ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-08-14

ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠷᠭ᠎ᠠ》 ᠵᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢᠨ ᠬᠠᠮᠲᠤ ᠬᠢᠨᠠᠨ ᠰᠢᠯᠭ᠋ᠠᠭᠰᠠᠨ ᠪᠠᠢ᠌ᠳᠠᠯ᠎ᠤᠨ ᠮᠡᠳᠡᠭᠦᠯᠦᠯᠲᠡ ᠪᠠ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠤᠷᠢᠶᠠᠩᠭᠤᠢ᠌ᠯᠠᠭᠰᠠᠨ ᠬᠦᠰᠦᠨᠦᠭᠲᠦ ᠵᠢ ᠱᠠᠭ᠋ᠠᠷᠳᠠᠯᠭ᠎ᠠ ᠶᠣᠰᠣ᠎ᠪᠠᠷ ᠴᠠᠭ ᠲᠤᠬᠠᠶ᠎ᠳᠤ᠎ᠨᠢ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ᠃ ᠡᠭᠦᠨ᠎ᠳᠤ᠂ 2024 ᠣᠨ᠎ᠤ ᠬᠢᠨᠠᠨ ᠰᠢᠯᠭ᠋ᠠᠯᠲᠠ ᠵᠢ ᠨᠢᠭᠡ ᠰᠠᠷ᠎ᠠ ᠤᠷᠲᠤᠳᠬᠠᠵᠤ ᠪᠣᠯᠤᠨ᠎ᠠ; 2024 ᠣᠨ᠎ᠤ ᠰᠢᠯᠭ᠋ᠠᠨ ᠬᠢᠨᠠᠯᠲᠠ ᠵᠢ ᠨᠢᠭᠡᠨᠲᠡ ᠪᠡᠶᠡᠯᠡᠭᠦᠯᠦᠭᠰᠡᠨ ᠪᠠᠢ᠌ᠪᠠᠯ᠂ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
    ᠬᠠᠷᠢᠯᠴᠠᠬᠤ ᠬᠥᠮᠦᠨ᠄ ᠵᠠᠩ ᠢᠦᠢ ᠰᠢᠨ᠂ ᠬᠠᠷᠢᠯᠴᠠᠬᠤ ᠤᠲᠠᠰᠤ᠄ 0471 - 6284318
   

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
                            2025 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ

   

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ

    ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠷᠭ᠎ᠠ
   

    ᠨᠢᠭᠡᠳᠦᠭᠡᠷ ᠪᠦᠯᠦᠭ  ᠶᠡᠷᠦᠩᠬᠡᠢ ᠳᠦᠷᠢᠮ
    ᠨᠢᠭᠡᠳᠦᠭᠡᠷ ᠵᠦᠢ᠍ᠯ  ᠪᠦᠬᠦ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠦᠯᠬᠦᠢ ᠦᠢᠯᠡᠳᠪᠦᠷᠢᠯᠡᠯ᠎ᠤᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠲᠡᠭᠡᠭᠡᠪᠦᠷᠢ ᠵᠢᠨ ᠲᠦᠷᠢᠮ》᠂ 《ᠵᠠᠮ ᠲᠡᠭᠡᠭᠡᠪᠦᠷᠢ ᠵᠢᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》᠂ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠠᠷᠭ᠎ᠠ》᠂ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ ᠬᠣᠲᠠ ᠵᠢᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠶᠦᠯᠬᠦᠢ ᠦᠢᠯᠡᠳᠪᠦᠷᠢᠯᠡᠯ᠎ᠤᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》᠂ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ  ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠭᠡᠯᠵᠢ ᠵᠢᠨ ᠲᠡᠷᠭᠡ ᠵᠢᠨ ᠠᠶᠠᠨᠴᠢᠳ᠎ᠤᠨ ᠵᠥᠭᠡᠭᠡᠪᠦᠷᠢ (ᠲᠣᠭᠲᠠᠭᠰᠠᠨ ᠱᠤᠭᠤᠮ᠎ᠤᠨ ᠵᠢᠭᠤᠯᠴᠢᠯᠠᠯ᠎ᠤᠨ ᠠᠶᠠᠨᠴᠢᠳ᠎ᠤᠨ ᠵᠥᠭᠡᠭᠡᠪᠦᠷᠢ ᠪᠠᠭᠲᠠᠨ᠎ᠠ) ᠠᠵᠤ ᠠᠬᠤᠢ᠌ᠯᠠᠯ ᠪᠣᠯᠤᠨ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ (ᠲᠣᠭᠲᠠᠭᠰᠠᠨ ᠱᠤᠭᠤᠮ᠎ᠤᠨ ᠪᠤᠰᠤ ᠵᠢᠭᠤᠯᠴᠢᠯᠠᠯ᠎ᠤᠨ ᠠᠶᠠᠨᠴᠢᠳ᠎ᠤᠨ ᠵᠥᠭᠡᠭᠡᠪᠦᠷᠢ ᠪᠠᠭᠲᠠᠨ᠎ᠠ) ᠵᠢᠨ ᠠᠵᠤ ᠠᠬᠤᠢ᠌ᠯᠠᠯ᠎ᠢ ᠵᠢᠭ᠋ᠠᠵᠤ ᠪᠤᠶ᠃

    ᠭᠤᠷᠪᠠᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠭᠡᠳᠡᠭ᠎ᠨᠢ ᠦᠨᠡᠯᠡᠬᠦ ᠣᠨ᠎ᠤ ᠳᠣᠲᠣᠷ᠎ᠠ ᠠᠵᠤ ᠠᠬᠤᠢ᠌ᠯᠠᠯ᠎ᠤᠨ ᠠᠶᠦᠯᠬᠦᠢ ᠦᠢ᠍ᠯᠡᠳᠪᠦᠷᠢᠯᠡᠯ᠂ ᠡᠵᠡᠩᠨᠡᠯᠲᠡ ᠵᠢᠨ ᠦᠢ᠍ᠯᠡ ᠠᠵᠢᠯᠯᠠᠭ᠎ᠠ᠂ ᠦᠢ᠍ᠯᠡᠴᠢᠯᠡᠭᠡᠨ᠎ᠤ ᠶᠠᠰᠤ ᠴᠢᠨᠠᠷ᠂ ᠨᠡᠢ᠌ᠭᠡᠮ᠎ᠤᠨ ᠬᠠᠷᠢᠭᠤᠴᠠᠯᠭ᠎ᠠ ᠵᠢᠴᠢ ᠠᠵᠤ ᠠᠬᠤᠢ᠌ᠯᠠᠯ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠶᠡᠷᠦᠩᠬᠡᠢ᠌ᠯᠡᠭᠰᠡᠨ ᠦᠨᠡᠯᠡᠯᠲᠡ ᠬᠢᠬᠦ ᠵᠢ ᠵᠢᠭ᠋ᠠᠵᠤ ᠪᠤᠶ᠃
    ᠳᠥᠷᠪᠡᠳᠦᠭᠡᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠳᠤ ᠢᠯᠡ᠂ ᠡᠷᠬᠡ ᠲᠡᠭᠰᠢ᠂ ᠭᠣᠣᠯᠴᠢ ᠪᠠᠢ᠌ᠬᠤ ᠵᠠᠷᠴᠢᠮ᠎ᠢ ᠵᠢᠷᠤᠮᠯᠠᠵᠤ᠂ ᠶᠠᠰᠤ ᠴᠢᠨᠠᠷ᠎ᠤᠨ ᠢᠲᠡᠭᠡᠯ ᠬᠦᠨᠳᠦ᠎ᠪᠠᠷ ᠰᠠᠢ᠌ᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠬᠥᠭᠵᠢᠯᠲᠡ ᠵᠢ ᠵᠣᠷᠢᠭᠵᠢᠭᠤᠯᠤᠨ ᠳᠡᠮᠵᠢᠨ᠎ᠡ᠃
    ᠲᠠᠪᠤᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠪᠦᠬᠦ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ ᠵᠢᠯᠣᠭᠣᠳᠤᠨ᠎ᠠ᠃
    ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠣᠰᠢᠭᠤ ᠰᠢᠶᠠᠨ (ᠲᠣᠭᠣᠷᠢᠭ)᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠵᠢᠯᠴᠠᠨ ᠦᠷᠨᠢᠭᠦᠯᠦᠨ᠎ᠡ᠃
    ᠬᠣᠶᠠᠳᠤᠭ᠋ᠠᠷ ᠪᠦᠯᠦᠭ  ᠦᠨᠡᠯᠡᠬᠦ ᠭᠦᠢ᠍ᠴᠡᠳᠬᠡᠯ ᠲᠣᠭ᠎ᠠ ᠵᠢᠴᠢ ᠳᠡᠰ᠎ᠤᠨ ᠬᠤᠪᠢᠶᠠᠷᠢᠯᠠᠯ
    ᠵᠢᠷᠭᠤᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠳᠡᠰ᠎ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ᠎ᠳᠤ᠎ᠪᠠᠨ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠶ ᠭᠡᠵᠦ ᠬᠤᠪᠢᠶᠠᠨ᠂ ᠲᠤᠰ ᠪᠦᠷᠢ AAA ᠳᠡᠰ᠂ AA ᠳᠡᠰ᠂ A ᠳᠡᠰ ᠪᠣᠯᠤᠨ B ᠳᠡᠰ ᠵᠶ᠋ᠠᠷ ᠢᠯᠡᠳᠬᠡᠨ᠎ᠡ᠃
    ᠳᠣᠯᠣᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ᠎ᠳᠤ ᠬᠤᠪᠢ ᠪᠣᠳᠣᠬᠤ ᠳᠦᠷᠢᠮ᠎ᠢ ᠬᠡᠷᠡᠭᠵᠢᠭᠦᠯᠵᠦ᠂ ᠬᠢᠨᠠᠨ ᠰᠢᠯᠭ᠋ᠠᠬᠤ ᠶᠡᠷᠦᠩᠬᠡᠶ ᠬᠤᠪᠢ᠎ᠨᠢ 1000 ᠬᠤᠪᠢ ᠪᠠᠢ᠌ᠵᠤ᠂ ᠠᠰ᠎ᠲᠤᠨᠢ 100 ᠬᠤᠪᠢ ᠭᠠᠷᠭ᠋ᠠᠵᠤ ᠬᠤᠪᠢ ᠨᠡᠮᠡᠬᠦ ᠵᠦᠢ᠍ᠯ ᠪᠣᠯᠭ᠋ᠠᠨ᠎ᠠ᠃
    ᠨᠠᠢᠮᠠᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠭᠦᠢ᠍ᠴᠡᠳᠬᠡᠬᠦ ᠲᠣᠭ᠎ᠠ ᠬᠢᠭᠡᠳ ᠬᠤᠪᠢ ᠵᠢᠨ ᠥᠷᠲᠡᠭ᠎ᠨᠢ᠄
    (ᠨᠢᠭᠡ) ᠠᠶᠦᠯᠬᠦᠢ ᠦᠢᠯᠡᠳᠪᠦᠷᠢᠯᠡᠯ (250 ᠬᠤᠪᠢ)᠄ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ ᠵᠢᠴᠢ ᠬᠦᠨᠳᠦ ᠶᠡᠬᠡ ᠡᠨᠳᠡᠯ᠎ᠤᠨ ᠳᠠᠯᠳᠠ ᠭᠡᠮ ᠪᠠᠢ᠌ᠬᠤ ᠡᠰᠡᠬᠦ᠂ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠭᠰᠠᠨ ᠵᠢᠴᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ 《ᠬᠣᠶᠠᠷ ᠠᠶᠠᠨᠴᠢᠳ᠎ᠤᠨ ᠵᠥᠭᠡᠭᠡᠪᠦᠷᠢ ᠵᠢᠨ ᠲᠡᠷᠭᠡ ᠪᠠ ᠨᠢᠭᠡ ᠠᠶᠤᠯᠲᠤ ᠡᠳ᠋᠎ᠤᠨ ᠲᠡᠭᠡᠭᠡᠪᠦᠷᠢ ᠵᠢᠨ ᠲᠡᠷᠭᠡ》 ᠵᠢᠨ ᠲᠡᠷᠭᠡ ᠬᠥᠰᠬᠡ ᠵᠢᠨ ᠪᠠᠢ᠌ᠳᠠᠯ᠎ᠢ ᠬᠢᠨᠠᠨ ᠡᠵᠡᠮᠳᠡᠬᠦ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠭᠰᠠᠨ ᠪᠠ ᠬᠢᠨᠠᠨ ᠰᠢᠯᠭ᠋ᠠᠭᠰᠠᠨ ᠪᠠᠢ᠌ᠳᠠᠯ ᠵᠡᠷᠭᠡ᠃
    (ᠬᠣᠶᠠᠷ) ᠡᠵᠡᠩᠨᠡᠯᠲᠡ ᠵᠢᠨ ᠦᠢᠯᠡ ᠠᠵᠢᠯᠯᠠᠭ᠎ᠠ (200 ᠬᠤᠪᠢ)᠄ ᠬᠠᠤᠯᠢ ᠲᠣᠭᠲᠠᠭ᠋ᠠᠯ ᠶᠣᠰᠣᠭ᠋ᠠᠷ ᠡᠵᠡᠩᠨᠡᠭᠰᠡᠨ ᠪᠠᠢ᠌ᠳᠠᠯ᠂ ᠲᠤᠬᠠᠶ ᠵᠢᠨ ᠲᠠᠯᠠᠪᠠᠶ ᠵᠢᠨ ᠬᠢᠨᠠᠯᠲᠠ ᠪᠠᠢ᠌ᠴᠠᠭ᠋ᠠᠯᠲᠠ ᠵᠡᠷᠭᠡ᠃
    (ᠭᠤᠷᠪᠠ) ᠦᠢᠯᠡᠴᠢᠯᠡᠭᠡᠨ᠎ᠤ ᠶᠠᠰᠤ ᠴᠢᠨᠠᠷ (200 ᠬᠤᠪᠢ)᠄ ᠨᠡᠢ᠌ᠭᠡᠮ᠎ᠤᠨ ᠵᠠᠭ᠋ᠠᠯᠳᠤᠯᠭ᠎ᠠ ᠵᠢᠴᠢ ᠵᠠᠭ᠋ᠠᠯᠳᠤᠯᠭ᠎ᠠ ᠵᠢ ᠰᠢᠢᠳᠪᠦᠷᠢᠯᠡᠬᠦ᠂ ᠦᠢᠯᠡᠴᠢᠯᠡᠭᠡᠨ᠎ᠤ ᠶᠠᠰᠤ ᠴᠢᠨᠠᠷ ᠵᠢᠴᠢ ᠵᠠᠭᠤᠴᠢᠯᠠᠭᠤᠷ᠎ᠤᠨ ᠢᠯᠡᠴᠢᠯᠡᠭᠰᠡᠨ ᠪᠠᠢ᠌ᠳᠠᠯ ᠵᠡᠷᠭᠡ᠃
    (ᠳᠥᠷᠪᠡ) ᠨᠡᠢ᠌ᠭᠡᠮ᠎ᠤᠨ ᠬᠠᠷᠢᠭᠤᠴᠠᠯᠭ᠎ᠠ (150 ᠬᠤᠪᠢ)᠄ ᠠᠵᠢᠯ ᠲᠥᠷᠥᠯ ᠲᠣᠭᠲᠠᠭᠤᠨ᠂ ᠮᠠᠲ᠋ᠧᠷᠢᠶᠠᠯ ᠮᠡᠳᠡᠭᠦᠯᠦᠨ ᠬᠦᠷᠭᠡᠭᠰᠡᠨ᠂ ᠳᠠᠭ᠋ᠠᠭ᠋ᠠᠴᠢᠯᠠᠨ ᠲᠡᠭᠡᠭᠡᠪᠦᠷᠢᠯᠡᠭᠴᠢ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠪᠠᠢ᠌ᠳᠠᠯ ᠵᠡᠷᠭᠡ᠃
    (ᠲᠠᠪᠤ) ᠠᠵᠤ ᠠᠬᠤᠢ᠌ᠯᠠᠯ᠎ᠤᠨ ᠬᠠᠮᠢᠶᠠᠷᠤᠯᠲᠠ (200 ᠬᠤᠪᠢ)᠄ ᠲᠡᠷᠭᠡ ᠬᠥᠰᠬᠡ ᠬᠢᠭᠡᠳ ᠵᠢᠯᠣᠭᠣᠴᠢ ᠵᠢᠨ ᠬᠠᠮᠢᠶᠠᠷᠤᠯᠲᠠ᠂ ᠦᠢ᠍ᠯᠡᠴᠢᠯᠡᠭᠡᠨ᠎ᠤ ᠵᠢᠷᠤᠮᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠬᠥᠭᠡᠷᠦᠮᠵᠢ ᠵᠢᠨ ᠬᠡᠷᠡᠭᠯᠡᠯᠲᠡ ᠵᠢᠨ ᠪᠠᠢ᠌ᠳᠠᠯ ᠵᠡᠷᠭᠡ᠃
    (ᠵᠢᠷᠭᠤᠭ᠎ᠠ) ᠬᠤᠪᠢ ᠨᠡᠮᠡᠬᠦ ᠲᠥᠷᠥᠯ ᠵᠦᠢᠯ (100 ᠬᠤᠪᠢ)᠄ ᠵᠢᠭ᠋ᠠᠪᠤᠷᠢ ᠵᠢᠨ ᠴᠢᠨᠠᠷᠲᠠᠶ ᠡᠭᠦᠷᠭᠡ ᠪᠤᠶᠤ ᠨᠡᠢ᠌ᠭᠡᠮ᠎ᠤᠨ ᠨᠡᠢ᠌ᠲᠡ ᠵᠢᠨ ᠠᠰᠠᠷᠠᠮᠵᠢ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢᠴᠢ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠪᠡᠶᠡᠯᠡᠭᠦᠯᠦᠭᠰᠡᠨ ᠵᠡᠷᠭᠡ᠃
    ᠪᠣᠳᠠᠲᠠᠶ ᠬᠢᠨᠠᠨ ᠰᠢᠯᠭ᠋ᠠᠬᠤ ᠭᠦᠢᠴᠡᠳᠬᠡᠯ ᠲᠣᠭ᠎ᠠ ᠵᠢᠨ ᠠᠭᠤᠯᠭ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠬᠤᠪᠢ ᠲᠣᠭᠲᠠᠭ᠋ᠠᠬᠤ ᠬᠦᠰᠦᠨᠦᠭᠲᠦ》 (ᠳᠠᠭ᠋ᠠᠯᠳᠤᠭᠤᠯᠤᠯ 1)᠎ᠳᠤ ᠦᠵᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠠᠵᠢᠯ ᠲᠥᠷᠥᠯ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ ᠬᠣᠶᠠᠳᠤᠭ᠋ᠠᠷ ᠳᠡᠰ᠎ᠤᠨ ᠭᠦᠢ᠍ᠴᠡᠳᠬᠡᠬᠦ ᠲᠣᠭ᠎ᠠ ᠵᠢᠨ ᠠᠭᠤᠯᠭ᠎ᠠ᠎ᠳᠤ ᠲᠣᠬᠢᠷᠠᠭᠤᠯᠤᠯᠲᠠ ᠬᠢᠵᠦ᠂ ᠴᠠᠭ ᠲᠤᠬᠠᠶ᠎ᠳᠤ᠎ᠨᠢ ᠨᠡᠢ᠌ᠲᠡᠯᠡᠬᠦ ᠵᠢᠨ ᠬᠠᠮᠲᠤ ᠳᠠᠷᠠᠭ᠎ᠠ ᠨᠢᠭᠡ ᠬᠢᠨᠠᠨ ᠰᠢᠯᠭ᠋ᠠᠬᠤ ᠦᠶᠡᠯᠡᠯ᠎ᠤᠨ ᠬᠤᠭᠤᠴᠠᠭ᠋ᠠᠨ᠎ᠳᠤ ᠬᠡᠷᠡᠭᠵᠢᠭᠦᠯᠦᠨ᠎ᠡ᠃
    ᠶᠢᠰᠦᠳᠦᠭᠡᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠲᠠᠰ᠎ᠤᠨ ᠪᠠᠷᠢᠮᠵᠢᠶ᠎ᠠ᠄
    (ᠨᠢᠭᠡ) ᠬᠢᠨᠠᠨ ᠰᠢᠯᠭ᠋ᠠᠬᠤ ᠬᠤᠭᠤᠴᠠᠭ᠋ᠠᠨ᠎ᠳᠤ᠂ ᠳᠣᠤᠷᠠᠬᠢ ᠨᠥᠬᠥᠴᠡᠯ᠎ᠳᠤ ᠵᠡᠷᠭᠡ᠎ᠪᠠᠷ ᠨᠡᠢ᠌ᠴᠡᠭᠰᠡᠨ ᠪᠠᠢ᠌ᠪᠠᠯ᠂ ᠬᠢᠨᠠᠨ ᠰᠢᠯᠭ᠋ᠠᠬᠤ ᠲᠠᠰ᠎ᠨᠢ AAA ᠲᠠᠰ᠄
    1. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠡᠩ᠎ᠤᠨ ᠵᠢᠴᠢ ᠲᠡᠭᠦᠨ᠎ᠠᠴᠠ ᠳᠡᠭᠡᠭᠰᠢᠬᠢ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ;
    2. ᠦᠢᠯᠡᠴᠢᠯᠡᠭᠡᠨ᠎ᠤ ᠶᠠᠰᠤ ᠴᠢᠨᠠᠷ᠎ᠤᠨ ᠬᠦᠨᠳᠦ ᠶᠡᠬᠡ᠂ ᠣᠨᠴᠠ ᠶᠡᠬᠡ ᠮᠠᠭᠤ ᠬᠡᠷᠡᠭ ᠭᠠᠷᠤᠭᠰᠠᠨ ᠥᠬᠡᠶ;
    3. ᠰᠠᠭᠤᠷᠢ ᠬᠤᠪᠢ ᠪᠠ ᠨᠡᠮᠡᠬᠦ ᠬᠤᠪᠢ᠎ᠨᠢ ᠨᠡᠢ᠌ᠲᠡ 850 ᠬᠤᠪᠢ ᠵᠢᠴᠢ ᠲᠡᠭᠦᠨ᠎ᠠᠴᠠ ᠳᠡᠭᠡᠭᠰᠢ ᠪᠠᠢ᠌ᠬᠤ;
    4. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠬᠠᠷᠢᠶ᠎ᠠ ᠪᠦᠬᠦᠢ ᠡᠵᠡᠩᠨᠡᠯᠲᠡ ᠵᠢᠨ ᠲᠡᠷᠭᠡ ᠬᠥᠰᠬᠡ ᠵᠢ ᠬᠢᠨᠠᠨ ᠰᠢᠯᠭ᠋ᠠᠭᠰᠠᠨ ᠨᠣᠷᠮ᠎ᠠ᠎ᠨᠢ 99% ᠵᠢᠴᠢ ᠲᠡᠭᠦᠨ᠎ᠠᠴᠠ ᠳᠡᠭᠡᠭᠰᠢ ᠪᠠᠢ᠌ᠬᠤ᠃
    (ᠬᠣᠶᠠᠷ) ᠬᠢᠨᠠᠨ ᠰᠢᠯᠭ᠋ᠠᠬᠤ ᠬᠤᠭᠤᠴᠠᠭ᠋ᠠᠨ᠎ᠳᠤ᠂ ᠳᠣᠤᠷᠠᠬᠢ ᠨᠥᠬᠥᠴᠡᠯ᠎ᠳᠤ ᠵᠡᠷᠭᠡ᠎ᠪᠠᠷ ᠨᠡᠢ᠌ᠴᠡᠭᠰᠡᠨ ᠪᠠᠢ᠌ᠪᠠᠯ᠂ ᠬᠢᠨᠠᠨ ᠰᠢᠯᠭ᠋ᠠᠬᠤ ᠲᠠᠰ᠎ᠨᠢ AA ᠲᠠᠰ᠄
    1. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠨᠡᠯᠢᠶᠡᠳ ᠶᠡᠬᠡ ᠵᠢᠴᠢ ᠲᠡᠭᠦᠨ᠎ᠠᠴᠠ ᠳᠡᠭᠡᠭᠰᠢᠬᠢ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ ᠮᠥᠷᠲᠡᠭᠡᠨ 2 ᠵᠢᠴᠢ ᠲᠡᠭᠦᠨ᠎ᠠᠴᠠ ᠳᠡᠭᠡᠭᠰᠢᠬᠢ ᠡᠩ᠎ᠤᠨ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ;
    2. ᠦᠢᠯᠡᠴᠢᠯᠡᠭᠡᠨ᠎ᠤ ᠶᠠᠰᠤ ᠴᠢᠨᠠᠷ᠎ᠤᠨ ᠬᠦᠨᠳᠦ ᠶᠡᠬᠡ᠂ ᠣᠨᠴᠠ ᠶᠡᠬᠡ ᠮᠠᠭᠤ ᠬᠡᠷᠡᠭ ᠭᠠᠷᠤᠭᠰᠠᠨ ᠥᠬᠡᠶ;
    3. ᠰᠠᠭᠤᠷᠢ ᠬᠤᠪᠢ ᠪᠠ ᠨᠡᠮᠡᠬᠦ ᠬᠤᠪᠢ᠎ᠨᠢ ᠨᠡᠢ᠌ᠯᠡᠭᠡᠳ 700 ᠬᠤᠪᠢ᠎ᠠᠴᠠ 849 ᠬᠤᠪᠢ ᠵᠢᠨ ᠬᠣᠭᠣᠷᠣᠨᠳᠣ ᠪᠠᠢ᠌ᠬᠤ;
    4. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠬᠠᠷᠢᠶ᠎ᠠ ᠪᠦᠬᠦᠢ ᠡᠵᠡᠩᠨᠡᠯᠲᠡ ᠵᠢᠨ ᠲᠡᠷᠭᠡ ᠬᠥᠰᠬᠡ ᠵᠢ ᠬᠢᠨᠠᠨ ᠰᠢᠯᠭ᠋ᠠᠭᠰᠠᠨ ᠨᠤᠷᠮ᠎ᠠ᠎ᠨᠢ 90% ᠵᠢᠴᠢ ᠲᠡᠭᠦᠨ᠎ᠠᠴᠠ ᠳᠡᠭᠡᠭᠰᠢ ᠪᠠᠢ᠌ᠬᠤ᠃

