ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠤᠯᠠᠭᠠᠨᠬᠠᠳᠠ᠎ᠶ᠋ᠢᠨ ᠲᠢᠶᠠᠨ ᠪᠣᠣ ᠲᠥᠷᠥᠯ ᠵᠦᠢᠯ᠎ᠤᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-18

《ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠠᠤᠯᠢ》᠂ 《ᠵᠠᠰᠠᠮᠠᠯ ᠵᠠᠮ ᠤᠰᠤᠨ ᠲᠡᠭᠡᠭᠡᠪᠦᠷᠢ᠎ᠶ᠋ᠢᠨ ᠢᠨᠵᠸᠨ᠋ᠸᠷᠢᠩ᠎ᠦᠨ ᠬᠢᠨᠠᠨ ᠬᠠᠮᠢᠶᠠᠷᠬᠤ ᠠᠵᠤ ᠠᠬᠤᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠦᠨᠳᠦᠰᠦᠯᠡᠨ᠂ ᠣᠢᠷ᠎ᠠ᠎ᠶ᠋ᠢᠨ ᠬᠤᠭᠤᠴᠠᠭᠠᠨ᠎ᠳᠤ ᠮᠠᠨ᠎ᠤ ᠲᠢᠩᠬᠢᠮ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠵᠠᠰᠠᠮᠠᠯ ᠵᠠᠮ᠎ᠤᠨ ᠢᠨᠵᠸᠨ᠋ᠸᠷᠢᠩ᠎ᠦᠨ ᠬᠢᠨᠠᠨ ᠬᠠᠮᠢᠶᠠᠷᠬᠤ ᠠᠵᠤ ᠠᠬᠤᠢᠯᠠᠯ᠎ᠤᠨ ᠬᠢᠷᠢ ᠬᠡᠮ᠎ᠢ ᠭᠤᠶᠤᠴᠢᠯᠠᠬᠤ ᠮᠡᠳᠡᠭᠦᠯᠦᠯᠲᠡ᠎ᠶ᠋ᠢᠨ ᠮᠠᠲ᠋ᠧᠷᠢᠶᠠᠯ᠎ᠢ ᠬᠢᠨᠠᠨ ᠪᠠᠢᠴᠠᠭᠠᠵᠤ᠂ ᠡᠳᠦᠭᠡ ᠤᠯᠠᠭᠠᠨᠬᠠᠳᠠ᠎ᠶ᠋ᠢᠨ ᠲᠢᠶᠠᠨ ᠪᠦᠦ ᠲᠥᠷᠥᠯ ᠵᠦᠢᠯ᠎ᠤᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠮᠡᠳᠡᠭᠦᠯᠦᠭ᠌ᠰᠡᠨ ᠮᠡᠳᠡᠭᠡ ᠵᠠᠩᠭᠢ ᠪᠠ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ᠎ᠢ ᠨᠡᠢ᠌ᠲᠡ᠎ᠳᠦ ᠵᠠᠷᠯᠠᠵᠤ᠂ ᠨᠡᠢᠭᠡᠮ᠎ᠤᠨ ᠬᠢᠨᠠᠯᠲᠠ᠎ᠶ᠋ᠢ ᠬᠦᠯᠢᠶᠡᠪᠡ᠃ ᠠᠵᠤ ᠠᠬᠤᠢᠯᠠᠯ᠎ᠤᠨ ᠮᠡᠳᠡᠭᠦᠯᠦᠭ᠌ᠰᠡᠨ ᠮᠡᠳᠡᠭᠡ ᠵᠠᠩᠭᠢ᠎ᠶ᠋ᠢ ᠪᠥᠬᠦ᠌ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠵᠠᠬ᠎ᠠ ᠳᠡᠯᠭᠡᠭᠦᠷ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠤᠨ 《ᠬᠢᠨᠠᠨ ᠬᠠᠮᠢᠶᠠᠷᠬᠤ ᠠᠵᠤ ᠠᠬᠤᠢᠯᠠᠯ᠎ᠤᠨ ᠬᠢᠷᠢ ᠭᠡᠮ᠎ᠤᠨ ᠮᠡᠳᠡᠭᠦᠯᠦᠯᠲᠡ᠎ᠶᠢᠨ ᠮᠡᠳᠡᠭᠡ ᠵᠠᠩᠭᠢ᠎ᠶᠢ ᠨᠡᠢ᠌ᠲᠡ᠎ᠳᠦ ᠵᠠᠷᠯᠠᠬᠤ》  ᠮᠤᠳᠦ᠋ᠯ ᠎ᠠᠴᠠ  ᠪᠠᠢ᠌ᠴᠠᠭ᠋ᠠᠨ ᠦᠵᠡᠵᠦ ᠪᠤᠯᠤᠨ᠎ᠠ (https://hwdms.mot.gov.cn/BMWebSite/publicity/index.do)᠃ ᠨᠡᠢ᠌ᠲᠡ᠎ᠳᠦ ᠵᠠᠷᠯᠠᠬᠤ ᠬᠤᠭᠤᠴᠠᠭ᠎ᠠ᠎ᠨᠢ 2025 ᠣᠨ᠎ᠤ 11 ᠳ᠋ᠦ᠍ᠭᠡᠷ ᠰᠠᠷ᠎ᠠ᠎ᠶ᠋ᠢᠨ 14 ᠎ᠤ ᠡᠳᠦᠷ᠎ᠠᠴᠠ 2025 ᠣᠨ᠎ᠤ 11 ᠳ᠋ᠦ᠍ᠭᠡᠷ ᠰᠠᠷ᠎ᠠ᠎ᠶ᠋ᠢᠨ 20 ᠎ᠤ ᠡᠳᠦᠷ ᠪᠣᠯᠲᠠᠯ᠎ᠠ᠃

ᠨᠡᠢ᠌ᠲᠡ᠎ᠳᠦ ᠵᠠᠷᠯᠠᠬᠤ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠢᠯᠠᠯ᠎ᠤᠨ ᠮᠡᠳᠡᠭᠦᠯᠦᠭ᠌ᠰᠡᠨ ᠮᠡᠳᠡᠭᠡ ᠵᠠᠩᠭᠢ᠎ᠳᠠᠬᠢ ᠬᠤᠳᠠᠯ ᠬᠠᠭᠤᠷᠮᠠᠭ ᠠᠭᠤᠯᠭ᠎ᠠ᠎ᠶ᠋ᠢ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠢᠯᠡᠴᠢᠯᠡᠨ ᠮᠡᠳᠡᠭᠦᠯᠵᠦ᠍ ᠪᠣᠯᠤᠨ᠎ᠠ᠃ ᠬᠤᠭᠤᠴᠠᠭ᠎ᠠ᠎ᠠᠴᠠ ᠬᠡᠲᠦᠷᠡᠭ᠌ᠰᠡᠨ ᠪᠠᠢ᠌ᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ

( ᠰᠢᠤᠳᠠᠨ᠎ᠢᠶᠠᠷ ᠶᠠᠪᠤᠭᠤᠯᠤᠭᠰᠠᠨ ᠮᠠᠲᠧᠷᠢᠶᠠᠯ᠎ᠢ ᠰᠢᠤᠳᠠᠨ᠎ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ

ᠪᠣᠯᠭᠠᠨ᠎ᠠ )᠃ ᠬᠠᠷᠭᠤᠭᠤᠯᠤᠨ ᠪᠠᠢᠴᠠᠭᠠᠬᠤ᠎ᠳᠤ ᠳᠥᠭᠦᠮ ᠦᠵᠡᠭᠦᠯᠬᠦ᠌᠎ᠶ᠋ᠢᠨ ᠲᠥᠯᠥᠭᠡ᠂ ᠢᠯᠡᠴᠢᠯᠡᠨ ᠮᠡᠳᠡᠭᠦᠯᠦᠭ᠌ᠰᠡᠨ ᠮᠠᠲ᠋ᠧᠷᠢᠶᠠᠯ᠎ᠤᠨ ᠠᠭᠤᠯᠭ᠎ᠠ᠎ᠶ᠋ᠢ ᠪᠣᠳᠠᠲᠠᠶ ᠪᠠᠢᠯᠭᠠᠵᠤ᠂ ᠬᠠᠷᠢᠯᠴᠠᠬᠤ ᠤᠲᠠᠰᠤ᠂ ᠬᠠᠶᠢᠭ ᠪᠠ ᠱᠢᠤᠳᠠᠨ᠎ᠤ ᠳ᠋ᠤᠭᠠᠷ᠎ᠢ ᠲᠣᠳᠣᠷᠬᠠᠶ ᠪᠢᠴᠢᠵᠦ᠍᠂  ᠨᠢᠭᠡᠴᠢ ᠢᠯᠡᠴᠢᠯᠡᠨ ᠮᠡᠳᠡᠭᠦᠯᠪᠡᠯ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠢᠯᠡᠴᠢᠯᠡᠨ ᠮᠡᠳᠡᠭᠦᠯᠪᠡᠯ ᠦᠨᠡᠨ ᠪᠣᠳᠠᠲᠠᠶ ᠣᠪᠣᠭ ᠨᠡᠷ᠎ᠡ᠎ᠳᠤ ᠭᠠᠷ᠎ᠤᠨ ᠥᠰᠥᠭ ᠵᠢᠷᠤᠬᠤ ᠬᠡᠷᠡᠭ᠌ᠲᠡᠶ᠃ ᠪᠠᠢᠴᠠᠭᠠᠨ ᠳᠣᠲᠣᠯᠠᠭ᠍ᠰᠠᠨ ᠬᠤᠳᠠᠯ ᠬᠠᠭᠤᠷᠮᠠᠭ ᠠᠵᠤ ᠠᠬᠤᠢᠯᠠᠯ᠎ᠢ ᠮᠠᠨ᠎ᠤ ᠲᠢᠩᠬᠢᠮ ᠬᠣᠯᠪᠣᠭ᠍ᠳᠠᠯ ᠪᠦᠬᠦᠢ ᠲᠣᠭ᠍ᠲᠠᠭᠠᠯ᠎ᠢᠶᠠᠷ ᠱᠢᠢᠳᠪᠦᠷᠢᠯᠡᠨ᠎ᠡ ᠃

ᠮᠡᠳᠡᠭᠦᠯᠦᠭ᠌ᠰᠡᠨ ᠠᠵᠤ ᠠᠬᠤᠢᠯᠠᠯ ᠬᠡᠷᠪᠡ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ᠎ᠳᠤ ᠣᠨᠳᠣᠤ ᠰᠠᠨᠠᠯ᠎ᠲᠠᠢ ᠪᠠᠢᠪᠠᠯ᠂ 11 ᠳ᠋ᠦ᠍ᠭᠡᠷ ᠰᠠᠷ᠎ᠠ᠎ᠶ᠋ᠢᠨ 20 ᠎ᠤ ᠡᠳᠦᠷ᠎ᠠᠴᠠ ᠡᠮᠦᠨ᠎ᠡ᠂ ᠪᠥᠬᠦ᠌ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠵᠠᠬ᠎ᠠ ᠳᠡᠯᠭᠡᠭᠦᠷ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠳᠤ ᠣᠷᠣᠵᠤ᠂ 《ᠬᠢᠨᠠᠨ ᠬᠠᠮᠢᠶᠠᠷᠬᠤ ᠠᠵᠤ ᠠᠬᠤᠢᠯᠠᠯ᠎ᠤᠨ ᠬᠢᠷᠢ ᠬᠡᠮ᠎ᠤᠨ ᠵᠠᠰᠠᠭ ᠵᠠᠬᠢᠷᠭᠠᠨ᠎ᠤ ᠵᠥᠪᠱᠢᠶᠡᠷᠡᠯ》 ᠎ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠦᠢᠴᠡᠳᠭᠡᠬᠦ᠌ ᠬᠡᠰᠡᠭ᠎ᠲᠤ ᠲᠣᠭᠠᠴᠢᠯᠲᠠ᠎ᠶ᠋ᠢᠨ ᠭᠤᠶᠤᠴᠢᠯᠠᠯ᠎ᠢᠶᠠᠨ ᠲᠤᠱᠢᠶᠠᠵᠤ᠂ ᠬᠤᠭᠤᠴᠠᠭ᠎ᠠ᠎ᠠᠴᠠ ᠬᠡᠲᠦᠷᠡᠭ᠌ᠰᠡᠨ ᠪᠠᠢ᠌ᠪᠠᠯ ᠭᠥᠯᠢᠶᠡᠨ ᠠᠪᠴᠤ᠌ ᠱᠢᠢᠳᠪᠦᠷᠢᠯᠡᠬᠦ᠌ ᠦᠭᠡᠢ᠃

ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ; ᠱᠢᠤᠳᠠᠨ᠎ᠤ ᠳ᠋ᠤᠭᠠᠷ᠄ 010020

ᠬᠠᠷᠢᠯᠴᠠᠬᠤ ᠬᠥᠮᠦᠨ᠄ ᠵᠠᠩ ᠵᠢᠶᠦ᠋ᠨ ᠪᠢᠨ᠂ ᠬᠠᠷᠢᠯᠴᠠᠬᠤ ᠤᠲᠠᠰᠤ᠄ 0471 - 6969040᠂ ᠢᠮᠧᠯ᠄ jtystjsglcscgl@163.com

 

ᠳᠠᠭᠠᠯᠳᠤᠭᠤᠯᠤᠯ᠄ ᠵᠠᠰᠠᠮᠠᠯ ᠵᠠᠮ᠎ᠤᠨ ᠢᠨᠵᠸᠨ᠋ᠸᠷᠢᠩ᠎ᠦᠨ ᠬᠢᠨᠠᠨ ᠬᠠᠮᠢᠶᠠᠷᠬᠤ ