤᠨ ᠨᠡᠮᠡᠭᠦᠷᠢ ᠥᠭ᠌ᠭᠦᠨ᠎ᠡ᠂ ᠡᠭᠦᠨ᠎ᠳᠤ᠄ ᠪᠦᠲᠦᠭᠡᠨ ᠪᠠᠢᠭᠤᠯᠤᠯᠲᠠ᠎ᠶ᠋ᠢᠨ ᠨᠡᠮᠡᠭᠦᠷᠢ᠎ᠶ᠋ᠢ ᠴᠠᠬᠢᠯᠭᠠᠨ ᠥᠷᠲᠡᠭᠡ ᠰᠣᠯᠢᠬᠤ ᠪᠣᠳᠠᠲᠠᠶ ᠴᠢᠳᠠᠮᠵᠢ᠎ᠪᠠᠷ ᠬᠢᠨᠠᠨ ᠲᠣᠭ᠍ᠲᠠᠭᠠᠵᠤ᠂ 800 ᠲᠥᠭᠦᠷᠢᠭ / ᠺᠢᠯᠤᠸᠠᠲ᠎ᠤᠨ ᠪᠠᠷᠢᠮᠵᠢᠶ᠎ᠠ᠎ᠪᠠᠷ ᠨᠡᠮᠡᠭᠦᠷᠢ ᠥᠭ᠌ᠴᠦ᠂ ᠬᠠᠮᠤᠭ᠎ᠤᠨ ᠥᠨᠳᠥᠷ᠎ᠲᠡᠭᠡᠨ 50 ᠲᠦᠮᠡᠨ ᠲᠥᠭᠦᠷᠢᠭ᠎ᠤᠨ ᠨᠡᠮᠡᠭᠦᠷᠢ ᠥᠭ᠌ᠭᠦᠨ᠎ᠡ; ᠴᠠᠬᠢᠯᠭᠠᠨ ᠥᠷᠲᠡᠭᠡ ᠰᠣᠯᠢᠬᠤ ᠪᠦᠲᠦᠭᠡᠨ ᠪᠠᠢᠭᠤᠯᠤᠯᠲᠠ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠪᠡᠷ᠎ᠢᠶᠠᠨ ᠴᠡᠨᠡᠭ ᠬᠤᠳᠠᠯᠳᠤᠨ ᠠᠪᠬᠤ ᠪᠠᠭ᠍ᠲᠠᠭᠠᠮᠵᠢ᠎ᠪᠠᠷ ᠬᠢᠨᠠᠨ ᠲᠣᠭ᠍ᠲᠠᠭᠠᠵᠤ᠂ 300 ᠲᠥᠭᠦᠷᠢᠭ / ᠺᠢᠯᠣᠸᠠᠲ ᠴᠠᠭ᠎ᠤᠨ ᠪᠠᠷᠢᠮᠵᠢᠶ᠎ᠠ᠎ᠶ᠋ᠢᠨ ᠨᠡᠮᠡᠭᠦᠷᠢ ᠣᠯᠭᠤᠵᠤ᠂ ᠬᠠᠮᠤᠭ᠎ᠤᠨ ᠥᠨᠳᠥᠷ᠎ᠲᠡᠭᠡᠨ 100 ᠲᠦᠮᠡᠨ ᠲᠥᠭᠦᠷᠢᠭ᠎ᠤᠨ ᠨᠡᠮᠡᠭᠦᠷᠢ ᠣᠯᠭᠤᠨ᠎ᠠ᠃
ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠭᠡᠨ᠎ᠤ ᠴᠠᠬᠢᠯᠭᠠᠨ ᠰᠣᠯᠢᠬᠤ ᠥᠷᠲᠡᠭᠡ᠎ᠶ᠋ᠢᠨ ᠪᠥᠲᠥᠭᠡᠨ ᠪᠠᠢᠭᠤᠯᠤᠯᠲᠠ ᠪᠠ ᠡᠵᠡᠩᠨᠡᠯᠲᠡ᠎ᠶ᠋ᠢᠨ ᠨᠡᠮᠡᠭᠦᠷᠢ ᠭᠤᠶᠤᠴᠢᠯᠠᠬᠤ᠂ ᠵᠢᠴᠢ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠬᠤᠳᠠᠯᠳᠤᠨ ᠠᠪᠬᠤ ᠨᠡᠮᠡᠭᠦᠷᠢ ᠭᠤᠶᠤᠴᠢᠯᠠᠬᠤ᠂ ᠬᠠᠷᠢᠶᠠᠲᠤ ᠣᠷᠣᠨ᠎ᠤ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠬᠦ᠌ ᠴᠠᠬᠢᠯᠭᠠᠨ ᠥᠷᠲᠡᠭᠡ ᠰᠣᠯᠢᠬᠤ ᠲᠤᠭ᠎ᠠ ᠬᠡᠮᠵᠢᠶ᠎ᠡ ᠬᠢᠭᠡᠳ ᠲᠤᠬᠠᠶ᠎ᠶ᠋ᠢᠨ ᠭᠠᠵᠠᠷ᠎ᠤᠨ ᠦᠢᠯᠡᠴᠢᠯᠡᠭ᠌ᠰᠡᠨ ᠲᠡᠷᠭᠡ (ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ᠂ ᠰᠦᠯᠵᠢᠶ᠎ᠡ᠎ᠪᠠᠷ ᠪᠣᠯᠵᠣᠬᠤ ᠲᠡᠷᠭᠡ ᠪᠠ ᠪᠤᠰᠤᠳ ᠨᠡᠢᠭᠡᠮ᠎ᠤᠨ ᠲᠡᠷᠭᠡ ᠪᠠᠭ᠍ᠲᠠᠨ᠎ᠠ) ᠶ᠋ᠢᠨ ᠬᠠᠷᠢᠴᠠᠯ᠎ᠨᠢ 1᠄ 150 ᠳᠣᠲᠣᠷ᠎ᠠ ᠪᠠᠢᠨ᠎ᠠ᠃ ᠲᠦᠷᠢᠶᠡᠰᠦᠨ ᠮᠠᠱᠢᠨ ᠲᠡᠷᠭᠡᠨ᠎ᠦ ᠲᠤᠰᠭᠠᠶ ᠬᠡᠷᠡᠭ᠌ᠯᠡᠬᠦ᠌ ᠴᠠᠬᠢᠯᠭᠠᠨ ᠥᠷᠲᠡᠭᠡᠨ᠎ᠦ ᠣᠨ᠎ᠤ ᠲᠡᠭᠡᠭᠡᠪᠦᠷᠢᠯᠡᠨ ᠡᠵᠡᠩᠨᠡᠬᠦ᠌ ᠨᠡᠮᠡᠭᠦᠷᠢ᠎ᠶ᠋ᠢ ᠱᠢᠯᠭᠠᠨ ᠬᠢᠨᠠᠭ᠍ᠰᠠᠨ ᠦᠷ᠎ᠡ ᠳ᠋ᠦᠩ᠎ᠢᠶᠡᠷ ᠣᠯᠭᠣᠨ᠎ᠠ ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠪᠠᠢᠳᠠᠯ᠎ᠢ ᠦᠨᠳᠦᠰᠦᠯᠡᠨ᠂ ᠪᠢᠴᠢᠭ ᠮᠠᠲ᠋ᠧᠷᠢᠶᠠᠯ ᠪᠠᠭᠤᠯᠭᠠᠵᠤ ᠲᠦᠷᠢᠶᠡᠰᠦᠨ ᠮᠠᠱᠢᠨ ᠲᠡᠷᠭᠡᠨ᠎ᠤ ᠲᠤᠰᠭᠠᠶ ᠬᠡᠷᠡᠭ᠌ᠯᠡᠬᠦ᠌ ᠴᠡᠨᠡᠭ᠌ᠯᠡᠬᠦ᠌ ᠴᠠᠬᠢᠯᠭᠠᠨ ᠥᠷᠲᠡᠭᠡ᠎ᠶ᠋ᠢᠨ ᠣᠨ᠎ᠤ ᠱᠢᠯᠭᠠᠨ ᠬᠢᠨᠠᠬᠤ ᠪᠠᠷᠢᠮᠵᠢᠶ᠎ᠠ ᠪᠠ ᠠᠷᠭ᠎ᠠ ᠮᠠᠶᠢᠭ᠎ᠢ ᠬᠥᠳᠡᠯᠦᠩᠭᠦᠶ᠎ᠪᠠᠷ ᠲᠣᠬᠢᠷᠠᠭᠤᠯᠤᠨ᠎ᠠ᠃
