ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠣᠷᠣᠰᠢᠵᠤ ᠪᠠᠢ᠌ᠭ᠎ᠠ ᠳᠣᠪᠣᠢ᠌ᠮ᠎ᠠ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ
ᠨᠡᠶ᠋ᠢᠲᠡᠯᠡᠭᠰᠡᠨ ᠴᠠᠭ᠄ 2025-11-12

ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠣᠷᠣᠰᠢᠵᠤ ᠪᠠᠢ᠌ᠭ᠎ᠠ ᠳᠣᠪᠣᠢ᠌ᠮ᠎ᠠ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯ᠎ᠤᠨ ᠲᠥᠰᠦᠯ》 (ᠵᠠᠮ ᠠᠯᠪᠠᠨ ᠠᠶᠤᠯᠭᠦᠢ ᠬᠢᠨᠠᠯᠲᠠ [2025] 23 ᠲᠣᠭ᠋ᠠᠲᠤ)᠎ᠤᠨ ᠲᠣᠬᠢᠷᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠣᠷᠣᠰᠢᠵᠤ ᠪᠠᠢ᠌ᠭ᠎ᠠ ᠳᠣᠪᠣᠢ᠌ᠮ᠎ᠠ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠡᠳᠦᠭᠡ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠭᠰᠠᠨ ᠨᠡᠢ᠌ᠲᠡᠯᠢᠭ ᠬᠡᠷᠡᠭ᠎ᠢ ᠨᠡᠢ᠌ᠲᠡᠯᠡᠪᠡ᠄

ᠨᠢᠭᠡ᠂ ᠬᠡᠷᠡᠭ᠎ᠤᠨ ᠵᠢᠱ᠌ᠢᠶ᠎ᠡ ᠵᠢᠨ ᠨᠡᠷᠡᠢ᠌ᠳᠦᠯ

ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠬᠠᠷᠠᠭ᠋ᠠᠯᠵᠠᠭᠰᠠᠨ ᠬᠢᠷᠢ ᠬᠡᠮ ᠣᠯᠤᠭᠰᠠᠨ ᠦᠭᠡᠶ᠎ᠪᠠᠷ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ ᠬᠡᠷᠡᠭ