    (ᠭᠤᠷᠪᠠ) ᠬᠢᠨᠠᠨ ᠰᠢᠯᠭ᠋ᠠᠬᠤ ᠬᠤᠭᠤᠴᠠᠭ᠋ᠠᠨ᠎ᠳᠤ᠂ ᠳᠣᠤᠷᠠᠬᠢ ᠨᠥᠬᠥᠴᠡᠯ᠎ᠳᠤ ᠵᠡᠷᠭᠡ᠎ᠪᠠᠷ ᠨᠡᠢ᠌ᠴᠡᠭᠰᠡᠨ ᠪᠠᠢ᠌ᠪᠠᠯ᠂ ᠬᠢᠨᠠᠨ ᠰᠢᠯᠭ᠋ᠠᠬᠤ ᠲᠠᠰ᠎ᠨᠢ A ᠲᠠᠰ᠄

    1. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠬᠦᠨᠳᠦ ᠶᠡᠬᠡ ᠵᠢᠴᠢ ᠲᠡᠭᠦᠨ᠎ᠠᠴᠠ ᠳᠡᠭᠡᠭᠰᠢᠬᠢ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ ᠮᠥᠷᠲᠡᠭᠡᠨ 2 ᠵᠢᠴᠢ ᠲᠡᠭᠦᠨ᠎ᠠᠴᠠ ᠳᠡᠭᠡᠭᠰᠢᠬᠢ ᠨᠡᠯᠢᠶᠡᠳ ᠶᠡᠬᠡ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ ᠪᠥᠭᠡᠳ 3 ᠵᠢᠴᠢ ᠲᠡᠭᠦᠨ᠎ᠠᠴᠠ ᠳᠡᠭᠡᠭᠰᠢᠬᠢ ᠡᠩ᠎ᠤᠨ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠶ;

    2. ᠦᠢᠯᠡᠴᠢᠯᠡᠭᠡᠨ᠎ᠤ ᠶᠠᠰᠤ ᠴᠢᠨᠠᠷ᠎ᠤᠨ ᠬᠦᠨᠳᠦ ᠶᠡᠬᠡ᠂ ᠣᠨᠴᠠ ᠶᠡᠬᠡ ᠮᠠᠭᠤ ᠬᠡᠷᠡᠭ ᠭᠠᠷᠤᠭᠰᠠᠨ ᠥᠬᠡᠶ;

    3. ᠰᠠᠭᠤᠷᠢ ᠬᠤᠪᠢ ᠪᠠ ᠨᠡᠮᠡᠬᠦ ᠬᠤᠪᠢ᠎ᠨᠢ ᠨᠡᠢ᠌ᠯᠡᠭᠡᠳ 600 ᠬᠤᠪᠢ᠎ᠠᠴᠠ 699 ᠬᠤᠪᠢ ᠵᠢᠨ ᠬᠣᠭᠣᠷᠣᠨᠳᠣ ᠪᠠᠢ᠌ᠬᠤ;

    4. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠬᠣᠶᠠᠷ᠎ᠠᠴᠠ ᠳᠡᠭᠡᠭᠰᠢ ᠬᠤᠪᠢᠶᠠᠷᠢ ᠺᠣᠮᠫᠠᠨᠢ᠎ᠲᠠᠢ ᠪᠥᠭᠡᠳ 50% ᠵᠢᠴᠢ ᠲᠡᠭᠦᠨ᠎ᠠᠴᠠ ᠳᠡᠭᠡᠭᠰᠢᠬᠢ ᠬᠢᠨᠠᠨ ᠰᠢᠯᠭ᠋ᠠᠬᠤ ᠳᠡᠰ᠎ᠨᠢ A ᠳᠡᠰ ᠪᠠᠢ᠌ᠬᠤ;

    5. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠬᠠᠷᠢᠶ᠎ᠠ ᠪᠦᠬᠦᠢ ᠲᠡᠭᠡᠭᠡᠪᠦᠷᠢ ᠡᠵᠡᠩᠨᠡᠵᠦ ᠪᠠᠢ᠌ᠭ᠎ᠠ ᠲᠡᠷᠭᠡ ᠬᠥᠰᠬᠡ ᠵᠢ ᠬᠢᠨᠠᠨ ᠰᠢᠯᠭ᠋ᠠᠭᠰᠠᠨ ᠨᠣᠷᠮ᠎ᠠ᠎ᠨᠢ 80% ᠵᠢᠴᠢ ᠲᠡᠭᠦᠨ᠎ᠠᠴᠠ ᠳᠡᠭᠡᠭᠰᠢ ᠪᠠᠢ᠌ᠬᠤ᠃

    (ᠳᠥᠷᠪᠡ) ᠬᠢᠨᠠᠨ ᠰᠢᠯᠭ᠋ᠠᠬᠤ ᠬᠤᠭᠤᠴᠠᠭ᠋ᠠᠨ᠎ᠳᠤ᠂ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠢᠨᠠᠨ ᠰᠢᠯᠭ᠋ᠠᠬᠤ ᠳᠡᠰ᠎ᠨᠢ B ᠳᠡᠰ᠄

    1. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠬᠦᠨᠳᠦ ᠶᠡᠬᠡ ᠵᠢᠴᠢ ᠲᠡᠭᠦᠨ᠎ᠠᠴᠠ ᠳᠡᠭᠡᠭᠰᠢᠬᠢ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ᠂ ᠡᠰᠡᠬᠦᠯ᠎ᠡ 2 ᠵᠢᠴᠢ ᠲᠡᠭᠦᠨ᠎ᠠᠴᠠ ᠳᠡᠭᠡᠭᠰᠢᠬᠢ ᠨᠡᠯᠢᠶᠡᠳ ᠶᠡᠬᠡ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ᠂ ᠡᠰᠡᠬᠦᠯ᠎ᠡ 3 ᠵᠢᠴᠢ ᠲᠡᠭᠦᠨ᠎ᠠᠴᠠ ᠳᠡᠭᠡᠭᠰᠢᠬᠢ ᠡᠩ᠎ᠤᠨ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ;      2. ᠨᠢᠭᠡ ᠤᠳᠠᠭ᠎ᠠ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠦᠨᠳᠦ ᠶᠡᠬᠡ᠂ ᠣᠨᠴᠠ ᠶᠡᠬᠡ ᠬᠡᠷᠡᠭ ᠭᠠᠷᠤᠭᠰᠠᠨ;

    3. ᠠᠶᠦᠯᠬᠦᠢ ᠦᠢ᠍ᠯᠡᠳᠪᠦᠷᠢᠯᠡᠯ᠎ᠤᠨ ᠬᠦᠨᠳᠦ ᠶᠡᠬᠡ ᠡᠨᠳᠡᠯ᠎ᠤᠨ ᠳᠠᠯᠳᠠ ᠭᠡᠮ ᠣᠷᠣᠰᠢᠵᠤ ᠪᠠᠢ᠌ᠭ᠎ᠠ ᠵᠡᠷᠭᠡ ᠰᠢᠯᠲᠠᠭ᠋ᠠᠨ᠎ᠠᠴᠠ ᠪᠣᠯᠣᠭ᠋ᠠᠳ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠵᠢᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ ᠵᠶ᠋ᠠᠷ ᠵᠢᠭᠰᠠᠭ᠋ᠠᠭᠳᠠᠭᠰᠠᠨ;

    4. ᠰᠠᠭᠤᠷᠢ ᠬᠤᠪᠢ ᠪᠠ ᠨᠡᠮᠡᠬᠦ ᠬᠤᠪᠢ᠎ᠨᠢ ᠨᠡᠢ᠌ᠯᠡᠭᠡᠳ 600 ᠬᠤᠪᠢ᠎ᠠᠴᠠ ᠳᠣᠤᠷ᠎ᠠ ᠪᠠᠢ᠌ᠬᠤ;

    5. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠬᠣᠶᠠᠷ᠎ᠠᠴᠠ ᠳᠡᠭᠡᠭᠰᠢ ᠬᠤᠪᠢᠶᠠᠷᠢ ᠺᠣᠮᠫᠠᠨᠢ᠎ᠲᠠᠢ ᠪᠥᠭᠡᠳ 50% ᠵᠢᠴᠢ ᠲᠡᠭᠦᠨ᠎ᠠᠴᠠ ᠳᠡᠭᠡᠭᠰᠢᠬᠢ ᠬᠢᠨᠠᠨ ᠰᠢᠯᠭ᠋ᠠᠬᠤ ᠳᠡᠰ᠎ᠨᠢ B ᠳᠡᠰ ᠪᠠᠢ᠌ᠬᠤ;

    6. ᠪᠠᠷᠢᠮᠵᠢᠶ᠎ᠠ᠎ᠳᠤ ᠨᠡᠢ᠌ᠴᠡᠬᠦ ᠬᠢᠨᠠᠨ ᠡᠵᠡᠮᠳᠡᠬᠦ ᠲᠠᠪᠴᠠᠩ᠎ᠢ ᠬᠡᠷᠡᠭᠯᠡᠭᠰᠡᠨ ᠥᠬᠡᠶ᠂ ᠬᠢᠨᠠᠨ ᠡᠵᠡᠮᠳᠡᠬᠦ ᠲᠠᠪᠴᠠᠩ᠎ᠨᠢ ᠰᠦᠯᠵᠢᠶ᠎ᠡ ᠬᠣᠯᠪᠣᠭ᠋ᠠᠯᠠᠨ ᠡᠵᠡᠮᠳᠡᠬᠦ ᠰᠢᠰᠲ᠋ᠧᠮ᠎ᠳᠤ ᠵᠠᠯᠭ᠋ᠠᠵᠤ ᠣᠷᠣᠭᠤᠯᠤᠭᠰᠠᠨ ᠥᠬᠡᠶ᠂ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ ᠳᠡᠭᠡᠭᠰᠢ ᠳᠠᠮᠵᠢᠭᠤᠯᠤᠭᠰᠠᠨ ᠥᠬᠡᠶ;

    7. ᠠᠵᠤ ᠠᠬᠤᠢ᠌ᠯᠠᠯ᠎ᠨᠢ 《ᠬᠣᠶᠠᠷ ᠠᠶᠠᠨᠴᠢᠳ᠎ᠤᠨ ᠵᠥᠭᠡᠭᠡᠪᠦᠷᠢ ᠵᠢᠨ ᠲᠡᠷᠭᠡ ᠪᠠ ᠨᠢᠭᠡ ᠠᠶᠤᠯᠲᠤ ᠡᠳ᠋᠎ᠤᠨ ᠲᠡᠭᠡᠭᠡᠪᠦᠷᠢ ᠵᠢᠨ ᠲᠡᠷᠭᠡ》 ᠵᠢᠨ ᠰᠦᠯᠵᠢᠶ᠎ᠡ ᠬᠣᠯᠪᠣᠭ᠋ᠠᠯᠠᠨ ᠡᠵᠡᠮᠳᠡᠵᠦ ᠠᠵᠢᠯᠯᠠᠭᠤᠯᠬᠤ ᠣᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ;

    8. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠬᠠᠷᠢᠶ᠎ᠠ ᠪᠦᠬᠦᠢ ᠲᠡᠭᠡᠭᠡᠪᠦᠷᠢ ᠡᠵᠡᠩᠨᠡᠵᠦ ᠪᠠᠢ᠌ᠭ᠎ᠠ ᠲᠡᠷᠭᠡ ᠬᠥᠰᠬᠡ ᠵᠢ ᠬᠢᠨᠠᠨ ᠰᠢᠯᠭ᠋ᠠᠭᠰᠠᠨ ᠨᠣᠷᠮ᠎ᠠ᠎ᠨᠢ 80%᠎ᠠᠴᠠ ᠳᠣᠣᠷ᠎ᠠ ᠪᠠᠢ᠌ᠬᠤ;

    9. ᠨᠢᠭᠡ ᠤᠳᠠᠭ᠎ᠠ ᠵᠢᠴᠢ ᠲᠡᠭᠦᠨ᠎ᠠᠴᠠ ᠳᠡᠭᠡᠭᠰᠢᠬᠢ ᠰᠢᠢᠳᠪᠦᠷᠢᠯᠡᠭᠰᠡᠨ᠎ᠨᠢ ᠵᠣᠬᠢᠰ ᠦᠭᠡᠶ᠂ ᠰᠢᠢᠳᠪᠦᠷᠢᠯᠡᠭᠰᠡᠨ᠎ᠨᠢ ᠬᠦᠴᠦᠨ ᠦᠭᠡᠶ᠎ᠠᠴᠠ ᠪᠣᠯᠵᠤ ᠳᠡᠭᠡᠭᠰᠢ ᠰᠤᠷᠪᠤᠯᠵᠢᠯᠠᠭᠰᠠᠨ ᠬᠡᠷᠡᠭ ᠭᠠᠷᠴᠤ᠂ ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠠᠢ᠌ᠬᠤ;

    10. ᠬᠥᠭᠵᠢᠭᠦᠯᠦᠯᠲᠡ ᠥᠭᠡᠷᠡᠴᠢᠯᠡᠯᠲᠡ᠂ ᠵᠠᠬ᠎ᠠ ᠳᠡᠯᠭᠡᠭᠦᠷ᠂ ᠭᠠᠢ᠌ᠯᠢ ᠵᠢᠨ ᠶᠠᠪᠤᠳᠠᠯ᠂ ᠰᠢᠭᠦᠬᠦ ᠬᠣᠷᠢᠶ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠤ ᠢᠲᠡᠭᠡᠯ ᠵᠶ᠋ᠡᠨ ᠠᠯᠳᠠᠭᠰᠠᠨ ᠠᠵᠤ ᠠᠬᠤᠢ᠌ᠯᠠᠯ ᠵᠶ᠋ᠠᠷ ᠲᠡᠮᠳᠡᠭᠯᠡᠭᠳᠡᠭᠰᠡᠨ;

    11. ᠬᠦᠨᠳᠦ ᠨᠣᠴᠢᠲᠠᠢ ᠤᠷᠰᠢᠭ ᠲᠠᠲᠠᠭᠰᠠᠨ ᠭᠡᠨᠡᠳᠲᠡ ᠵᠢᠨ ᠬᠡᠷᠡᠭ᠎ᠤᠨ ᠮᠡᠳᠡᠭᠡ ᠵᠠᠩᠭᠢ ᠵᠢ ᠤᠳᠠᠭ᠋ᠠᠰᠢᠷᠠᠭᠤᠯᠤᠨ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ᠂ ᠬᠤᠳᠠᠯ ᠵᠶ᠋ᠠᠷ ᠮᠡᠳᠡᠭᠦᠯᠦᠭᠰᠡᠨ᠂ ᠳᠠᠷᠤᠭ᠋ᠠᠳ ᠮᠡᠳᠡᠭᠦᠯᠦᠭᠰᠡᠨ ᠦᠭᠡᠢ᠂ ᠡᠰᠡᠬᠦᠯ᠎ᠡ ᠭᠡᠨᠡᠳᠲᠡ ᠵᠢᠨ ᠬᠡᠷᠡᠭ᠎ᠤᠨ ᠪᠠᠢ᠌ᠳᠠᠯ᠎ᠤᠨ ᠬᠥᠭᠵᠢᠯᠲᠡ᠎ᠳᠤ ᠬᠣᠯᠪᠣᠭᠳᠠᠬᠤ᠂ ᠡᠰᠡᠬᠦᠯ᠎ᠡ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠮᠡᠳᠡᠭᠡ ᠵᠠᠩᠭᠢ ᠵᠢ ᠬᠤᠳᠠᠯ ᠬᠠᠭᠤᠷᠮᠠᠭ ᠵᠶ᠋ᠠᠷ ᠤᠯᠠᠮᠵᠢᠯᠠᠨ ᠲᠠᠷᠬᠠᠭ᠋ᠠᠭᠰᠠᠨ᠂ ᠡᠰᠡᠬᠦᠯ᠎ᠡ ᠬᠣᠯᠪᠣᠭᠳᠠᠯ ᠪᠦᠬᠥᠢ ᠰᠠᠯᠠᠭ᠎ᠠ ᠮᠥᠴᠢᠷ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠ ᠰᠢᠢ᠍ᠳᠪᠦᠷᠢᠯᠡᠬᠦ ᠠᠵᠢᠯ᠎ᠳᠤ ᠦᠯᠤ ᠣᠷᠣᠯᠴᠠᠭᠰᠠᠨ;

    12. ᠣᠨ᠎ᠤ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ᠎ᠳᠤ ᠱᠠᠭ᠋ᠠᠷᠳᠠᠯᠭ᠎ᠠ ᠶᠣᠰᠣᠭ᠋ᠠᠷ ᠣᠷᠣᠯᠴᠠᠭᠰᠠᠨ ᠦᠭᠡᠶ ᠪᠤᠶᠤ ᠶᠠᠰᠤ ᠴᠢᠨᠠᠷ᠎ᠤᠨ ᠢᠲᠡᠭᠡᠯ ᠬᠦᠨᠳᠦ ᠵᠢᠨ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠭᠰᠡᠨ ᠦᠭᠡᠶ᠂ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠵᠠᠯᠠᠷᠠᠭᠤᠯᠬᠤ ᠦᠭᠡᠶ; ᠱᠠᠭ᠋ᠠᠷᠳᠠᠯᠭ᠎ᠠ ᠶᠣᠰᠣᠭ᠋ᠠᠷ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠳᠠᠩᠰᠠ ᠡᠪᠬᠡᠮᠡᠯ ᠪᠠᠢ᠌ᠭᠤᠯᠤᠭᠰᠠᠨ ᠦᠭᠡᠶ ᠪᠤᠶᠤ ᠢᠲᠡᠭᠡᠯ ᠬᠦᠨᠳᠦ ᠵᠢ ᠬᠢᠨᠠᠨ ᠰᠢᠯᠭ᠋ᠠᠬᠤ ᠳᠤᠮᠳᠠ ᠬᠠᠮᠵᠢᠯᠴᠠᠭᠰᠠᠨ ᠦᠭᠡᠶ᠎ᠠᠴᠠ ᠪᠣᠯᠵᠤ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠵᠢᠨ ᠠᠷᠭ᠎ᠠ ᠦᠭᠡᠶ ᠪᠣᠯᠭ᠋ᠠᠭᠰᠠᠨ; ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠶᠠᠪᠤᠴᠠ᠎ᠳᠤ ᠵᠣᠷᠢᠭᠤᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠪᠠᠢ᠌ᠳᠠᠯ ᠵᠶ᠋ᠠᠨ ᠨᠢᠭᠤᠭᠰᠠᠨ ᠪᠤᠶᠤ ᠬᠤᠳᠠᠯ ᠬᠠᠭᠤᠷᠮᠠᠭ ᠪᠠᠢ᠌ᠳᠠᠯ ᠬᠠᠩᠭ᠋ᠠᠭᠰᠠᠨ᠃

    ᠲᠤᠰ ᠠᠷᠭ᠎ᠠ᠎ᠳᠤ ᠬᠡᠯᠡᠵᠦ ᠪᠠᠢ᠌ᠭ᠎ᠠ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠦᠨᠳᠦ ᠶᠡᠬᠡ ᠮᠠᠭᠤ ᠬᠡᠷᠡᠭ ᠭᠡᠳᠡᠭ᠎ᠨᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠰᠢᠯᠲᠠᠭ᠋ᠠᠨ᠎ᠠᠴᠠ ᠪᠣᠯᠵᠤ ᠨᠡᠢ᠌ᠭᠡᠮ᠎ᠳᠤ ᠮᠠᠭᠤ ᠨᠥᠯᠥᠭᠡ ᠦᠵᠡᠭᠦᠯᠦᠭᠰᠡᠨ ᠪᠤᠶᠤ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠡᠳᠡᠭᠦᠯᠦᠯᠲᠡ ᠵᠢ ᠬᠦᠯᠢᠶᠡᠭᠰᠡᠨ ᠪᠤᠶᠤ ᠬᠤᠷᠠᠯ᠎ᠠᠴᠠ ᠨᠡᠷ᠎ᠡ ᠳᠤᠷᠠᠳᠤᠨ ᠰᠢᠭᠦᠮᠵᠢᠯᠡᠭᠰᠡᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠡᠷᠡᠭ᠎ᠢ ᠵᠢᠭ᠋ᠠᠵᠤ ᠪᠤᠶ; ᠦᠢᠯᠡᠴᠢᠯᠡᠭᠡᠨ᠎ᠤ ᠶᠠᠰᠤ ᠴᠢᠨᠠᠷ᠎ᠤᠨ ᠣᠨᠴᠠ ᠶᠡᠬᠡ ᠮᠠᠭᠤ ᠬᠡᠷᠡᠭ ᠭᠡᠳᠡᠭ᠎ᠨᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠰᠢᠯᠲᠠᠭ᠋ᠠᠨ᠎ᠠᠴᠠ ᠪᠣᠯᠣᠭ᠋ᠠᠳ ᠨᠡᠢ᠌ᠭᠡᠮ᠎ᠳᠤ ᠮᠠᠭᠤ ᠨᠥᠯᠥᠭᠡ ᠦᠵᠡᠭᠦᠯᠦᠭᠰᠡᠨ᠂ ᠥᠪᠡᠷᠲᠡᠭᠡᠨ ᠵᠠᠰᠠᠬᠤ ᠣᠷᠣᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠰᠢᠭᠦᠮᠵᠢᠯᠡᠭᠳᠡᠭᠰᠡᠨ ᠦᠢᠯᠡᠴᠢᠯᠡᠭᠡᠨ᠎ᠤ ᠶᠠᠰᠤ ᠴᠢᠨᠠᠷ᠎ᠤᠨ ᠬᠡᠷᠡᠭ᠎ᠢ ᠵᠢᠭ᠋ᠠᠵᠤ ᠪᠤᠶ᠃

    ᠲᠤᠰ ᠠᠷᠭ᠎ᠠ᠎ᠳᠤ ᠬᠡᠯᠡᠵᠦ ᠪᠠᠢ᠌ᠭ᠎ᠠ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ ᠭᠡᠳᠡᠭ᠎ᠨᠢ ᠠᠵᠤ ᠠᠬᠤᠢ᠌ᠯᠠᠯ᠎ᠳᠤ ᠵᠢᠯᠣᠭᠣᠴᠢ᠎ᠠᠴᠠ ᠠᠳᠠᠯᠢ ᠵᠢᠴᠢ ᠲᠡᠭᠦᠨ᠎ᠠᠴᠠ ᠳᠡᠭᠡᠭᠰᠢᠬᠢ ᠬᠠᠷᠢᠭᠤᠴᠠᠯᠭ᠎ᠠ ᠡᠭᠦᠷᠭᠡᠯᠡᠬᠦ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ᠎ᠢ ᠵᠢᠭ᠋ᠠᠵᠤ ᠪᠤᠶ᠂ ᠡᠨᠳᠡᠯ᠎ᠤᠨ ᠵᠡᠷᠭᠡ ᠳᠡᠰ᠎ᠢ ᠬᠤᠪᠢᠶᠠᠷᠢᠯᠠᠬᠤ᠎ᠳᠤ ᠦᠢ᠍ᠯᠡᠳᠪᠦᠷᠢᠯᠡᠯ᠎ᠤᠨ ᠠᠶᠦᠯᠬᠦᠢ ᠵᠢᠨ ᠬᠠᠷᠢᠭᠤᠴᠠᠯᠭ᠎ᠠ ᠵᠢᠨ ᠡᠨᠳᠡᠯ᠎ᠤᠨ ᠵᠡᠷᠭᠡ ᠳᠡᠰ᠎ᠢ ᠬᠤᠪᠢᠶᠠᠷᠢᠯᠠᠬᠤ ᠪᠠᠷᠢᠮᠵᠢᠶ᠎ᠠ ᠵᠢ ᠬᠡᠷᠡᠭᠯᠡᠨ᠎ᠡ᠃

    ᠭᠤᠷᠪᠠᠳᠤᠭ᠋ᠠᠷ ᠪᠦᠯᠦᠭ  ᠵᠣᠬᠢᠶᠠᠨ ᠪᠠᠢ᠌ᠭᠤᠯᠵᠤ ᠬᠡᠷᠡᠭᠵᠢᠭᠦᠯᠬᠦ

    ᠠᠷᠪᠠᠳᠤᠭ᠋ᠠᠷ ᠵᠦᠢ᠍ᠯ  ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠢ ᠵᠢᠯ ᠪᠦᠷᠢ ᠨᠢᠭᠡ ᠤᠳᠠᠭ᠎ᠠ ᠶᠠᠪᠤᠭᠳᠠᠭᠤᠯᠤᠨ᠎ᠠ᠃ ᠬᠢᠨᠠᠨ ᠰᠢᠯᠭ᠋ᠠᠬᠤ ᠦᠶᠡᠯᠡᠯ᠎ᠨᠢ ᠵᠢᠯ ᠪᠦᠷᠢ ᠵᠢᠨ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠬᠢᠨᠠᠨ ᠰᠢᠯᠭ᠋ᠠᠬᠤ ᠠᠵᠢᠯ᠎ᠢ ᠬᠢᠨᠠᠨ ᠰᠢᠯᠭ᠋ᠠᠬᠤ ᠦᠶᠡᠯᠡᠯ᠎ᠤᠨ ᠳᠠᠷᠠᠭ᠎ᠠ ᠵᠢᠯ᠎ᠤᠨ 1 ᠳ᠋ᠦ᠍ᠭᠡᠷ ᠰᠠᠷ᠎ᠠ᠎ᠠᠴᠠ 5 ᠳ᠋ᠤᠭ᠋ᠠᠷ ᠰᠠᠷ᠎ᠠ ᠪᠣᠯᠲᠠᠯ᠎ᠠ ᠶᠠᠪᠤᠭᠳᠠᠭᠤᠯᠵᠤ᠂ 5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃ ᠵᠢᠯ ᠪᠦᠷᠢ ᠵᠢᠨ 5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠬᠣᠢ᠌ᠰᠢ ᠵᠥᠪᠰᠢᠶᠡᠷᠡᠯ ᠣᠯᠤᠭᠰᠠᠨ ᠠᠵᠤ ᠠᠬᠤᠢ᠌ᠯᠠᠯ᠎ᠤᠨ ᠲᠤᠬᠠᠶ ᠵᠢᠨ ᠵᠢᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠯᠲᠠ᠎ᠳᠤ ᠳᠡᠰ ᠲᠣᠭᠲᠠᠭ᠋ᠠᠬᠤ ᠦᠭᠡᠶ; ᠡᠵᠡᠩᠨᠡᠯᠲᠡ᠎ᠨᠢ 12 ᠰᠠᠷ᠎ᠠ ᠳᠦᠭᠦᠷᠦᠭᠡᠳᠦᠶ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠨᠢ AAA ᠳᠡᠰ ᠵᠶ᠋ᠠᠷ ᠰᠢᠯᠭ᠋ᠠᠷᠠᠭᠤᠯᠤᠭᠳᠠᠬᠤ ᠬᠢᠷᠢ ᠬᠡᠮ ᠦᠭᠡᠶ᠃

    ᠠᠷᠪᠠᠨ ᠨᠢᠭᠡᠳᠦᠭᠡᠷ ᠵᠦᠢ᠍ᠯ  ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠲᠦᠷᠦᠭᠦᠯᠡᠬᠦ ᠰᠠᠯᠠᠭ᠎ᠠ ᠮᠥᠴᠢᠷ᠎ᠢ ᠲᠣᠳᠣᠷᠬᠠᠢ᠌ᠯᠠᠨ᠂ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠵᠤ ᠬᠤᠪᠢ ᠲᠣᠭᠲᠠᠭ᠋ᠠᠬᠤ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠰᠦᠯᠵᠢᠶᠡᠨ ᠳᠡᠭᠡᠷ᠎ᠡ ᠬᠢᠨᠠᠨ ᠪᠠᠢ᠌ᠴᠠᠭ᠋ᠠᠬᠤ᠂ ᠪᠢᠴᠢᠭ ᠵᠶ᠋ᠡᠷ ᠬᠢᠨᠠᠨ ᠪᠠᠢ᠌ᠴᠠᠭ᠋ᠠᠬᠤ᠂ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠬᠤ ᠵᠡᠷᠭᠡ ᠠᠷᠭ᠎ᠠ ᠮᠠᠶᠢᠭ᠎ᠢ ᠶᠡᠷᠦᠩᠬᠡᠢ᠌ᠯᠡᠨ ᠠᠪᠴᠤ ᠪᠠᠢ᠌ᠭ᠋ᠠᠳ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠪᠦᠬᠦ ᠲᠠᠯ᠎ᠠ᠎ᠪᠠᠷ ᠬᠢᠨᠠᠨ ᠰᠢᠯᠭ᠋ᠠᠬᠤ ᠵᠢ ᠪᠡᠶᠡᠯᠡᠭᠦᠯᠬᠦ ᠬᠡᠷᠡᠭᠲᠡᠶ᠃

    ᠠᠷᠪᠠᠨ ᠬᠣᠶᠠᠳᠤᠭ᠋ᠠᠷ ᠵᠦᠢ᠍ᠯ  ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠵᠢᠯ᠎ᠤᠨ ᠳᠤᠮᠳᠠᠬᠢ ᠮᠡᠳᠡᠭᠡ ᠵᠠᠩᠭᠢᠵᠢᠯᠲᠠ ᠵᠢᠨ ᠬᠡᠷᠡᠭᠯᠡᠯᠲᠡ ᠵᠢ ᠴᠢᠬᠤᠯᠠᠴᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ ᠵᠡᠷᠭᠡ ᠮᠡᠳᠡᠭᠡ ᠵᠠᠩᠭᠢ ᠵᠢᠨ ᠰᠢᠰᠲ᠋ᠧᠮ᠎ᠢ ᠭᠦᠢ᠍ᠴᠡᠳ ᠠᠰᠢᠭᠯᠠᠨ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠬᠦ ᠬᠡᠷᠡᠭᠲᠡᠶ᠃

    ᠠᠢ᠌ᠮᠠᠭ ᠬᠣᠲᠠ᠂ ᠬᠣᠰᠢᠭᠤ ᠰᠢᠶᠠᠨ (ᠲᠣᠭᠣᠷᠢᠭ)᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ᠂ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠶᠦᠯᠬᠦᠢ ᠵᠢᠨ ᠲᠦᠭᠰᠢᠭᠦᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠴᠠᠭ ᠲᠤᠬᠠᠶ᠎ᠳᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠳᠤ ᠪᠢᠴᠢᠵᠦ ᠣᠷᠣᠭᠤᠯᠬᠤ ᠪᠤᠶᠤ ᠳᠠᠮᠵᠢᠭᠤᠯᠬᠤ ᠬᠡᠷᠡᠭᠲᠡᠶ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠭᠠᠳᠠᠷ ᠮᠤᠵᠢ (ᠬᠣᠲᠠ᠂ ᠲᠣᠭᠣᠷᠢᠭ)᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠬᠠᠭᠤᠯᠤᠨ ᠮᠡᠳᠡᠭᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠨᠠᠨ ᠬᠠᠷᠭᠤᠭᠤᠯᠤᠭ᠋ᠠᠳ ᠬᠠᠮᠲᠤ᠎ᠳᠤ᠎ᠨᠢ ᠪᠢᠴᠢᠵᠦ ᠣᠷᠣᠭᠤᠯᠬᠤ ᠪᠤᠶᠤ ᠳᠠᠮᠵᠢᠭᠤᠯᠬᠤ ᠬᠡᠷᠡᠭᠲᠡᠶ᠃ 《ᠬᠣᠶᠠᠷ ᠠᠶᠠᠨᠴᠢᠳ᠎ᠤᠨ ᠵᠥᠭᠡᠭᠡᠪᠦᠷᠢ ᠵᠢᠨ ᠲᠡᠷᠭᠡ ᠪᠠ ᠨᠢᠭᠡ ᠠᠶᠤᠯᠲᠤ ᠡᠳ᠋᠎ᠤᠨ ᠲᠡᠭᠡᠭᠡᠪᠦᠷᠢ ᠵᠢᠨ ᠲᠡᠷᠭᠡ》 ᠵᠢ ᠬᠥᠳᠡᠯᠦᠩᠭᠦᠶ ᠬᠢᠨᠠᠨ ᠬᠠᠮᠢᠶᠠᠷᠬᠤ ᠰᠢᠰᠲ᠋ᠧᠮ᠂ ᠵᠠᠮ ᠲᠡᠭᠡᠭᠡᠪᠦᠷᠢ ᠵᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠰᠢᠰᠲ᠋ᠧᠮ ᠵᠡᠷᠭᠡ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠬᠢᠨᠠᠨ ᠰᠢᠯᠭ᠋ᠠᠭᠳᠠᠵᠤ ᠪᠠᠢ᠌ᠭ᠎ᠠ ᠠᠵᠤ ᠠᠬᠤᠢ᠌ᠯᠠᠯ ᠬᠢᠭᠡᠳ ᠲᠡᠷᠭᠡ ᠬᠥᠰᠬᠡ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ᠎ᠢ ᠪᠦᠬᠦ ᠲᠠᠯ᠎ᠠ᠎ᠪᠠᠷ ᠡᠵᠡᠮᠰᠢᠬᠦ ᠵᠢ ᠦᠨᠡᠨᠬᠦ ᠪᠠᠲᠤᠯᠠᠬᠤ ᠬᠡᠷᠡᠭᠲᠡᠶ᠃

    ᠵᠠᠬᠢᠳᠠᠯ ᠰᠤᠷᠪᠤᠯᠵᠢᠯᠠᠯ᠎ᠤᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠂ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ᠂ ᠠᠶᠦᠯᠬᠦᠢ ᠦᠢᠯᠡᠳᠪᠦᠷᠢᠯᠡᠯ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠵᠤ ᠪᠠᠢ᠌ᠴᠠᠭ᠋ᠠᠭᠰᠠᠨ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠰᠢᠰᠲ᠋ᠧᠮ᠎ᠳᠤ ᠪᠢᠴᠢᠵᠦ ᠣᠷᠣᠭᠤᠯᠬᠤ ᠪᠤᠶᠤ ᠳᠠᠮᠵᠢᠭᠤᠯᠬᠤ ᠬᠡᠷᠡᠭᠲᠡᠶ᠃

    ᠠᠷᠪᠠᠨ ᠭᠤᠷᠪᠠᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠂ ᠬᠣᠰᠢᠭᠤ ᠰᠢᠶᠠᠨ (ᠲᠣᠭᠣᠷᠢᠭ) ᠬᠢᠭᠡᠳ ᠠᠢ᠌ᠮᠠᠭ ᠬᠤᠳᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠣᠯᠤᠭᠰᠠᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠢ ᠬᠢᠨᠠᠨ ᠰᠢᠯᠭ᠋ᠠᠭᠰᠠᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠳᠤ ᠪᠢᠴᠢᠵᠦ ᠣᠷᠣᠭᠤᠯᠤᠨ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠡᠯᠧᠺᠲᠷᠣᠨ ᠳᠠᠩᠰᠠ ᠡᠪᠬᠡᠮᠡᠯ᠎ᠲᠤ ᠣᠷᠣᠭᠤᠯᠬᠤ ᠵᠢᠨ ᠵᠡᠷᠭᠡ᠎ᠪᠠᠷ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠴᠠᠭ᠋ᠠᠰᠤᠨ ᠳᠠᠩᠰᠠ ᠡᠪᠬᠡᠮᠡᠯ᠎ᠢ ᠪᠠᠢ᠌ᠭᠤᠯᠵᠤ᠂ ᠳᠠᠩᠰᠠ ᠡᠪᠬᠡᠮᠡᠯ᠎ᠢ 3 ᠵᠢᠯ᠎ᠠᠴᠠ ᠳᠤᠲᠠᠭᠤ ᠦᠭᠡᠢ ᠬᠠᠳᠠᠭ᠋ᠠᠯᠠᠬᠤ ᠬᠡᠷᠡᠭᠲᠡᠢ᠃ ᠰᠢᠨ᠎ᠡ᠎ᠪᠠᠷ ᠨᠡᠮᠡᠭᠳᠡᠭᠰᠡᠨ ᠠᠵᠤ ᠠᠬᠤᠢ᠌ᠯᠠᠯ᠎ᠨᠢ ᠡᠵᠡᠩᠨᠡᠯᠲᠡ ᠵᠢᠨ ᠵᠥᠪᠰᠢᠶᠡᠷᠡᠯ ᠪᠤᠶᠤ ᠳᠠᠩᠰᠠᠯᠠᠭᠤᠯᠤᠭᠰᠠᠨ ᠡᠳᠦᠷ᠎ᠠᠴᠠ ᠡᠬᠢᠯᠡᠨ ᠳᠠᠩᠰᠠ ᠡᠪᠬᠡᠮᠡᠯ ᠪᠠᠢ᠌ᠭᠤᠯᠤᠨ᠎ᠠ᠃ ᠠᠷᠪᠠᠨ ᠳᠥᠷᠪᠡᠳᠦᠭᠡᠷ ᠵᠦᠢ᠍ᠯ ᠠᠵᠤ ᠠᠬᠤᠢ᠌ᠯᠠᠯ᠎ᠤᠨ ᠳᠣᠣᠷ᠎ᠠ᠎ᠪᠠᠨ ᠪᠠᠢ᠌ᠭᠤᠯᠤᠭᠰᠠᠨ ᠬᠤᠪᠢᠶᠠᠷᠢ ᠺᠣᠮᠫᠠᠨᠢ ᠵᠢ ᠶᠡᠷᠦᠩᠬᠡᠶ ᠺᠣᠮᠫᠠᠨᠢ᠎ᠯᠤᠭ᠎ᠠ ᠬᠠᠮᠲᠤᠪᠠᠷ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠯᠲᠠ ᠬᠢᠵᠦ᠂ ᠬᠦᠦ ᠺᠣᠮᠫᠠᠨᠢ ᠵᠢ ᠬᠦᠦ ᠺᠣᠮᠫᠠᠨᠢ ᠵᠢᠨ ᠪᠠᠢ᠌ᠭ᠎ᠠ ᠭᠠᠵᠠᠷ᠎ᠲᠤ᠎ᠨᠢ ᠣᠷᠣᠭᠤᠯᠵᠤ ᠬᠠᠮᠲᠤ᠎ᠳᠤ᠎ᠨᠢ ᠬᠢᠨᠠᠨ ᠰᠢᠯᠭ᠋ᠠᠯᠲᠠ ᠬᠢᠨ᠎ᠡ᠃

    ᠠᠷᠪᠠᠨ ᠳᠥᠷᠪᠡᠳᠦᠭᠡᠷ ᠵᠦᠢ᠍ᠯ  ᠠᠵᠤ ᠠᠬᠤᠢ᠌ᠯᠠᠯ᠎ᠤᠨ ᠳᠣᠣᠷ᠎ᠠ᠎ᠪᠠᠨ ᠪᠠᠢ᠌ᠭᠤᠯᠤᠭᠰᠠᠨ ᠬᠤᠪᠢᠶᠠᠷᠢ ᠺᠣᠮᠫᠠᠨᠢ ᠵᠢ ᠶᠡᠷᠦᠩᠬᠡᠶ ᠺᠣᠮᠫᠠᠨᠢ᠎ᠯᠤᠭ᠎ᠠ ᠬᠠᠮᠲᠤᠪᠠᠷ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠯᠲᠠ ᠬᠢᠵᠦ᠂ ᠬᠦᠦ ᠺᠣᠮᠫᠠᠨᠢ ᠵᠢ ᠬᠦᠦ ᠺᠣᠮᠫᠠᠨᠢ ᠵᠢᠨ ᠪᠠᠢ᠌ᠭ᠎ᠠ ᠭᠠᠵᠠᠷ᠎ᠲᠤ᠎ᠨᠢ ᠣᠷᠣᠭᠤᠯᠵᠤ ᠬᠠᠮᠲᠤ᠎ᠳᠤ᠎ᠨᠢ ᠬᠢᠨᠠᠨ ᠰᠢᠯᠭ᠋ᠠᠯᠲᠠ ᠬᠢᠨ᠎ᠡ᠃

    ᠣᠨᠳᠣᠤ ᠭᠠᠵᠠᠷ᠎ᠲᠤ ᠬᠤᠪᠢᠶᠠᠷᠢ ᠺᠣᠮᠫᠠᠨᠢ ᠪᠠᠢ᠌ᠭᠤᠯᠤᠭᠰᠠᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠮᠠᠲ᠋ᠧᠷᠢᠶᠠᠯ᠎ᠢ ᠬᠤᠪᠢᠶᠠᠷᠢ ᠺᠣᠮᠫᠠᠨᠢ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠡᠵᠡᠮᠳᠡᠭᠰᠡᠨ᠎ᠤ ᠳᠠᠷᠠᠭ᠎ᠠ᠂ ᠶᠡᠷᠦᠩᠬᠡᠶ ᠺᠣᠮᠫᠠᠨᠢ᠎ᠠᠴᠠ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠳᠠᠩᠰᠠ ᠡᠪᠬᠡᠮᠡᠯ᠎ᠢ ᠪᠠᠢ᠌ᠭᠤᠯᠬᠤ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠰᠢᠰᠲ᠋ᠧᠮ᠎ᠳᠤ ᠪᠢᠴᠢᠵᠦ ᠣᠷᠣᠭᠤᠯᠬᠤ ᠪᠤᠶᠤ ᠳᠠᠮᠵᠢᠭᠤᠯᠬᠤ ᠬᠡᠷᠡᠭᠲᠡᠶ᠃

    ᠡᠭᠦᠨ᠎ᠤ ᠬᠠᠮᠲᠤ ᠡᠭᠡᠯᠵᠢ ᠵᠢᠨ ᠱᠤᠭᠤᠮ᠎ᠤᠨ ᠠᠶᠠᠨᠴᠢᠳ᠎ᠤᠨ ᠵᠥᠭᠡᠭᠡᠪᠦᠷᠢ ᠪᠣᠯᠤᠨ ᠲᠡᠷᠭᠡ ᠳᠠᠭ᠋ᠠᠭ᠋ᠠᠴᠢᠯᠠᠨ ᠠᠶᠠᠨᠴᠢᠳ᠎ᠤᠨ ᠵᠥᠭᠡᠭᠡᠪᠦᠷᠢ ᠡᠵᠡᠩᠨᠡᠬᠦ ᠬᠢᠷᠢ ᠬᠡᠮ᠎ᠲᠠᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠂ ᠡᠭᠡᠯᠵᠢ ᠵᠢᠨ ᠱᠤᠭᠤᠮ᠎ᠤᠨ ᠠᠶᠠᠨᠴᠢᠳ᠎ᠤᠨ ᠵᠥᠭᠡᠭᠡᠪᠦᠷᠢ ᠪᠣᠯᠤᠨ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠯᠲᠡ ᠵᠢᠨ ᠪᠠᠢ᠌ᠳᠠᠯ᠎ᠢ ᠨᠡᠢ᠌ᠯᠡᠭᠦᠯᠦᠨ ᠦᠨᠡᠯᠡᠨ ᠵᠢᠱ᠌ᠢᠨ᠎ᠡ᠃

    ᠠᠷᠪᠠᠨ ᠲᠠᠪᠤᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠯᠲᠠ ᠬᠢᠬᠦ᠎ᠳᠤ᠂ ᠳᠣᠣᠷᠠᠬᠢ ᠳᠡᠰ ᠳᠠᠷᠠᠭ᠋ᠠᠯᠠᠯ᠎ᠤᠨ ᠶᠣᠰᠣᠭ᠋ᠠᠷ ᠬᠢᠬᠦ ᠬᠡᠷᠡᠭᠲᠡᠶ᠄

    (ᠨᠢᠭᠡ) ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠨᠢ ᠵᠢᠯ ᠪᠦᠷᠢ ᠵᠢᠨ 2 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ ᠵᠶ᠋ᠡᠷ ᠳᠠᠮᠵᠢᠭᠤᠯᠤᠨ᠂ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠡᠬᠡ ᠳᠠᠩᠰᠠ ᠵᠢ ᠲᠠᠭᠯᠠᠵᠤ᠂ ᠬᠤᠪᠢ ᠲᠣᠭᠲᠠᠭ᠋ᠠᠬᠤ ᠬᠦᠰᠦᠨᠦᠭᠲᠦ᠎ᠲᠠᠢ ᠬᠠᠷᠢᠴᠠᠭᠤᠯᠵᠤ ᠪᠠᠢ᠌ᠭ᠋ᠠᠳ ᠰᠦᠯᠵᠢᠶᠡᠨ ᠳᠡᠭᠡᠷ᠎ᠡ ᠥᠪᠡᠰᠦᠪᠡᠨ ᠦᠨᠡᠯᠡᠬᠦ ᠵᠢᠨ ᠬᠠᠮᠲᠤ ᠬᠣᠯᠪᠣᠭᠳᠠᠯ ᠪᠦᠬᠦᠢ ᠭᠡᠷᠡᠴᠢᠯᠡᠯ᠎ᠤᠨ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠬᠡᠷᠡᠭᠲᠡᠶ᠃

    (ᠬᠣᠶᠠᠷ) ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠢᠯ ᠪᠦᠷᠢ ᠵᠢᠨ 4 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠠᠷᠢᠶ᠎ᠠ ᠣᠷᠣᠨ᠎ᠤ᠎ᠪᠠᠨ ᠳᠣᠲᠣᠷᠠᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠬᠤ ᠵᠢ ᠪᠡᠶᠡᠯᠡᠭᠦᠯᠬᠦ ᠵᠢᠨ ᠬᠠᠮᠲᠤ᠂ ᠲᠤᠬᠠᠶ ᠵᠢᠨ ᠭᠠᠵᠠᠷ᠎ᠤᠨ ᠭᠣᠤᠯ ᠪᠣᠯᠬᠤ ᠰᠣᠨᠢᠨ ᠮᠡᠳᠡᠭᠡᠨ᠎ᠤ ᠵᠠᠭᠤᠴᠢᠯᠠᠭᠤᠷ ᠪᠤᠶᠤ ᠲᠤᠰ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ ᠦᠨᠡᠯᠡᠭᠰᠡᠨ ᠦᠷ᠎ᠡ ᠳ᠋ᠦᠩ᠎ᠢ 15 ᠡᠳᠦᠷ᠎ᠠᠴᠠ ᠳᠤᠲᠠᠭᠤ ᠦᠭᠡᠢ ᠵᠠᠷᠯᠠᠨ ᠨᠡᠢ᠌ᠲᠡᠯᠡᠨ᠎ᠡ᠃

     (ᠭᠤᠷᠪᠠ) ᠬᠢᠨᠠᠨ ᠰᠢᠯᠭ᠋ᠠᠭᠰᠠᠨ ᠠᠵᠤ ᠠᠬᠤᠢ᠌ᠯᠠᠯ ᠪᠤᠶᠤ ᠪᠤᠰᠤᠳ ᠨᠢᠭᠡᠴᠢ᠂ ᠬᠤᠪᠢ ᠬᠥᠮᠦᠨ᠎ᠨᠢ ᠨᠡᠢ᠌ᠲᠡ᠎ᠳᠤ ᠵᠠᠷᠯᠠᠭᠰᠠᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠣᠯ ᠨᠡᠢ᠌ᠲᠡ᠎ᠳᠤ ᠵᠠᠷᠯᠠᠬᠤ ᠬᠤᠭᠤᠴᠠᠭ᠋ᠠᠨ᠎ᠳᠤ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠢᠴᠢᠭ ᠵᠶ᠋ᠡᠷ ᠭᠣᠮᠣᠳᠠᠯ ᠲᠣᠭ᠋ᠠᠴᠢᠬᠤ ᠪᠤᠶᠤ ᠢᠯᠡᠴᠢᠯᠡᠨ ᠮᠡᠳᠡᠭᠦᠯᠵᠦ ᠪᠣᠯᠤᠨ᠎ᠠ᠃

    ᠢᠯᠡᠴᠢᠯᠡᠨ ᠮᠡᠳᠡᠭᠦᠯᠦᠭᠰᠡᠨ ᠨᠢᠭᠡᠴᠢ ᠪᠤᠶᠤ ᠬᠤᠪᠢ ᠬᠥᠮᠦᠨ᠎ᠨᠢ ᠨᠢᠭᠡᠴᠢ ᠵᠢᠨ ᠲᠠᠮᠠᠭ᠎ᠠ᠎ᠪᠠᠨ ᠳᠠᠷᠤᠬᠤ ᠪᠤᠶᠤ ᠣᠪᠣᠭ ᠨᠡᠷ᠎ᠡ᠎ᠪᠠᠨ ᠦᠨᠡᠨ ᠪᠣᠳᠠᠲᠠᠶ᠎ᠪᠠᠷ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠠᠨ ᠳᠠᠭ᠋ᠠᠯᠳᠤᠭᠤᠯᠬᠤ ᠬᠡᠷᠡᠭᠲᠡᠶ᠂ ᠲᠡᠢ᠌ᠮᠦ ᠪᠢᠰᠢ ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠶ᠃

    ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠢᠯᠡᠴᠢᠯᠡᠨ ᠮᠡᠳᠡᠭᠦᠯᠦᠭᠴᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠂ ᠪᠤᠰᠤᠳ ᠨᠢᠭᠡᠴᠢ ᠪᠤᠶᠤ ᠬᠤᠪᠢ ᠬᠥᠮᠦᠨ᠎ᠳᠤ ᠢᠯᠡᠴᠢᠯᠡᠨ ᠮᠡᠳᠡᠭᠦᠯᠦᠭᠴᠢ ᠵᠢᠨ ᠨᠢᠭᠡᠴᠢ ᠵᠢᠨ ᠨᠡᠷᠡᠢ᠌ᠳᠦᠯ᠂ ᠣᠪᠣᠭ ᠨᠡᠷ᠎ᠡ ᠬᠢᠭᠡᠳ ᠬᠣᠯᠪᠣᠭᠳᠠᠯ ᠪᠦᠬᠦᠢ ᠪᠠᠢ᠌ᠳᠠᠯ᠎ᠢ ᠵᠠᠳᠠᠷᠠᠭᠤᠯᠵᠤ ᠪᠣᠯᠬᠤ ᠦᠭᠡᠶ᠃

    (ᠳᠥᠷᠪᠡ) ᠨᠡᠢ᠌ᠲᠡ᠎ᠳᠤ ᠵᠠᠷᠯᠠᠵᠤ ᠳᠠᠭᠤᠰᠤᠭᠰᠠᠨ᠎ᠤ ᠳᠠᠷᠠᠭ᠎ᠠ᠂ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠵᠤ ᠠᠬᠤᠢ᠌ᠯᠠᠯ᠎ᠤᠨ ᠭᠣᠮᠣᠳᠠᠯ ᠲᠣᠭ᠋ᠠᠴᠢᠭᠰᠠᠨ ᠪᠠ ᠨᠡᠢ᠌ᠭᠡᠮ᠎ᠤᠨ ᠲᠤᠰᠬᠠᠭᠰᠠᠨ ᠪᠠᠢ᠌ᠳᠠᠯ᠎ᠳᠤ ᠪᠠᠢ᠌ᠴᠠᠭ᠋ᠠᠯᠲᠠ ᠬᠢᠵᠦ ᠬᠢᠨᠠᠨ ᠬᠠᠷᠭᠤᠭᠤᠯᠬᠤ ᠵᠢᠨ ᠬᠠᠮᠲᠤ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠵᠠᠯᠠᠷᠠᠭᠤᠯᠬᠤ ᠪᠤᠶᠤ ᠵᠠᠯᠠᠷᠠᠭᠤᠯᠬᠤ ᠦᠭᠡᠶ ᠭᠡᠰᠡᠨ ᠪᠢᠴᠢᠭ᠎ᠤᠨ ᠬᠠᠷᠢᠭᠤᠯᠲᠠ ᠥᠭᠴᠦ᠂ ᠡᠯ᠎ᠡ ᠵᠦᠢ᠍ᠯ᠎ᠤᠨ ᠭᠦᠢ᠍ᠴᠡᠳᠬᠡᠬᠦ ᠲᠣᠭ᠎ᠠ ᠵᠢᠨ ᠬᠠᠮᠤᠭ ᠡᠴᠦᠰ᠎ᠤᠨ ᠬᠢᠨᠠᠨ ᠰᠢᠯᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠳᠡᠰ᠎ᠲᠤ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ ᠬᠢᠨᠠᠨ ᠰᠢᠯᠭ᠋ᠠᠭᠰᠠᠨ ᠪᠠᠢ᠌ᠳᠠᠯ᠎ᠤᠨ ᠮᠡᠳᠡᠭᠦᠯᠦᠯᠲᠡ (ᠬᠡᠪ᠎ᠢ ᠳᠠᠭ᠋ᠠᠯᠳᠤᠭᠤᠯᠤᠯ 3᠎ᠳᠤ ᠦᠵᠡ) ᠪᠠ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠤᠷᠢᠶᠠᠩᠭᠤᠢ᠌ᠯᠠᠭᠰᠠᠨ ᠬᠦᠰᠦᠨᠦᠭᠲᠦ》 (ᠳᠠᠭ᠋ᠠᠯᠳᠤᠭᠤᠯᠤᠯ 4) ᠵᠢ 5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠮᠡᠳᠡᠭᠦᠯᠦᠨ ᠬᠦᠷᠭᠡᠨ᠎ᠡ᠃

    ᠠᠷᠪᠠᠨ ᠵᠢᠷᠭᠤᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠲᠤᠰ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ ᠲᠦᠷᠦᠭᠦᠦ ᠨᠢᠭᠡ ᠵᠢᠯ᠎ᠤᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠮᠵᠢ ᠵᠢᠨ ᠬᠢᠨᠠᠨ ᠰᠢᠯᠭ᠋ᠠᠭᠰᠠᠨ ᠦᠷ᠎ᠡ ᠳ᠋ᠦᠩ᠎ᠢ ᠨᠡᠢ᠌ᠲᠡᠯᠡᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠥᠩᠭᠡᠷᠡᠭᠰᠡᠨ ᠵᠢᠯ᠎ᠤᠳ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠳᠡᠰ᠎ᠢ ᠪᠠᠢ᠌ᠴᠠᠭ᠋ᠠᠨ ᠯᠠᠪᠯᠠᠬᠤ᠎ᠳᠤ ᠳᠥᠭᠥᠮ ᠦᠵᠡᠭᠦᠯᠦᠨ᠎ᠡ᠃

    ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠡᠳᠡᠭᠦᠯᠦᠨ ᠬᠦᠷᠭᠡᠭᠰᠡᠨ ᠬᠢᠨᠠᠨ ᠰᠢᠯᠭ᠋ᠠᠭᠰᠠᠨ ᠦᠷ᠎ᠡ ᠳ᠋ᠦᠩ᠎ᠢ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠵᠤ᠂ ᠱᠠᠭ᠋ᠠᠷᠳᠠᠯᠭ᠎ᠠ᠎ᠳᠤ ᠨᠡᠢ᠌ᠴᠡᠬᠦ ᠥᠬᠡᠶ ᠪᠠᠢ᠌ᠳᠠᠯ᠎ᠢ ᠣᠯᠵᠤ ᠮᠡᠳᠡᠪᠡᠯ ᠮᠡᠳᠡᠭᠡᠯᠡᠬᠦ ᠬᠡᠷᠡᠭᠲᠡᠢ᠃

    ᠠᠷᠪᠠᠨ ᠳᠣᠯᠣᠳᠤᠭ᠋ᠠᠷ ᠵᠦᠢ᠍ᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠳᠡᠰ᠎ᠢ ᠲᠡᠭᠡᠭᠡᠪᠦᠷᠢ ᠵᠢᠨ ᠠᠵᠤ ᠠᠬᠤᠢ᠌ᠯᠠᠯ᠎ᠤᠨ 《ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》 (ᠬᠠᠭᠤᠯᠪᠤᠷᠢ ᠳᠡᠪᠲᠡᠷ)᠎ᠤᠨ 《ᠪᠠᠢ᠌ᠴᠠᠭ᠋ᠠᠬᠤ (ᠬᠢᠨᠠᠨ ᠰᠢᠯᠭ᠋ᠠᠬᠤ) ᠲᠡᠮᠳᠡᠭᠯᠡᠯ》᠎ᠤᠨ ᠪᠤᠯᠤᠩ᠎ᠲᠤ ᠲᠡᠮᠳᠡᠭᠯᠡᠬᠦ ᠵᠢᠨ ᠬᠠᠮᠲᠤ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠳᠡᠰ᠎ᠤᠨ ᠲᠤᠰᠬᠠᠢ ᠲᠠᠮᠠᠭ᠎ᠠ (ᠶᠠᠩᠵᠤ ᠵᠢ ᠳᠠᠭ᠋ᠠᠯᠳᠤᠭᠤᠯᠤᠯ 2᠎ᠲᠤ ᠦᠵᠡ) ᠵᠢ ᠳᠠᠷᠤᠬᠤ ᠵᠢᠨ ᠵᠡᠷᠭᠡᠴᠡᠪᠡᠷ ᠡᠯᠧᠺᠲᠷᠣᠨ ᠦᠨᠡᠮᠯᠡᠯ ᠪᠣᠯᠤᠨ ᠲᠡᠭᠡᠭᠡᠪᠦᠷᠢ ᠵᠢᠨ ᠵᠠᠰᠠᠭ᠎ᠤᠨ ᠰᠢᠰᠲ᠋ᠧᠮ᠎ᠲᠤ ᠬᠢᠨᠠᠨ ᠰᠢᠯᠭ᠋ᠠᠭᠰᠠᠨ ᠳᠡᠰ᠎ᠢ ᠲᠣᠳᠣᠷᠬᠠᠢ᠌ᠯᠠᠬᠤ ᠬᠡᠷᠡᠭᠲᠡᠢ᠃

    ᠳᠥᠷᠪᠡᠳᠦᠭᠡᠷ ᠪᠦᠯᠦᠭ  ᠦᠷ᠎ᠡ ᠳ᠋ᠦᠩ᠎ᠤᠨ ᠬᠡᠷᠡᠭᠯᠡᠯᠲᠡ

    ᠠᠷᠪᠠᠨ ᠨᠠᠢᠮᠠᠳᠤᠭ᠋ᠠᠷ ᠵᠦᠢ᠍ᠯ  ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ᠎ᠪᠠᠨ ᠴᠢᠩᠭ᠋ᠠᠷᠠᠭᠤᠯᠵᠤ᠂ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠠᠷᠭ᠎ᠠ ᠮᠠᠶᠢᠭ᠂ ᠪᠠᠢ᠌ᠴᠠᠭ᠋ᠠᠯᠲᠠ ᠵᠢᠨ ᠳᠠᠪᠲᠠᠮᠵᠢ ᠤᠳᠠᠭ᠎ᠠ᠎ᠪᠠᠨ ᠰᠢᠯᠢᠳᠡᠭᠵᠢᠭᠦᠯᠵᠦ᠂ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠳᠤ ᠵᠦᠷᠢᠶᠡᠴᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃

    ᠠᠷᠪᠠ ᠶᠢᠰᠦᠳᠦᠭᠡᠷ ᠵᠦᠢ᠍ᠯ  ᠬᠢᠨᠠᠨ ᠰᠢᠯᠭ᠋ᠠᠭᠰᠠᠨ ᠳᠡᠰ᠎ᠨᠢ 《AAA》 ᠳᠡᠰ᠎ᠲᠤ ᠬᠦᠷᠦᠭᠰᠡᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠲᠡᠭᠡᠭᠡᠪᠦᠷᠢᠯᠡᠬᠦ ᠴᠢᠳᠠᠪᠤᠷᠢ ᠵᠢ ᠬᠥᠭᠵᠢᠭᠦᠯᠬᠦ᠂ ᠬᠥᠬᠢᠭᠦᠯᠦᠨ ᠱᠠᠩᠨᠠᠬᠤ᠂ ᠲᠡᠷᠢᠭᠦᠨ᠎ᠤ᠎ᠬᠢ ᠵᠢ ᠰᠢᠯᠭ᠋ᠠᠷᠠᠭᠤᠯᠬᠤ ᠰᠢᠯᠢᠳᠡᠭ᠎ᠢ ᠰᠢᠯᠭ᠋ᠠᠷᠠᠭᠤᠯᠬᠤ᠂ ᠳᠦᠷᠦᠯ ᠳᠡᠮᠳᠡᠭ ᠡᠭᠦᠳᠦᠨ ᠪᠠᠢ᠌ᠭᠤᠯᠬᠤ᠂ ᠲᠤᠷᠰᠢᠯᠲᠠ ᠵᠢᠨ ᠴᠡᠭ᠎ᠤᠨ ᠳᠦᠷᠦᠯ ᠵᠦᠢ᠍ᠯ᠎ᠳᠤ ᠣᠷᠣᠯᠴᠠᠬᠤ᠎ᠳᠤ ᠤᠷᠢᠳ ᠵᠶ᠋ᠠᠷ ᠪᠤᠳᠤᠯᠬᠢᠯᠠᠨ᠎ᠠ᠃

    ᠬᠣᠷᠢᠳᠤᠭ᠋ᠠᠷ ᠵᠦᠢ᠍ᠯ  ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠳᠡᠭᠡ ᠲᠣᠰᠬᠣᠨ᠎ᠤ ᠠᠶᠠᠨᠴᠢᠳ᠎ᠤᠨ ᠵᠥᠭᠡᠭᠡᠪᠦᠷᠢ ᠵᠢᠨ ᠨᠥᠬᠥᠪᠥᠷᠢ ᠪᠡᠯᠡ ᠮᠥᠩᠭᠥ ᠵᠡᠷᠭᠡ ᠵᠢ ᠣᠯᠭᠣᠬᠤ᠎ᠳᠤ᠂ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠦᠷ᠎ᠡ ᠳ᠋ᠦᠩ ᠵᠶ᠋ᠡᠷ ᠯᠠᠪᠯᠠᠯᠲᠠ ᠪᠣᠯᠭ᠋ᠠᠵᠤ᠂ ᠬᠢᠨᠠᠨ ᠰᠢᠯᠭ᠋ᠠᠭᠰᠠᠨ ᠳᠡᠰ᠎ᠨᠢ AAA ᠪᠣᠯᠬᠤ ᠠᠵᠤ ᠠᠬᠤᠢ᠌ᠯᠠᠯ᠎ᠳᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠵᠣᠬᠢᠰᠲᠠᠶ ᠪᠡᠯᠡ ᠮᠥᠩᠭᠥ ᠵᠢᠨ ᠱᠠᠩᠨᠠᠯ ᠣᠯᠭᠣᠨ᠎ᠠ᠃

    ᠬᠣᠷᠢᠨ ᠨᠢᠭᠡᠳᠦᠭᠡᠷ ᠵᠦᠢ᠍ᠯ  ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠡᠵᠡᠩᠨᠡᠯᠲᠡ ᠵᠢᠨ ᠡᠷᠬᠡ ᠵᠢᠨ ᠵᠥᠪᠰᠢᠶᠡᠷᠡᠯ ᠪᠤᠶᠤ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ ᠵᠢᠨ ᠬᠡᠪᠴᠢᠶ᠎ᠡ᠎ᠪᠠᠨ ᠥᠷᠭᠡᠳᠬᠡᠨ ᠡᠵᠡᠩᠨᠡᠬᠦ ᠪᠠ ᠰᠢᠨ᠎ᠡ᠎ᠪᠠᠷ ᠨᠡᠮᠡᠭᠳᠡᠭᠦᠯᠬᠦ ᠲᠡᠭᠡᠭᠡᠪᠦᠷᠢ ᠵᠢᠨ ᠬᠦᠴᠦᠨ᠎ᠢ ᠬᠡᠷᠡᠭᠵᠢᠭᠦᠯᠬᠦ ᠦᠶ᠎ᠡ᠎ᠳᠤ᠂ ᠠᠳᠠᠯᠢ ᠨᠥᠬᠥᠴᠡᠯ᠎ᠤᠨ ᠳᠣᠣᠷ᠎ᠠ᠂ ᠳᠡᠭᠡᠷ᠎ᠡ ᠨᠢᠭᠡ ᠵᠢᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠭᠰᠠᠨ ᠳᠡᠰ᠎ᠨᠢ ᠥᠨᠳᠥᠷ ᠠᠵᠤ ᠠᠬᠤᠢ᠌ᠯᠠᠯ᠎ᠢ ᠤᠷᠢᠳ ᠵᠶ᠋ᠠᠷ ᠪᠤᠳᠤᠯᠬᠢᠯᠠᠨ᠎ᠠ; ᠳᠡᠭᠡᠷ᠎ᠡ ᠨᠢᠭᠡ ᠵᠢᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠳᠡᠰ᠎ᠨᠢ ᠠᠳᠠᠯᠢ ᠪᠠᠢ᠌ᠪᠠᠯ᠂ ᠳᠡᠭᠡᠷ᠎ᠡ ᠨᠢᠭᠡ ᠵᠢᠯ᠎ᠠᠴᠠ ᠡᠮᠦᠨᠡᠬᠢ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠭᠰᠠᠨ ᠳᠡᠰ᠎ᠢ ᠵᠢᠯ ᠳᠠᠷᠠᠭ᠋ᠠᠯᠠᠨ ᠠᠳᠠᠯᠢᠳᠬᠠᠨ᠎ᠠ᠃

    ᠬᠣᠷᠢᠨ ᠬᠣᠶᠠᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ (ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠲᠠᠢ ᠬᠦᠦ ᠺᠣᠮᠫᠠᠨᠢ ᠪᠠᠭᠲᠠᠨ᠎ᠠ)᠎ᠤᠨ ᠳᠡᠭᠡᠷ᠎ᠡ ᠨᠢᠭᠡ ᠵᠢᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢᠨ ᠬᠢᠨᠠᠨ ᠰᠢᠯᠭ᠋ᠠᠭᠰᠠᠨ ᠳᠡᠰ᠎ᠨᠢ B ᠳᠡᠰ ᠪᠤᠶᠤ ᠳᠡᠭᠡᠷ᠎ᠡ ᠬᠣᠶᠠᠷ ᠵᠢᠯ ᠦᠷᠭᠦᠯᠵᠢᠯᠡᠨ ᠬᠢᠨᠠᠨ ᠰᠢᠯᠭ᠋ᠠᠭᠰᠠᠨ᠎ᠨᠢ A ᠳᠡᠰ ᠪᠣᠯᠬᠤ᠎ᠳᠤ ᠬᠦᠷᠪᠡᠯ᠂ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠃ ᠠᠶᠠᠨᠴᠢᠳ᠎ᠤᠨ ᠵᠥᠭᠡᠭᠡᠪᠦᠷᠢ ᠵᠢᠨ ᠲᠡᠷᠭᠡ ᠳᠠᠭ᠋ᠠᠭ᠋ᠠᠴᠢᠯᠠᠭᠰᠠᠨ ᠠᠵᠤ ᠠᠬᠤᠢ᠌ᠯᠠᠯ᠎ᠤᠨ ᠴᠡᠭᠴᠡᠯᠡᠨ ᠰᠠᠢ᠌ᠵᠢᠷᠠᠭᠤᠯᠬᠤ ᠬᠤᠭᠤᠴᠠᠭ᠋ᠠᠨ᠎ᠳᠤ ᠲᠡᠭᠦᠨ᠎ᠤ ᠲᠡᠷᠭᠡ ᠳᠠᠭ᠋ᠠᠭ᠋ᠠᠴᠢᠯᠠᠭᠰᠠᠨ ᠲᠡᠮᠳᠡᠭ ᠫᠠᠢ᠌ᠰᠠ ᠵᠢ ᠳᠠᠩᠰᠠᠯᠠᠭᠤᠯᠬᠤ ᠭᠤᠶᠤᠴᠢᠯᠠᠯ᠎ᠢ ᠲᠦᠷ ᠵᠣᠭᠰᠣᠭ᠋ᠠᠨ᠎ᠠ᠃ ᠴᠡᠭᠴᠡᠯᠡᠨ ᠰᠠᠢ᠌ᠵᠢᠷᠠᠭᠤᠯᠵᠤ ᠳᠠᠭᠤᠰᠤᠭᠰᠠᠨ᠎ᠤ ᠳᠠᠷᠠᠭ᠎ᠠ᠂ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ ᠵᠶ᠋ᠠᠨ ᠰᠢᠯᠭ᠋ᠠᠨ ᠬᠤᠷᠢᠶᠠᠵᠤ᠂ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠬᠠᠭᠤᠯᠤᠨ ᠮᠡᠳᠡᠭᠦᠯᠬᠦ ᠬᠡᠷᠡᠭᠲᠡᠶ᠃ ᠴᠡᠭᠴᠡᠯᠡᠨ ᠰᠠᠢ᠌ᠵᠢᠷᠠᠭᠤᠯᠤᠭᠰᠠᠨ᠎ᠨᠢ ᠬᠢᠷᠢ ᠲᠡᠩᠴᠡᠬᠦ ᠦᠭᠡᠶ ᠪᠥᠭᠡᠳ ᠠᠶᠦᠯᠬᠦᠢ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠦᠭᠡᠳᠦᠶ ᠪᠣᠯ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠵᠠᠭᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠠᠷᠠᠭ᠋ᠠᠯᠵᠠᠭᠰᠠᠨ ᠵᠥᠪᠰᠢᠶᠡᠷᠡᠯ᠎ᠢ᠎ᠨᠢ ᠬᠤᠷᠢᠶᠠᠨ ᠠᠪᠴᠤ ᠬᠦᠴᠦᠨ ᠦᠭᠡᠶ ᠪᠣᠯᠭ᠋ᠠᠨ᠎ᠠ᠃

    ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠳᠡᠰ᠎ᠤᠨ ᠲᠤᠰ ᠵᠢᠯ᠎ᠨᠢ B ᠳᠡᠰ ᠪᠣᠯᠬᠤ ᠪᠠᠢ᠌ᠳᠠᠯ᠎ᠳᠤ ᠴᠢᠭᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠭᠦᠨ᠎ᠤ 20% ᠵᠢᠴᠢ ᠲᠡᠭᠦᠨ᠎ᠠᠴᠠ ᠳᠡᠭᠡᠭᠰᠢᠬᠢ ᠲᠡᠷᠭᠡ ᠳᠠᠭ᠋ᠠᠭ᠋ᠠᠴᠢᠯᠠᠭᠰᠠᠨ ᠲᠡᠮᠳᠡᠭ ᠫᠠᠢ᠌ᠰᠠ ᠵᠢ ᠳᠠᠩᠰᠠᠯᠠᠭᠤᠯᠬᠤ ᠭᠤᠶᠤᠴᠢᠯᠠᠯ᠎ᠢ᠎ᠨᠢ ᠬᠢᠨᠠᠨ ᠬᠠᠰᠤᠵᠤ᠂ ᠬᠢᠨᠠᠨ ᠰᠢᠯᠭ᠋ᠠᠬᠤ᠎ᠨᠢ A ᠳᠡᠰ ᠵᠢᠴᠢ ᠲᠡᠭᠦᠨ᠎ᠠᠴᠠ ᠳᠡᠭᠡᠭᠰᠢᠬᠢ ᠪᠣᠯᠬᠤ ᠦᠶᠡᠰ ᠰᠡᠷᠭᠦᠭᠡᠨ᠎ᠡ᠃

    ᠬᠣᠷᠢᠨ ᠭᠤᠷᠪᠠᠳᠤᠭ᠋ᠠᠷ ᠵᠦᠢ᠍ᠯ  ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠦᠷ᠎ᠡ ᠳ᠋ᠦᠩ᠎ᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠢᠲᠡᠭᠡᠯ ᠬᠦᠨᠳᠦ ᠵᠢ ᠵᠢᠷᠤᠮᠯᠠᠵᠤ ᠤᠷᠮᠠᠰᠢᠭᠤᠯᠬᠤ ᠡᠲᠡᠭᠡᠳ ᠬᠢᠭᠡᠳ ᠢᠲᠡᠭᠡᠯ ᠵᠶ᠋ᠠᠨ ᠠᠯᠳᠠᠭᠰᠠᠨ᠎ᠢ ᠵᠠᠯᠬᠠᠭ᠋ᠠᠨ ᠴᠡᠭᠡᠷᠯᠡᠭᠦᠯᠬᠦ ᠡᠲᠡᠭᠡᠳ ᠵᠶ᠋ᠠᠷ ᠮᠠᠭ᠋ᠠᠳᠯᠠᠨ ᠲᠣᠭᠲᠠᠭ᠋ᠠᠬᠤ ᠲᠣᠭ᠎ᠠ ᠪᠠᠷᠢᠮᠲᠠ ᠵᠢᠨ ᠢᠷᠡᠯᠳᠡ ᠪᠣᠯᠭ᠋ᠠᠵᠤ ᠪᠣᠯᠤᠨ᠎ᠠ᠃

    ᠲᠠᠪᠤᠳᠤᠭ᠋ᠠᠷ ᠪᠦᠯᠦᠭ  ᠳᠠᠭ᠋ᠠᠯᠳᠤᠭᠤᠯᠤᠭᠰᠠᠨ ᠲᠤᠢ᠍ᠷᠢᠮ

    ᠬᠣᠷᠢᠨ ᠳᠥᠷᠪᠡᠳᠦᠭᠡᠷ ᠵᠦᠢ᠍ᠯ  ᠬᠤᠪᠢ ᠵᠢᠨ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠯᠲᠡ ᠵᠢᠨ ᠡᠷᠦᠬᠡ ᠵᠢᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ᠎ᠳᠤ ᠲᠤᠰ ᠠᠷᠭ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃

    ᠬᠣᠷᠢᠨ ᠲᠠᠪᠤᠳᠤᠭ᠋ᠠᠷ ᠵᠦᠢ᠍ᠯ  ᠲᠤᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

    ᠬᠣᠷᠢᠨ ᠵᠢᠷᠭᠤᠳᠤᠭ᠋ᠠᠷ ᠵᠦᠢ᠍ᠯ  ᠲᠤᠰ ᠠᠷᠭ᠎ᠠ ᠵᠢᠨ ᠨᠠᠷᠢᠨ ᠳᠦᠷᠢᠮ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

    ᠳᠠᠭ᠋ᠠᠯᠳᠤᠭᠤᠯᠤᠯ᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠵᠤ ᠬᠤᠪᠢ ᠲᠣᠭᠲᠠᠭ᠋ᠠᠬᠤ ᠬᠦᠰᠦᠨᠦᠭᠲᠦ᠂ docx

    2. ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠵᠤ ᠳᠠᠩᠰᠠᠯᠠᠬᠤ ᠲᠤᠰᠬᠠᠶ ᠲᠠᠮᠠᠭ᠎ᠠ ᠵᠢᠨ ᠶᠠᠩᠵᠤ ᠬᠡᠯᠪᠡᠷᠢ᠂ docx

    3. ᠮᠡᠳᠡᠭᠦᠯᠦᠯᠲᠡ ᠵᠢᠨ ᠵᠠᠭᠪᠤᠷ᠂ docx

    4. ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠤᠷᠢᠶᠠᠩᠭᠤᠶ ᠬᠦᠰᠦᠨᠦᠭᠲᠦ᠂ docx

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            