ᠠᠷᠪᠠᠨ ᠨᠠᠢ᠍ᠮᠠᠳᠤᠭᠠᠷ ᠵᠤᠷᠪᠤᠰ ᠲᠣᠰ ᠠᠷᠭ᠎ᠠ᠎ᠳᠤ ᠬᠡᠯᠡᠵᠦ᠍ ᠪᠠᠢᠭ᠎ᠠ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ ᠪᠠ ᠲᠤᠰᠭᠠᠶ ᠬᠡᠷᠡᠭ᠌ᠯᠡᠭᠡᠨ᠎ᠤ ᠴᠡᠨᠡᠭ᠌ᠯᠡᠬᠦ᠌ ᠴᠠᠬᠢᠯᠭᠠᠨ ᠥᠷᠲᠡᠭᠡ᠎ᠶ᠋ᠢᠨ ᠠᠵᠢᠯᠯᠠᠭᠠᠨ᠎ᠤ ᠬᠢᠨᠠᠨ ᠬᠡᠮᠵᠢᠬᠦ᠌ ᠲᠠᠪᠴᠠᠩ ᠭᠡᠳᠡᠭ᠎ᠨᠢ ᠱᠢᠨ᠎ᠡ ᠡᠨᠧᠷᠭᠢ᠎ᠶ᠋ᠢᠨ ᠲᠣᠭᠤᠷᠢᠨ ᠵᠤᠭᠠᠴᠠᠬᠤ ᠲᠦᠷᠢᠶᠡᠰᠦᠨ ᠮᠠᠱᠢᠨ ᠲᠡᠷᠭᠡ᠂ ᠲᠤᠰᠭᠠᠶ ᠬᠡᠷᠡᠭ᠌ᠯᠡᠭᠡᠨ᠎ᠤ ᠴᠡᠨᠡᠭ᠌ᠯᠡᠬᠦ᠌ ᠴᠠᠬᠢᠯᠭᠠᠨ ᠥᠷᠲᠡᠭᠡ᠎ᠶ᠋ᠢ ᠵᠢᠭᠠᠵᠤ ᠪᠣᠶ᠂ ᠳ᠋ᠡᠢ᠌ᠲ᠋ᠠ᠎ᠶ᠋ᠢ ᠴᠤᠭ᠍ᠯᠠᠭᠤᠯᠬᠤ ᠪᠠ ᠬᠢᠨᠠᠨ ᠬᠡᠮᠵᠢᠵᠦ᠍᠂ ᠵᠣᠭ᠍ᠰᠣᠯᠲᠠ᠎ᠨᠢ ᠲᠥᠪ ᠭᠤᠤᠯᠴᠢ ᠪᠠᠢᠵᠤ᠂ ᠣᠯᠠᠨ ᠨᠡᠢᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠪᠦᠷᠢᠯᠳᠦᠭᠦᠯᠵᠦ᠍᠂ ᠲᠠᠪᠴᠠᠩ᠎ᠤᠨ ᠵᠥᠭᠡᠯᠡᠨ ᠬᠠᠲᠠᠭᠤ ᠲᠣᠨᠤᠭ᠎ᠢ ᠨᠡᠭᠡᠭᠡᠨ ᠬᠥᠭ᠌ᠵᠢᠭᠦᠯᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠳ᠋ᠡᠢ᠌ᠲ᠋ᠠ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠬᠠᠷᠢᠭᠤᠴᠠᠬᠤ᠎ᠶ᠋ᠢ ᠵᠢᠭᠠᠵᠤ ᠪᠣᠶ᠃
ᠠᠷᠪᠠ ᠶᠢᠰᠦᠳᠦᠭᠡᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠱᠢᠨ᠎ᠡ ᠡᠨᠧᠷᠭᠢ᠎ᠶ᠋ᠢᠨ ᠨᠡᠢᠲᠡ᠎ᠶ᠋ᠢᠨ ᠮᠠᠱᠢᠨ ᠲᠡᠷᠭᠡ ᠭᠡᠳᠡᠭ ᠨᠢ ᠱᠢᠨ᠎ᠡ ᠬᠡᠯᠪᠡᠷᠢ᠎ᠶ᠋ᠢᠨ ᠬᠥᠳᠡᠯᠭᠡᠬᠦ᠌ ᠬᠦᠴᠦᠨ᠎ᠦ ᠱᠢᠰᠲ᠋ᠧᠮ᠂ ᠪᠦᠷᠢᠮᠦᠰᠦᠨ ᠪᠤᠶᠤ ᠭᠣᠤᠯ ᠪᠣᠯᠬᠤ ᠱᠢᠨ᠎ᠡ ᠬᠡᠯᠪᠡᠷᠢ᠎ᠶ᠋ᠢᠨ ᠡᠨᠧᠷᠭᠢ᠎ᠪᠡᠷ ᠬᠥᠳᠡᠯᠭᠡᠭᠦᠷ ᠪᠣᠯᠭᠠᠭ᠍ᠰᠠᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠲᠡᠷᠭᠡ ᠬᠥᠰᠭᠡ᠎ᠶ᠋ᠢ ᠵᠢᠭᠠᠵᠤ ᠪᠤᠶ᠃ ᠲᠡᠷᠭᠡ ᠬᠥᠰᠭᠡ᠎ᠨᠢ ᠦᠢᠯᠡᠳᠪᠦᠷᠢ᠎ᠠᠴᠠ ᠭᠠᠷᠬᠤ ᠱᠢᠨ᠎ᠡ ᠲᠡᠷᠭᠡ ᠪᠣᠯᠬᠤ ᠪᠥᠭᠡᠳ ᠤᠯᠤᠰ᠎ᠤᠨ 《ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠬᠦ᠌᠎ᠪᠠᠷ ᠲᠠᠨᠢᠯᠴᠠᠭᠤᠯᠤᠭ᠍ᠰᠠᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》 ᠤᠨ ᠴᠤᠯ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ᠂ ᠴᠠᠬᠢᠯᠭᠠᠨ ᠬᠠᠪᠴᠢᠮᠠᠯ ᠮᠠᠶᠢᠭ᠎ᠤᠨ ᠬᠤᠯᠢᠮᠠᠭ ᠬᠥᠳᠡᠯᠭᠡᠬᠦ᠌ ᠬᠦᠴᠦᠨ (ᠨᠡᠮᠡᠯᠲᠡ ᠬᠡᠯᠪᠡᠷᠢ᠎ᠶ᠋ᠢ ᠪᠠᠭ᠍ᠲᠠᠭᠠᠨ᠎ᠠ)᠎ᠤ ᠮᠠᠱᠢᠨ ᠲᠡᠷᠭᠡ ᠪᠠ ᠱᠢᠲᠠᠭᠠᠯᠭ᠎ᠠ᠎ᠶ᠋ᠢᠨ ᠴᠡᠨᠡᠭ᠎ᠦᠨ ᠮᠠᠱᠢᠨ ᠲᠡᠷᠭᠡᠨ᠎ᠳᠤ ᠣᠷᠣᠭᠤᠯᠤᠨ᠎ᠠ᠃
ᠲᠠᠪᠤᠳᠤᠭᠠᠷ ᠪᠦᠯᠦᠭ ᠪᠡᠯᠡ ᠮᠥᠩᠭᠥ᠌ ᠭᠤᠶᠤᠴᠢᠯᠠᠨ ᠮᠡᠳᠡᠭᠦᠯᠬᠦ᠌ ᠪᠠ ᠬᠢᠨᠠᠨ ᠬᠠᠮᠢᠶᠠᠷᠬᠤ
ᠬᠤᠷᠢᠳᠤᠭᠠᠷ ᠵᠤᠷᠪᠤᠰ ᠭᠤᠶᠤᠴᠢᠯᠠᠨ ᠮᠡᠳᠡᠭᠦᠯᠬᠦ᠌ ᠶᠠᠪᠤᠴᠠ᠃ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠮᠡᠳᠡᠭ᠌ᠳᠡᠯ᠎ᠤᠨ ᠴᠠᠭ ᠬᠤᠭᠤᠴᠠᠭ᠎ᠠ ᠶᠣᠰᠣᠭᠠᠷ᠂ ᠲᠣᠰ ᠠᠢᠮᠠᠭ ᠬᠤᠲᠠ᠎ᠶ᠋ᠢᠨ ᠳᠡᠭᠡᠷ᠎ᠡ ᠨᠢᠭᠡ ᠵᠢᠯ᠎ᠤᠨ ᠬᠠᠮᠢᠶ᠎ᠠ ᠪᠥᠬᠦᠶ ᠮᠠᠲ᠋ᠧᠷᠢᠶᠠᠯ ᠵᠢᠴᠢ ᠡᠵᠡᠩᠨᠡᠯᠲᠡ᠎ᠶ᠋ᠢᠨ ᠳ᠋ᠡᠢ᠌ᠲ᠋ᠠ᠎ᠶ᠋ᠢ ᠬᠤᠷᠢᠶᠠᠩᠭᠤᠢᠯᠠᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠶ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠪᠤᠶᠤ ᠭᠤᠷᠪᠠᠳᠠᠬᠢ ᠡᠲᠡᠭᠡᠳ᠎ᠤᠨ ᠪᠠᠢᠭᠤᠯᠤᠮᠵᠢ᠎ᠳᠤ ᠨᠠᠢᠳᠠᠵᠤ ᠮᠡᠳᠡᠭᠦᠯᠦᠭ᠌ᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠎ᠶ᠋ᠢᠨ ᠬᠠᠮᠲᠤ ᠬᠢᠨᠠᠨ ᠬᠠᠷᠭᠤᠭᠤᠯᠵᠤ᠂ ᠨᠡᠮᠡᠭᠦᠷᠢ ᠣᠯᠭᠤᠬᠤ᠎ᠪᠠᠷ ᠪᠠᠢᠭ᠎ᠠ ᠪᠠᠯᠠ ᠮᠥᠩᠭᠦ᠌ ᠬᠤᠪᠢᠶᠠᠷᠢᠯᠠᠬᠤ ᠲᠥᠰᠦᠯ᠎ᠢ ᠬᠠᠮᠤᠭ᠎ᠤᠨ ᠡᠴᠦᠰ᠎ᠲᠤ ᠲᠣᠭ᠍ᠲᠠᠭᠠᠵᠤ᠂ ᠬᠤᠪᠢᠶᠠᠷᠢᠯᠠᠬᠤ ᠲᠥᠰᠦᠯ᠎ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ 5 ᠡᠳᠦᠷ᠎ᠠᠴᠠ ᠳᠡᠭᠡᠭ᠌ᠰᠢ ᠨᠡᠢᠭᠡᠮ ᠨᠡᠢᠲᠡ᠎ᠳᠤ ᠵᠠᠷᠯᠠᠨ᠎ᠠ᠂ ᠨᠡᠢᠲᠡ᠎ᠳᠤ ᠵᠠᠷᠯᠠᠭ᠍ᠰᠠᠨᠤ ᠳᠠᠷᠠᠭ᠎ᠠ ᠣᠨᠳᠣᠣ ᠰᠠᠨᠠᠯ ᠦᠭᠡᠢ ᠲᠥᠷᠥᠯ ᠵᠦᠢᠯ᠎ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠠᠴᠠ ᠪᠡᠯᠡ ᠮᠥᠩᠭᠦ᠌ ᠬᠤᠪᠢᠶᠠᠷᠢᠯᠠᠬᠤ ᠰᠠᠨᠠᠯ᠎ᠢᠶᠠᠨ ᠳᠤᠷᠠᠳᠴᠤ᠌ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ᠍᠂ ᠡᠳ᠋᠎ᠤᠨ ᠵᠠᠰᠠᠭ᠎ᠤᠨ ᠲᠢᠩᠬᠢᠮ᠎ᠨᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠳᠤᠷᠠᠳᠤᠭ᠍ᠰᠠᠨ ᠬᠤᠪᠢᠶᠠᠷᠢᠯᠠᠯᠲᠠ᠎ᠶ᠋ᠢᠨ ᠰᠠᠨᠠᠯ ᠶᠣᠰᠣᠭᠠᠷ ᠴᠠᠭ ᠲᠤᠬᠠᠶ᠎ᠳᠤᠨᠢ ᠪᠡᠯᠡ ᠮᠥᠩᠭᠦ᠌ ᠪᠠᠭᠤᠯᠭᠠᠨ᠎ᠠ᠃ ᠵᠠᠷᠯᠠᠨ ᠨᠡᠢᠲᠡᠯᠡᠭ᠌ᠰᠡᠨ ᠬᠤᠭᠤᠴᠠᠭᠠᠨ᠎ᠳᠤ ᠣᠨᠳᠣᠤ ᠰᠠᠨᠠᠯ᠎ᠲᠠᠶ ᠲᠥᠷᠥᠯ ᠵᠦᠢᠯ ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠡᠴᠡ ᠭᠤᠷᠪᠠᠳᠠᠬᠢ ᠡᠲᠡᠭᠡᠳ᠎ᠦᠨ ᠪᠠᠢᠭᠤᠯᠤᠮᠵᠢ᠎ᠳᠤ ᠨᠠᠢᠳᠠᠨ ᠲᠥᠷᠥᠯ ᠵᠦᠢᠯ ᠢ ᠳᠠᠬᠢᠨ ᠬᠢᠨᠠᠨ ᠬᠠᠷᠭᠤᠭᠤᠯᠤᠨ᠎ᠠ ᠃
ᠬᠤᠷᠢᠨ ᠨᠢᠭᠡᠳᠦᠭᠡᠷ ᠵᠤᠷᠪᠤᠰ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠡᠯᠡ ᠮᠥᠩᠭᠦ᠌ ᠪᠣᠯᠤᠨ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠡᠯᠡ ᠮᠥᠩᠭᠦ᠎ᠶ᠋ᠢᠨ ᠲᠥᠰᠦᠪ᠎ᠢ ᠰᠠᠯᠠᠭ᠎ᠠ ᠮᠥᠴᠢᠷ (ᠨᠢᠭᠡᠴᠢ) ᠪᠣᠯᠤᠨ ᠳᠣᠣᠷᠠᠳᠤ ᠱᠠᠲᠤᠨ᠎ᠤ ᠭᠠᠵᠠᠷ ᠣᠷᠣᠨ᠎ᠳᠤ ᠬᠠᠷᠠᠬᠠᠨ ᠬᠤᠪᠢᠶᠠᠷᠢᠯᠠᠵᠤ ᠥᠭ᠌ᠭᠦᠭ᠌ᠰᠡᠨ ᠦᠭᠡᠢ ᠪᠥᠭᠡᠳ ᠬᠤᠶᠠᠷ ᠵᠢᠯ᠎ᠠᠴᠠ ᠳᠡᠭᠡᠭ᠌ᠰᠢ ᠱᠢᠯᠵᠢᠭᠦᠯᠦᠨ ᠥᠭ᠌ᠭᠦᠭ᠌ᠰᠡᠨ ᠪᠡᠯᠡ ᠮᠥᠩᠭᠦ᠎ᠶ᠋ᠢ ᠪᠣᠯ ᠳᠣᠤᠷᠠᠳᠤ ᠱᠠᠲᠤᠨ᠎ᠤ ᠡᠳ᠋᠎ᠤᠨ ᠵᠠᠰᠠᠭ᠎ᠠᠴᠠ ᠳᠡᠭᠡᠳᠦ ᠱᠠᠲᠤᠨ᠎ᠤ ᠡᠳ᠋᠎ᠤᠨ ᠵᠠᠰᠠᠭ᠎ᠲᠤ ᠪᠤᠴᠠᠭᠠᠨ ᠥᠭ᠌ᠴᠦ ᠨᠢᠭᠡᠳᠦᠯᠲᠡᠶ ᠲᠥᠯᠥᠪᠯᠡᠨ ᠬᠡᠷᠡᠭ᠌ᠯᠡᠭᠦᠯᠦᠨ᠎ᠡ; ᠪᠦᠬᠦᠯᠢ ᠬᠤᠶᠠᠷ ᠵᠢᠯ ᠪᠣᠯᠤᠭᠠᠳᠤᠶ ᠳ᠋ᠦᠩᠨᠡᠨ ᠱᠢᠯᠵᠢᠭᠦᠯᠦᠭ᠌ᠰᠡᠨ ᠪᠡᠯᠡ ᠮᠥᠩᠭᠦ᠎ᠶ᠋ᠢ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠪᠡᠯᠡ ᠮᠥᠩᠭᠦ᠎ᠶ᠋ᠢᠨ ᠲᠥᠷᠥᠯ᠎ᠤᠨ ᠬᠢᠴᠢᠶᠡᠯ ᠲᠥᠷᠥᠯ᠎ᠤᠨ ᠬᠡᠷᠡᠭ᠌ᠯᠡᠯᠲᠡ᠎ᠶ᠋ᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠪᠡᠯᠡ ᠮᠥᠩᠭᠦ᠎ᠶ᠋ᠢᠨ ᠲᠥᠷᠥᠯ ᠳᠡᠰ᠎ᠤᠨ ᠬᠢᠴᠢᠶᠡᠯ ᠲᠥᠷᠥᠯ᠎ᠤᠨ ᠬᠡᠷᠡᠭ᠌ᠯᠡᠯᠲᠡ᠎ᠶ᠋ᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠠᠳᠠᠯᠢ ᠱᠠᠲᠤᠨ᠎ᠤ ᠬᠢᠴᠢᠶᠡᠯ ᠲᠥᠷᠥᠯ᠎ᠤᠨ ᠲᠥᠷᠥᠯ ᠢᠯᠭᠠᠯ᠎ᠳᠠᠬᠢ ᠪᠤᠰᠤᠳ ᠲᠥᠷᠥᠯ ᠵᠦᠢᠯ ( ᠪᠡᠯᠡ ᠮᠥᠩᠭᠦ᠎ᠶ᠋ᠢ ᠲᠣᠬᠢᠷᠠᠭᠤᠯᠤᠨ ᠬᠡᠷᠡᠭ᠌ᠯᠡᠬᠦ᠌ ᠬᠡᠪᠴᠢᠶ᠎ᠡ᠎ᠶ᠋ᠢ ᠲᠣᠭ᠍ᠲᠠᠭᠠᠯ ᠶᠣᠰᠣᠭᠠᠷ ᠠᠵᠢᠯ ᠬᠡᠷᠡᠭ᠎ᠤᠨ ᠡᠮᠦᠨᠡᠬᠢ ᠠᠮᠵᠢᠯᠲᠠ ᠪᠦᠲᠦᠮᠵᠢ᠎ᠶ᠋ᠢ ᠦᠨᠡᠯᠡᠨ ᠵᠢᠱ᠌ᠢᠬᠦ᠌᠎ᠳᠤ ᠬᠡᠷᠡᠭ᠌ᠯᠡᠬᠦ᠌᠎ᠪᠠᠷ ᠲᠣᠬᠢᠷᠠᠭᠤᠯᠵᠤ ᠪᠣᠯᠤᠨ᠎ᠠ ) ᠳᠤ ᠲᠣᠬᠢᠷᠠᠭᠤᠯᠤᠨ ᠬᠡᠷᠡᠭᠯᠡᠵᠦ ᠪᠣᠯᠣᠨ᠎ᠠ ᠃ ᠰᠠᠯᠠᠭ᠎ᠠ ᠮᠥᠴᠢᠷ᠎ᠲᠦ ᠨᠢᠭᠡᠨᠲᠡ ᠬᠤᠪᠢᠶᠠᠷᠢᠯᠠᠭᠠᠳ ᠬᠣᠶᠠᠷ ᠵᠢᠯ᠎ᠡᠴᠡ ᠳᠡᠭᠡᠭ᠌ᠰᠢ ᠪᠣᠯᠤᠭ᠍ᠰᠠᠨ ᠦᠯᠡᠳᠡᠪᠦᠷᠢ ᠪᠡᠯᠡ ᠮᠥᠩᠭᠥ᠎ᠶ᠋ᠢ ᠠᠳᠠᠯᠢ ᠱᠠᠲᠤᠨ᠎ᠤ ᠡᠳ᠋᠎ᠦᠨ ᠵᠠᠰᠠᠭ᠎ᠠᠴᠠ ᠬᠤᠷᠢᠶᠠᠨ ᠠᠪᠴᠤ᠌ ᠨᠢᠭᠡᠳᠦᠯᠲᠡᠶ ᠲᠥᠯᠥᠪᠯᠡᠨ ᠬᠡᠷᠡᠭ᠌ᠯᠡᠨ᠎ᠡ᠃ ᠡᠭᠡᠭᠦᠯᠦᠨ ᠬᠤᠷᠢᠶᠠᠵᠤ ᠳ᠋ᠦᠩᠨᠡᠨ ᠱᠢᠯᠵᠢᠭᠦᠯᠦᠭ᠌ᠰᠡᠨ ᠦᠯᠡᠳᠡᠪᠦᠷᠢ ᠪᠡᠯᠡ ᠮᠥᠩᠭᠥ᠎ᠶ᠋ᠢ ᠠᠪᠴᠠᠭ᠎ᠠ ᠦᠭᠴᠡᠭᠡ ᠶ᠋ᠢᠨ ᠳᠦᠷᠢᠮ᠎ᠦᠨ ᠲᠣᠭᠠᠴᠠᠭ᠎ᠠ ᠬᠢᠬᠦ᠌ ᠵᠦᠢᠯᠡᠰ ᠪᠣᠯᠭᠠᠵᠤ᠂ ᠬᠣᠶᠠᠷ ᠵᠢᠯ᠎ᠦᠨ ᠳᠣᠲᠣᠷ᠎ᠠ ᠬᠡᠷᠡᠭ᠌ᠯᠡᠵᠦ᠍ ᠳᠠᠭᠤᠰᠭᠠᠬᠤ ᠬᠡᠷᠡᠭ᠌ᠲᠡᠶ᠃ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠳ᠋ᠦᠩᠨᠡᠨ ᠱᠢᠯᠵᠢᠭᠦᠯᠦᠭ᠌ᠰᠡᠨ ᠦᠯᠡᠳᠡᠪᠦᠷᠢ ᠪᠠᠯᠠ ᠮᠥᠩᠭᠦ᠎ᠶ᠋ᠢ ᠪᠤᠴᠠᠭᠠᠭ᠍ᠰᠠᠨ᠂ ᠬᠤᠷᠢᠶᠠᠨ ᠠᠪᠤᠭ᠍ᠰᠠᠨ ᠪᠤᠶᠤ ᠬᠡᠷᠡᠭ᠌ᠴᠡᠭᠡ᠎ᠳᠤ ᠲᠣᠬᠢᠷᠠᠭᠤᠯᠤᠯᠲᠠ ᠬᠢᠭ᠌ᠰᠡᠨ ᠬᠤᠯᠪᠣᠭ᠍ᠳᠠᠯ ᠪᠥᠬᠦᠶ ᠪᠠᠢᠳᠠᠯ᠎ᠢ ᠴᠠᠭ ᠲᠤᠬᠠᠶ᠎ᠳᠤᠨᠢ ᠬᠤᠷᠢᠶᠠᠩᠭᠤᠢᠯᠠᠨ ᠳᠡᠭᠡᠳᠦ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠲᠤᠬᠠᠢᠯᠠᠭ᠍ᠰᠠᠨ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠍ ᠳᠠᠩᠰᠠᠯᠠᠭᠤᠯᠬᠤ ᠬᠡᠷᠡᠭ᠌ᠲᠡᠶ᠃
ᠬᠣᠷᠢᠨ ᠬᠣᠶᠠᠳᠤᠭᠠᠷ ᠵᠤᠷᠪᠤᠰ ᠲᠤᠰᠠᠯᠠᠮᠵᠢ᠎ᠶ᠋ᠢᠨ ᠪᠡᠯᠡ ᠮᠥᠩᠭᠥ᠎ᠶ᠋ᠢᠨ ᠣᠯᠭᠣᠬᠤ ᠬᠠᠮᠢᠶᠠᠷᠤᠯᠲᠠ᠎ᠶ᠋ᠢᠨ ᠳᠡᠰ ᠳᠠᠷᠠᠭᠠᠯᠠᠯ ᠢ ᠵᠢᠷᠤᠮᠵᠢᠯ᠎ᠲᠠᠶ᠂ ᠢᠯᠡ ᠲᠣᠳᠣᠷᠬᠠᠶ ᠪᠠᠢᠯᠭᠠᠵᠤ᠂ ᠲᠤᠰᠠᠯᠠᠮᠵᠢ᠎ᠶ᠋ᠢᠨ ᠪᠡᠯᠡ ᠮᠥᠩᠭᠥ᠎ᠶ᠋ᠢ ᠰᠣᠯᠢᠵᠤ ᠥᠭ᠌ᠬᠦ᠎ᠳᠦ ᠵᠠᠷᠯᠠᠨ ᠨᠡᠢᠲᠡᠯᠡᠬᠦ᠌ ᠳᠦᠷᠢᠮ ᠢ ᠪᠠᠷᠢᠮᠲᠠᠯᠠᠬᠤ ᠬᠡᠷᠡᠭ᠌ᠲᠡᠶ᠃ ᠡᠯ᠎ᠡ ᠠᠢᠮᠠᠭ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠦᠳ ᠵᠣᠬᠢᠬᠤ ᠨᠡᠮᠡᠭᠦᠷᠢ᠎ᠶ᠋ᠢᠨ ᠳᠠᠩᠰᠠ ᠡᠪᠬᠡᠮᠡᠯ ᠪᠠᠢᠭᠤᠯᠵᠤ᠂ ᠪᠣᠳᠠᠲᠠᠶ ᠨᠡᠮᠡᠭᠦᠷᠢᠯᠡᠬᠦ᠌ ᠨᠡᠷᠡᠰ᠂ ᠨᠡᠮᠡᠭᠦᠷᠢ᠎ᠶ᠋ᠢᠨ ᠪᠠᠷᠢᠮᠵᠢᠶ᠎ᠠ᠂ ᠨᠡᠮᠡᠭᠦᠷᠢ᠎ᠶ᠋ᠢᠨ ᠵᠣᠭᠣᠰ᠎ᠤᠨ ᠲᠣᠭ᠎ᠠ᠂ ᠰᠣᠯᠢᠵᠤ ᠥᠭ᠌ᠬᠦ ᠴᠠᠭ᠂ ᠭᠠᠷᠤᠨ ᠦᠰᠦᠭ ᠵᠢᠷᠤᠵᠤ ᠬᠦᠯᠢᠶᠡᠨ ᠠᠪᠬᠤ ᠭᠠᠷᠳᠠᠮ ᠵᠡᠷᠭᠡ ᠮᠠᠲ᠋ᠧᠷᠢᠶᠠᠯ᠎ᠢ ᠲᠤᠰᠭᠠᠶ ᠬᠥᠮᠦᠨ᠎ᠢᠶᠡᠷ ᠬᠠᠮᠢᠶᠠᠷᠤᠭᠤᠯᠬᠤ ᠬᠡᠷᠡᠭ᠌ᠲᠡᠶ᠃