ᠬᠣᠶᠠᠷ᠂ ᠦᠨᠳᠦᠰᠦᠨ ᠪᠠᠢ᠌ᠳᠠᠯ

2025 ᠣᠨ᠎ᠤ 9 ᠳ᠋ᠦ᠍ᠭᠡᠷ ᠰᠠᠷ᠎ᠠ ᠵᠢᠨ 4᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠨᠢᠭᠡᠳᠦᠭᠡᠷ ᠰᠠᠯᠪᠤᠷᠢ ᠠᠩᠭᠢ᠎ᠠᠴᠠ ᠤᠯᠤᠰ᠎ᠤᠨ ᠵᠠᠮ᠎ᠤᠨ 110 ᠱᠤᠭᠤᠮ᠎ᠤᠨ ᠪᠢᠴᠢᠭᠡᠴᠢ᠎ᠠᠴᠠ ᠰᠢᠷᠡᠭᠡᠴᠢ ᠬᠥᠷᠬᠥ ᠵᠠᠰᠠᠮᠠᠯ ᠵᠠᠮ᠎ᠤᠨ ᠲᠥᠷᠥᠯ ᠵᠦᠢᠯ᠎ᠤᠨ (ᠬᠣᠶᠠᠳᠤᠭ᠋ᠠᠷ ᠬᠤᠭᠤᠴᠠᠭ᠎ᠠ) ᠪᠠᠷᠢᠯᠭ᠎ᠠ ᠵᠢᠨ ᠬᠣᠶᠠᠳᠤᠭ᠋ᠠᠷ ᠰᠠᠯᠪᠤᠷᠢ ᠬᠡᠯᠲᠡᠰ᠎ᠢ (ᠥᠪᠥᠷ ᠮᠣᠩᠭᠣᠯ᠎ᠤᠨ ᠵᠠᠮ ᠬᠥᠭᠥᠷᠭᠡ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ) ᠪᠠᠢ᠌ᠴᠠᠭ᠋ᠠᠬᠤ ᠶᠠᠪᠤᠴᠠ᠎ᠳᠤ ᠣᠯᠵᠤ ᠮᠡᠳᠡᠭᠰᠡᠨ᠎ᠨᠢ᠂ ᠬᠣᠶᠠᠳᠤᠭ᠋ᠠᠷ ᠰᠠᠯᠪᠤᠷᠢ ᠬᠡᠯᠲᠡᠰ᠎ᠤᠨ ᠪᠠᠷᠢᠯᠭ᠎ᠠ ᠵᠢᠨ ᠭᠠᠵᠠᠷ᠎ᠤᠨ ᠲᠦᠷ ᠴᠠᠭ᠎ᠤᠨ ᠲᠤᠷᠰᠢᠯᠲᠠ ᠵᠢᠨ ᠲᠠᠰᠤᠭ᠎ᠤᠨ ᠳ᠋ᠦ᠋ ᠣᠪᠣᠭᠲᠤ᠂ ᠵᠠᠩ ᠣᠪᠣᠭᠲᠤ᠂ ᠬᠠᠨ ᠣᠪᠣᠭᠲᠤ᠂ ᠵᠣᠣ ᠣᠪᠣᠭᠲᠤ᠂ ᠵᠠᠩ ᠣᠪᠣᠭᠲᠤ᠂ ᠬᠤᠤ ᠣᠪᠣᠭᠲᠤ᠂ ᠸᠠᠩ ᠣᠪᠣᠭᠲᠤ᠂ ᠵᠠᠩ ᠣᠪᠣᠭᠲᠤ ᠪᠣᠯ ᠴᠥᠮ ᠥᠪᠥᠷ ᠮᠣᠩᠭᠣᠯ᠎ᠤᠨ ᠵᠠᠮ ᠬᠥᠭᠥᠷᠭᠡ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠠᠵᠢᠯᠲᠠᠨ ᠪᠣᠯᠪᠠᠴᠤ ᠰᠢᠯᠭ᠋ᠠᠨ ᠪᠠᠢ᠌ᠴᠠᠭ᠋ᠠᠭᠰᠠᠨ ᠮᠡᠳᠡᠭᠦᠯᠦᠯᠲᠡ᠎ᠳᠤ ᠬᠤᠨᠠᠨ᠎ᠤ ᠵᠢᠨ ᠵᠢᠶᠦ᠋ᠨ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠠᠵᠢᠯᠲᠡᠨ ᠵᠶ᠋ᠠᠷ ᠲᠡᠮᠳᠡᠭᠯᠡᠵᠦ ᠪᠠᠢ᠌ᠯ᠎ᠠ᠂ ᠲᠡᠷᠡ ᠳᠠᠷᠤᠶ᠎ᠳᠤ᠎ᠨᠢ ᠬᠡᠷᠡᠭ ᠵᠶ᠋ᠡᠷ ᠳᠠᠩᠰᠠᠯᠠᠨ ᠪᠠᠢ᠌ᠴᠠᠭ᠋ᠠᠬᠤ᠎ᠪᠠᠷ ᠲᠣᠭᠲᠠᠪᠠ᠃

ᠭᠤᠷᠪᠠ᠂ ᠪᠠᠢ᠌ᠴᠠᠭ᠋ᠠᠬᠤ ᠪᠠ ᠰᠢᠢ᠍ᠳᠪᠦᠷᠢᠯᠡᠭᠰᠡᠨ ᠶᠠᠪᠤᠴᠠ

ᠬᠠᠤᠯᠢ ᠬᠡᠷᠡᠭᠵᠢᠭᠦᠯᠬᠦ ᠠᠵᠢᠯᠲᠠᠨ᠎ᠠᠴᠠ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠲᠤᠬᠠᠶ ᠵᠢᠨ ᠬᠥᠮᠦᠨ᠎ᠠᠴᠠ ᠯᠠᠪᠯᠠᠨ ᠠᠰᠠᠭᠤᠵᠤ᠂ ᠪᠠᠷᠢᠯᠭ᠎ᠠ ᠵᠢᠨ ᠭᠠᠵᠠᠷ᠎ᠤᠨ ᠲᠦᠷ ᠴᠠᠭ᠎ᠤᠨ ᠲᠤᠷᠰᠢᠯᠲᠠ ᠵᠢᠨ ᠲᠠᠰᠤᠭ᠎ᠤᠨ ᠲᠥᠬᠥᠭᠡᠷᠦᠮᠵᠢ ᠵᠢ ᠬᠠᠷᠭᠤᠭᠤᠯᠤᠨ ᠪᠠᠢ᠌ᠴᠠᠭ᠋ᠠᠵᠤ᠂ ᠲᠤᠷᠰᠢᠯᠲᠠ ᠵᠢᠨ ᠲᠠᠰᠤᠭ᠎ᠤᠨ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠰᠢᠯᠵᠢᠭᠦᠯᠦᠨ ᠠᠪᠴᠤ᠂ ᠬᠠᠮᠢᠶ᠎ᠠ ᠪᠥᠬᠥᠶ ᠭᠡᠷ᠎ᠡ ᠵᠡᠷᠭᠡ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠎ᠪᠠᠷ ᠳᠠᠮᠵᠢᠨ᠂ ᠥᠪᠥᠷ ᠮᠣᠩᠭᠣᠯ᠎ᠤᠨ ᠵᠠᠮ ᠬᠥᠭᠥᠷᠭᠡ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠩᠭ᠋ᠠᠭᠰᠠᠨ ᠪᠠᠢ᠌ᠴᠠᠭ᠋ᠠᠨ ᠬᠡᠮᠵᠢᠬᠦ ᠲᠥᠬᠥᠭᠡᠷᠦᠮᠵᠢ ᠪᠣᠯᠣᠨ ᠪᠠᠢ᠌ᠴᠠᠭ᠋ᠠᠨ ᠬᠡᠮᠵᠢᠬᠦ ᠠᠵᠢᠯᠲᠠᠨ᠎ᠨᠢ ᠬᠤᠨᠠᠨ᠎ᠤ ᠵᠢᠨ ᠵᠢᠶᠦ᠋ᠨ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠪᠠᠢ᠌ᠴᠠᠭ᠋ᠠᠨ ᠬᠡᠮᠵᠢᠬᠦ ᠬᠢᠷᠢ ᠬᠡᠮ᠎ᠢ ᠬᠡᠷᠡᠭᠯᠡᠭᠰᠡᠨ ᠪᠣᠳᠠᠲᠤ ᠬᠡᠷᠡᠭ᠎ᠢ ᠭᠦᠢᠴᠡᠳ ᠭᠡᠷᠡᠴᠢᠯᠡᠪᠡ᠃ ᠰᠤᠳᠤᠯᠤᠨ ᠮᠠᠭ᠋ᠠᠳᠯᠠᠬᠤ᠎ᠪᠠᠷ ᠳᠠᠮᠵᠢᠭ᠋ᠠᠳ᠂ ᠲᠤᠰ ᠠᠵᠤ ᠠᠬᠤᠢ᠌ᠯᠠᠯ᠎ᠤᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠠᠷᠠᠭ᠋ᠠᠯᠵᠠᠭᠰᠠᠨ ᠬᠢᠷᠢ ᠬᠡᠮ᠎ᠢ ᠣᠯᠤᠭᠰᠠᠨ ᠦᠭᠡᠶ᠎ᠪᠠᠷ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠲᠣᠭᠲᠠᠭ᠋ᠠᠵᠠᠶ᠃

ᠪᠠᠢ᠌ᠴᠠᠭ᠋ᠠᠬᠤ ᠶᠠᠪᠤᠴᠠ᠎ᠳᠤ ᠬᠠᠤᠯᠢ ᠬᠡᠷᠡᠭᠵᠢᠭᠦᠯᠬᠦ ᠠᠵᠢᠯᠲᠠᠨ ᠪᠦᠬᠦ ᠶᠠᠪᠤᠴᠠ᠎ᠳᠤ ᠳᠠᠭᠤ ᠳᠦᠷᠰᠦ ᠰᠢᠩᠭᠡᠭᠡᠯᠲᠡ ᠬᠢᠵᠦ᠂ ᠲᠤᠬᠠᠢ ᠵᠢᠨ ᠬᠥᠮᠦᠨ᠎ᠳᠤ ᠬᠠᠤᠯᠢ᠎ᠠᠴᠠ ᠵᠥᠷᠢᠴᠡᠭᠰᠡᠨ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠦᠨᠳᠦᠰᠦᠯᠡᠯ᠎ᠢ ᠲᠡᠷᠡ ᠳᠠᠷᠤᠶ᠎ᠳᠤ᠎ᠨᠢ ᠮᠡᠳᠡᠭᠳᠡᠵᠦ᠂ ᠲᠤᠬᠠᠢ ᠵᠢᠨ ᠬᠥᠮᠦᠨ᠎ᠳᠤ ᠬᠠᠤᠯᠢ ᠶᠣᠰᠣ᠎ᠪᠠᠷ ᠡᠳ᠋ᠯᠡᠬᠦ ᠡᠷᠬᠡ᠂ ᠲᠡᠳᠬᠦᠬᠦ ᠠᠷᠭ᠎ᠠ ᠵᠠᠮ᠎ᠢ ᠮᠡᠳᠡᠭᠳᠡᠪᠡ᠃

ᠳᠥᠷᠪᠡ᠂ ᠰᠢᠢᠳᠪᠦᠷᠢᠯᠡᠭᠰᠡᠨ ᠦᠷ᠎ᠡ ᠳ᠋ᠦᠩ

《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ》 ᠵᠢᠨ ᠳᠥᠴᠢᠨ ᠨᠠᠢ᠍ᠮᠠᠳᠤᠭ᠋ᠠᠷ ᠵᠦᠢ᠍ᠯ᠎ᠤᠨ 《ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠎ᠨᠢ ᠬᠦᠴᠦᠨ ᠦᠭᠡᠶ ᠪᠥᠭᠡᠳ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠬᠣᠣᠷ ᠬᠥᠨᠥᠭᠡᠯ᠎ᠤᠨ ᠦᠷ᠎ᠡ ᠳ᠋ᠦᠩ ᠭᠠᠷᠭ᠋ᠠᠭᠰᠠᠨ ᠪᠠᠢ᠌ᠪᠠᠯ᠂ 3 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ; ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠬᠠᠷᠠᠭ᠋ᠠᠯᠵᠠᠭᠰᠠᠨ ᠬᠢᠷᠢ ᠬᠡᠮ ᠣᠯᠤᠭ᠋ᠠᠳᠤᠶ᠎ᠪᠠᠷ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ》 ᠭᠡᠰᠡᠨ ᠲᠣᠭᠲᠠᠭ᠋ᠠᠯ᠎ᠢ ᠦᠨᠳᠦᠰᠦᠯᠡᠭᠡᠳ ᠥᠪᠥᠷ ᠮᠣᠩᠭᠣᠯ᠎ᠤᠨ ᠵᠠᠮ ᠬᠥᠭᠥᠷᠭᠡ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠳᠤ 2 ᠲᠦᠮᠡᠨ ᠲᠥᠭᠥᠷᠢᠭ ᠵᠣᠭᠣᠰ ᠵᠶ᠋ᠠᠷ ᠲᠣᠷᠭ᠋ᠠᠬᠤ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠣᠪᠠ᠃

ᠲᠠᠪᠤ᠂ ᠲᠤᠷᠰᠢᠯᠭ᠎ᠠ ᠵᠢᠨ ᠰᠡᠩᠬᠡᠷᠡᠭᠦᠯᠦᠯ

ᠲᠣᠰ ᠬᠡᠷᠡᠭ᠎ᠲᠤ᠂ ᠪᠥᠲᠥᠭᠡᠨ ᠪᠠᠢ᠌ᠭᠤᠯᠬᠤ ᠨᠢᠭᠡᠴᠢ᠎ᠨᠢ ᠬᠠᠮᠲᠤᠷᠠᠨ ᠠᠵᠢᠯᠯᠠᠬᠤ᠎ᠠᠴᠠ ᠡᠮᠦᠨ᠎ᠡ ᠪᠠᠢ᠌ᠴᠠᠭ᠋ᠠᠨ ᠬᠡᠮᠵᠢᠬᠦ ᠨᠢᠭᠡᠴᠢ ᠵᠢᠨ ᠬᠢᠷᠢ ᠭᠡᠮ᠎ᠤᠨ ᠦᠨᠡᠮᠯᠡᠯ᠎ᠤᠨ ᠬᠦᠴᠦᠨ ᠪᠥᠬᠥᠶ ᠴᠢᠨᠠᠷ ᠵᠢᠴᠢ ᠵᠥᠪᠰᠢᠶᠡᠷᠡᠯ᠎ᠤᠨ ᠬᠡᠪᠴᠢᠶ᠎ᠡ ᠵᠢ ᠬᠠᠷᠭᠤᠭᠤᠯᠤᠨ ᠪᠠᠢ᠌ᠴᠠᠭ᠋ᠠᠵᠤ᠂ ᠬᠢᠷᠢ ᠭᠡᠮ᠎ᠤᠨ ᠠᠰᠠᠭᠤᠳᠠᠯ᠎ᠠᠴᠠ ᠪᠣᠯᠵᠣ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠎ᠨᠢ ᠬᠦᠴᠦᠨ ᠥᠬᠡᠶ ᠪᠣᠯᠣᠭ᠋ᠠᠳ᠂ ᠪᠠᠷᠢᠯᠭ᠎ᠠ ᠵᠢᠨ ᠶᠠᠰᠤ ᠴᠢᠨᠠᠷ ᠪᠠ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠡᠭᠦᠰᠭᠡᠬᠦ᠎ᠠᠴᠠ ᠵᠠᠢ᠌ᠯᠠᠰᠬᠢᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ᠎ᠠᠴᠠ ᠪᠠᠷᠢᠯᠭ᠎ᠠ ᠵᠢᠨ ᠭᠠᠵᠠᠷ᠎ᠤᠨ ᠲᠦᠷ ᠴᠠᠭ᠎ᠤᠨ ᠲᠤᠷᠰᠢᠯᠲᠠ ᠵᠢᠨ ᠲᠠᠰᠤᠭ᠎ᠤᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠠᠵᠢᠯᠲᠠᠨ᠎ᠤ ᠬᠥᠳᠡᠯᠮᠦᠷᠢ ᠵᠢᠨ ᠬᠠᠷᠢᠴᠠᠭ᠎ᠠ᠂ ᠲᠥᠬᠥᠭᠡᠷᠦᠮᠵᠢ ᠵᠢᠨ ᠬᠠᠷᠢᠶᠠᠯᠠᠯ ᠵᠢᠴᠢ ᠮᠡᠳᠡᠭᠦᠯᠦᠯᠲᠡ᠎ᠳᠤ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠬᠤ ᠨᠢᠭᠡᠴᠢ ᠵᠢᠨ ᠨᠢᠭᠡᠳᠦᠯᠲᠦ ᠴᠢᠨᠠᠷ᠎ᠢ ᠭᠣᠤᠯᠳᠠᠯᠭ᠎ᠠ᠎ᠲᠠᠢ ᠬᠠᠷᠭᠤᠭᠤᠯᠤᠨ ᠪᠠᠢ᠌ᠴᠠᠭ᠋ᠠᠵᠤ᠂ 《ᠠᠵᠢᠯᠲᠠᠨ ᠬᠢᠭᠡᠳ ᠬᠢᠷᠢ ᠬᠡᠮ᠎ᠢ ᠰᠠᠯᠭ᠋ᠠᠬᠤ》 ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠢᠯᠡᠷᠡᠭᠦᠯᠬᠦ ᠵᠢᠨ ᠬᠠᠮᠲᠤ ᠬᠣᠷᠢᠭᠯᠠᠨ ᠵᠣᠭᠰᠣᠭ᠋ᠠᠬᠤ ᠬᠡᠷᠡᠭᠲᠡᠶ᠃ ᠲᠣᠰ ᠬᠡᠷᠡᠭ᠎ᠢ ᠪᠠᠢ᠌ᠴᠠᠭ᠋ᠠᠬᠤ ᠶᠠᠪᠤᠴᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠵᠢᠨ ᠬᠥᠮᠦᠨ᠎ᠠᠴᠠ ᠯᠠᠪᠯᠠᠨ ᠠᠰᠠᠭᠤᠬᠤ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠰᠢᠯᠵᠢᠭᠦᠯᠦᠨ ᠠᠪᠬᠤ᠂ ᠲᠥᠬᠥᠭᠡᠷᠦᠮᠵᠢ ᠵᠢ ᠬᠠᠷᠭᠤᠭᠤᠯᠤᠨ ᠪᠠᠢ᠌ᠴᠠᠭ᠋ᠠᠬᠤ᠂ ᠳᠣᠲᠣᠭ᠋ᠠᠳᠤ ᠵᠢᠨ ᠠᠵᠢᠯ᠂ ᠭᠡᠷ᠎ᠡ᠂ ᠪᠥᠬᠥ ᠶᠠᠪᠤᠴᠠ᠎ᠳᠤ ᠲᠠᠭᠤ ᠰᠢᠩᠭᠡᠭᠡᠯᠲᠡ ᠳᠦᠷᠰᠦ ᠰᠢᠩᠭᠡᠭᠡᠯᠲᠡ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠭᠡᠷᠡᠴᠢ ᠪᠠᠷᠢᠮᠲᠠ ᠵᠢ ᠪᠥᠬᠥ ᠲᠠᠯ᠎ᠠ᠎ᠪᠠᠷ ᠲᠣᠭᠲᠠᠪᠤᠷᠢᠵᠢᠭᠤᠯᠵᠤ᠂ ᠬᠠᠤᠯᠢ ᠶᠣᠰᠣ᠎ᠪᠠᠷ ᠰᠢᠢ᠍ᠳᠬᠡᠬᠦ᠎ᠳᠤ ᠪᠠᠲᠤ ᠪᠠᠬᠢ ᠰᠠᠭᠤᠷᠢ ᠬᠠᠩᠭ᠋ᠠᠭᠰᠠᠨ ᠪᠠᠢ᠌ᠨ᠎ᠠ᠃ ᠳᠡᠯᠭᠡᠷᠡᠭᠦᠯᠵᠦ ᠪᠣᠯᠬᠤ ᠪᠠᠷᠢᠮᠵᠢᠶᠠᠵᠢᠭᠰᠠᠨ ᠬᠠᠤᠯᠢ ᠬᠡᠷᠡᠭᠵᠢᠭᠦᠯᠬᠦ ᠶᠠᠪᠤᠴᠠ ᠵᠢ ᠪᠦᠷᠢᠯᠳᠦᠭᠦᠯᠵᠦ᠂ ᠳᠡᠰ ᠳᠠᠷᠠᠭ᠋ᠠᠯᠠᠯ᠎ᠨᠢ ᠲᠣᠭᠲᠠᠭ᠋ᠠᠯ᠎ᠳᠤ ᠨᠡᠢ᠌ᠴᠡᠬᠦ᠂ ᠭᠡᠷᠡᠴᠢ ᠪᠠᠷᠢᠮᠲᠠ ᠵᠢᠨ ᠬᠡᠯᠬᠢᠶ᠎ᠡ ᠵᠢᠨ ᠪᠦᠷᠢᠨ ᠪᠦᠲᠦᠨ ᠪᠠᠢ᠌ᠬᠤ ᠵᠢ ᠦᠨᠡᠨ ᠬᠦ᠌ ᠪᠠᠲᠤᠯᠠᠪᠠ᠃

 

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ

                     2025 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            