ᠬᠣᠷᠢᠨ ᠭᠤᠷᠪᠠᠳᠤᠭᠠᠷ ᠵᠤᠷᠪᠤᠰ ᠲᠤᠰᠭᠠᠶ ᠵᠦᠢᠯ᠎ᠦᠨ ᠪᠡᠯᠡ ᠮᠥᠩᠭᠥ᠎ᠶ᠋ᠢᠨ ᠳᠡᠮᠵᠢᠯᠭᠡ ᠣᠯᠤᠭ᠍ᠰᠠᠨ ᠲᠥᠷᠥᠯ ᠵᠦᠢᠯ᠎ᠦᠨ ᠨᠢᠭᠡᠴᠢ ᠨᠢ ᠲᠤᠰᠭᠠᠶ ᠵᠦᠢᠯ᠎ᠦᠨ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠲᠣᠭ᠍ᠲᠠᠭᠠᠯ᠎ᠳᠤ ᠨᠡᠢᠴᠡᠬᠦ᠌ ᠴᠢᠨᠠᠷ᠂ ᠪᠦᠲᠦᠮᠵᠢᠲᠦ ᠴᠢᠨᠠᠷ᠎ᠲᠤ ᠬᠠᠷᠢᠭᠤᠴᠠᠬᠤ ᠬᠡᠷᠡᠭ᠌ᠲᠡᠶ᠃ ᠤᠯᠤᠰ᠎ᠤᠨ ᠬᠤᠯᠪᠣᠭ᠍ᠳᠠᠯ ᠪᠦᠬᠦᠢ ᠡᠳ᠋᠎ᠤᠨ ᠶᠠᠪᠤᠳᠠᠯ᠂ ᠨᠢᠭ᠍ᠲᠠᠯᠠᠨ ᠪᠤᠳᠤᠬᠤ ᠳᠦᠷᠢᠮ᠎ᠤᠨ ᠲᠣᠭ᠍ᠲᠠᠭᠠᠯ ᠶᠣᠰᠣᠭᠠᠷ ᠲᠠᠩᠰᠠᠨ᠎ᠤ ᠶᠠᠪᠤᠳᠠᠯ᠎ᠢ ᠱᠢᠢᠳᠪᠦᠷᠢᠯᠡᠵᠦ᠍᠂ ᠲᠣᠭ᠍ᠲᠠᠭᠠᠯ᠎ᠢ ᠴᠢᠩᠭ᠎ᠠ ᠵᠢᠷᠤᠮᠯᠠᠨ ᠪᠡᠯᠡ ᠮᠥᠩᠭᠦ᠎ᠶ᠋ᠢ ᠬᠡᠷᠡᠭ᠌ᠯᠡᠬᠦ᠌᠎ᠶ᠋ᠢᠨ ᠬᠠᠮᠲᠤ ᠡᠳ᠋᠎ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠪᠠᠢᠴᠠᠭᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠌ ᠬᠡᠷᠡᠭ᠌ᠲᠡᠶ᠃ ᠤᠯᠤᠰ᠎ᠤᠨ ᠳᠠᠩᠰᠠ ᠡᠪᠬᠡᠮᠡᠯ᠎ᠦᠨ ᠬᠠᠮᠢᠶᠠᠷᠤᠯᠲᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠂ ᠭᠤᠶᠤᠴᠢᠯᠠᠬᠤ ᠪᠠ ᠬᠢᠨᠠᠨ ᠲᠣᠭ᠍ᠲᠠᠭᠠᠬᠤ ᠮᠠᠲ᠋ᠧᠷᠢᠶᠠᠯ᠎ᠢᠶᠠᠨ ᠲᠣᠬᠢᠲᠠᠶ ᠬᠠᠳᠠᠭᠠᠯᠠᠨ ᠬᠠᠮᠢᠶᠠᠷᠴᠤ᠌᠂ ᠬᠢᠨᠠᠨ ᠪᠠᠢᠴᠠᠭᠠᠬᠤ᠎ᠳᠤ ᠪᠡᠯᠡᠳᠭᠡᠬᠦ᠌ ᠬᠡᠷᠡᠭ᠌ᠲᠡᠶ᠃
ᠬᠣᠷᠢᠨ ᠳᠥᠷᠪᠡᠳᠦᠭᠡᠷ ᠵᠤᠷᠪᠤᠰ ᠨᠡᠮᠡᠭᠦᠷᠢ᠎ᠶ᠋ᠢᠨ ᠪᠡᠯᠡ ᠮᠥᠩᠭᠥ᠎ᠶ᠋ᠢ ᠭᠤᠶᠤᠴᠢᠯᠠᠨ ᠮᠡᠳᠡᠭᠦᠯᠦᠭ᠌ᠰᠡᠨ ᠡᠵᠡᠩᠨᠡᠭ᠌ᠴᠢ ᠪᠡᠯᠡ ᠮᠥᠩᠭᠥ᠎ᠶ᠋ᠢ ᠠᠰᠠᠷ ᠲᠠᠭ᠍ᠲᠤ ᠣᠷᠳᠣᠨ ᠪᠠᠢᠭᠤᠯᠬᠤ ᠭᠠᠵᠠᠷ᠂ ᠨᠢᠭᠡᠴᠢ᠎ᠶ᠋ᠢᠨ ᠠᠵᠢᠯᠲᠠᠨ᠎ᠤ ᠴᠠᠯᠢᠩ ᠠᠰᠠᠷᠠᠮᠵᠢ᠂ ᠠᠵᠢᠯᠯᠠᠬᠤ ᠵᠠᠷᠤᠳᠠᠯ ᠵᠡᠷᠭᠡ ᠲᠣᠭ᠍ᠲᠠᠭᠠᠯ᠎ᠳᠤ ᠨᠡᠢᠴᠡᠬᠦ᠌ ᠦᠭᠡᠶ ᠡᠩ᠎ᠦᠨ ᠴᠢᠨᠠᠷᠲᠠᠶ ᠵᠠᠷᠤᠯᠭ᠎ᠠ᠎ᠳᠤ ᠬᠡᠷᠡᠭ᠌ᠯᠡᠵᠦ᠍ ᠪᠣᠯᠬᠤ ᠦᠭᠡᠶ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠵᠤ᠂ ᠪᠡᠯᠡ ᠮᠥᠩᠭᠥ᠎ᠶ᠋ᠢ ᠮᠡᠬᠡᠯᠡᠨ ᠠᠪᠴᠤ᠌ ᠪᠣᠯᠬᠤ ᠦᠭᠡᠶ᠃ ᠪᠠᠢᠴᠠᠭᠠᠨ ᠳᠣᠲᠣᠯᠠᠭ᠍ᠰᠠᠨ᠎ᠤ ᠳᠠᠷᠠᠭ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠡᠳᠡᠭᠦᠯᠬᠦ᠌ ᠬᠢᠷᠢ ᠬᠡᠮ᠎ᠢ ᠬᠦᠴᠦᠨ ᠥᠬᠡᠶ ᠪᠣᠯᠭᠠᠬᠤ᠎ᠶ᠋ᠢᠨ ᠬᠠᠮᠲᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
ᠬᠤᠷᠢᠨ ᠲᠠᠪᠤᠳᠤᠭᠠᠷ ᠵᠤᠷᠪᠤᠰ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠬᠤᠭᠤᠴᠠᠭᠠᠨ᠎ᠳᠠᠬᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠂ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠬᠢᠨᠠᠬᠤ ᠠᠷᠭ᠎ᠠ》 ᠶ᠋ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》( ᠵᠠᠮ ᠠᠯᠪᠠᠨ ᠡᠳ᠋ ᠬᠢᠨᠠᠨ ᠰᠢᠯᠭ᠋ᠠᠬᠤ〔2022〕 65 ᠳ᠋ᠤᠭ᠋ᠠᠷ ᠲᠣᠭ᠋ᠠᠲᠤ) ᠶᠣᠰᠣᠭ᠋ᠠᠷ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠵᠢᠯ ᠪᠦᠷᠢ ᠪᠠᠯᠠ ᠮᠥᠩᠭᠦ᠎ᠳᠤ ᠠᠮᠵᠢᠯᠲᠠ ᠪᠦᠲᠦᠮᠵᠢ᠎ᠶ᠋ᠢᠨ ᠦᠨᠡᠯᠡᠯᠲᠡ ᠬᠢᠵᠦ᠍᠂ ᠦᠨᠡᠯᠡᠭ᠌ᠰᠡᠨ ᠦᠷ᠎ᠡ ᠳ᠋ᠦᠩ᠎ᠢ ᠡᠳ᠋᠎ᠤᠨ ᠵᠠᠰᠠᠭ᠎ᠤᠨ ᠲᠢᠩᠬᠢᠮ᠎ᠳᠤ ᠬᠠᠭᠤᠯᠤᠨ ᠬᠦᠷᠭᠡᠬᠦ᠌᠎ᠶ᠋ᠢᠨ ᠬᠠᠮᠲᠤ ᠦᠨᠡᠯᠡᠭ᠌ᠰᠡᠨ ᠦᠷ᠎ᠡ ᠳ᠋ᠦᠩ᠎ᠢ ᠪᠠᠯᠠ ᠮᠥᠩᠭᠦ᠎ᠶ᠋ᠢᠨ ᠨᠡᠮᠡᠭᠦᠷᠢ᠎ᠶ᠋ᠢᠨ ᠬᠤᠪᠢᠶᠠᠷᠢᠯᠠᠯᠲᠠ᠎ᠲᠠᠢ ᠬᠤᠯᠪᠣᠭ᠍ᠳᠠᠭᠤᠯᠤᠨᠠ᠃
ᠬᠣᠷᠢᠨ ᠵᠢᠷᠭᠤᠳᠤᠭᠠᠷ ᠵᠤᠷᠪᠤᠰ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠡᠳ᠋᠎ᠦᠨ ᠶᠠᠪᠤᠳᠠᠯ᠎ᠤᠨ ᠬᠢᠨᠠᠯᠲᠠ ᠲᠠᠯᠪᠢᠯᠲᠠ᠎ᠶ᠋ᠢᠨ ᠭᠣᠤᠯ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠰᠠᠯᠠᠭ᠎ᠠ ᠮᠥᠴᠢᠷ᠎ᠦᠨ ᠡᠳ᠋᠎ᠦᠨ ᠶᠠᠪᠤᠳᠠᠯ᠎ᠤᠨ ᠨᠢᠭ᠍ᠲᠠᠯᠠᠨ ᠪᠣᠳᠣᠯᠲᠠ᠎ᠶ᠋ᠢᠨ ᠬᠢᠨᠠᠯᠲᠠ ᠲᠠᠯᠪᠢᠯᠲᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠬᠦ᠌ ᠬᠡᠷᠡᠭ᠌ᠲᠡᠶ᠃
ᠬᠣᠷᠢᠨ ᠳᠣᠯᠣᠳᠤᠭᠠᠷ ᠵᠣᠷᠪᠤᠰ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠦᠨ ᠲᠤᠰᠭᠠᠶ ᠵᠦᠢᠯ᠎ᠦᠨ ᠪᠡᠯᠡ ᠮᠥᠩᠭᠥ᠎ᠶ᠋ᠢ ᠬᠢᠨᠠᠨ ᠬᠠᠷᠭᠤᠭᠤᠯᠬᠤ᠂ ᠬᠤᠪᠢᠶᠠᠷᠢᠯᠠᠬᠤ᠂ ᠬᠡᠷᠡᠭ᠌ᠯᠡᠬᠦ᠌᠂ ᠬᠠᠮᠢᠶᠠᠷᠬᠤ ᠶᠠᠪᠤᠴᠠ᠎ᠳᠤ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭ᠌ᠯᠡᠭ᠌ᠰᠡᠨ᠂ ᠠᠯᠪᠠᠨ ᠲᠤᠱᠢᠶᠠᠯ᠎ᠳᠠᠭᠠᠨ ᠠᠯᠮᠠᠢᠷᠠᠨ ᠣᠰᠣᠯᠳᠠᠭ᠍ᠰᠠᠨ᠂ ᠭᠣᠶᠠᠴᠢᠯᠠᠨ ᠬᠠᠤᠯᠢ ᠶᠣᠰᠣ᠎ᠶ᠋ᠢ ᠵᠦᠷᠢᠴᠡᠬᠦ ᠵᠢᠴᠢ ᠲᠣᠭ᠍ᠲᠠᠭᠠᠯ᠎ᠠᠴᠠ ᠵᠥᠷᠢᠴᠡᠨ ᠬᠤᠪᠢᠶᠠᠷᠢᠯᠠᠭ᠍ᠰᠠᠨ᠂ ᠵᠠᠷᠤᠯᠭ᠎ᠠ᠎ᠶ᠋ᠢ ᠬᠠᠭᠤᠷᠮᠠᠭ᠎ᠢᠶᠠᠷ ᠵᠢᠭᠰᠠᠭ᠋ᠠᠬᠤ᠂ ᠦᠯᠡᠳᠡᠭᠡᠨ ᠠᠪᠴᠤ᠌᠂ ᠨᠡᠭᠦᠯᠭᠡᠨ ᠬᠡᠷᠡᠭ᠌ᠯᠡᠵᠦ᠍ ᠱᠢᠬᠠᠨ ᠡᠵᠡᠯᠡᠭ᠌ᠰᠡᠨ᠂ ᠤᠬᠠᠭ᠋ᠠᠯᠠᠨ ᠠᠪᠬᠤ ᠮᠡᠬᠡᠯᠡᠨ ᠠᠪᠤᠭ᠍ᠰᠠᠨ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠣᠷᠣᠱᠢᠵᠤ ᠪᠠᠢᠪᠠᠯ᠂ ᠬᠠᠤᠯᠢ ᠶᠣᠰᠣᠭᠠᠷ ᠵᠣᠬᠢᠴᠠᠩᠭᠤᠶ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭ᠌ᠰᠡᠨ ᠰᠡᠵᠢᠭ᠌ᠯᠡᠯᠲᠡᠶ ᠪᠠᠢᠪᠠᠯ᠂ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠲᠤᠱᠢᠶᠠᠵᠤ ᠱᠢᠶ᠋ᠳᠪᠦᠷᠢᠯᠡᠭᠦᠯᠦᠨᠡ᠃
ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ
ᠬᠣᠷᠢᠨ ᠨᠠᠶ᠋ᠮᠠᠳᠤᠭᠠᠷ ᠵᠤᠷᠪᠤᠰ ᠲᠤᠰ ᠠᠷᠭ᠎ᠠ᠎ᠶ᠋ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠂ ᠡᠳ᠋᠎ᠦᠨ ᠵᠠᠰᠠᠭ᠎ᠤᠨ ᠲᠢᠩᠬᠢᠮ᠎ᠡᠴᠡ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠲᠠᠢᠯᠪᠤᠷᠢᠯᠠᠨ᠎ᠠ᠃
ᠬᠤᠷᠢ ᠶᠢᠰᠦᠳᠦᠭᠡᠷ ᠵᠤᠷᠪᠤᠰ ᠲᠣᠰ ᠠᠷᠭ᠎ᠠ᠎ᠶ᠋ᠢ ᠨᠡᠢᠲᠡᠯᠡᠭ᠌ᠰᠡᠨ ᠡᠳᠦᠷ᠎ᠠᠴᠠ ᠡᠬᠢᠯᠡᠨ ᠬᠡᠷᠡᠭ᠌ᠵᠢᠭᠦᠯᠵᠦ᠍᠂ ᠤᠤᠯ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠬᠤᠭᠤᠴᠠᠭᠠᠨ᠎ᠳᠠᠬᠢ ᠬᠥᠳᠡᠭᠡ ᠲᠣᠰᠭᠤᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠨᠡᠮᠡᠭᠦᠷᠢ᠎ᠶ᠋ᠢᠨ ᠪᠠᠯᠠ ᠮᠥᠩᠭᠦ᠌ ᠪᠠ ᠬᠤᠲᠠ᠎ᠶ᠋ᠢᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠠᠩᠨᠠᠯ᠎ᠤᠨ ᠪᠠᠯᠠ ᠮᠥᠩᠭᠦ᠎ᠶ᠋ᠢᠨ ᠬᠠᠮᠢᠶᠠᠷᠤᠯᠲᠠ᠎ᠶ᠋ᠢᠨ ᠠᠷᠭ᠎ᠠ》 (ᠥᠪᠥᠷ ᠡᠳ᠋ ᠪᠥᠲᠥᠭᠡᠨ ᠪᠠᠢᠭᠤᠯᠤᠯᠲᠠ[2022] 1116 ᠳ᠋ᠤᠭᠠᠷ ᠲᠣᠭᠠᠲᠤ) ᠵᠢᠴᠢ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠶᠠᠨᠴᠢᠳ᠎ᠤᠨ ᠲᠡᠭᠡᠭᠡᠪᠦᠷᠢ ᠪᠠ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠱᠢᠯᠭᠠᠨ ᠬᠢᠨᠠᠬᠤ ᠨᠠᠷᠢᠨ ᠲᠦᠷᠢᠮ》 ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠮᠡᠳᠡᠭ᠌ᠳᠡᠯ》 (ᠥᠪᠥᠷ ᠵᠠᠮ ᠲᠠᠷᠬᠠᠭᠠᠭ᠍ᠰᠠᠨ [2023] 331 ᠳ᠋ᠤᠭᠡᠷ ᠲᠣᠭᠠᠲᠤ) ᠢ ᠬᠦᠴᠦᠨ ᠥᠬᠡᠶ ᠪᠣᠯᠭᠠᠨ᠎ᠠ᠃
ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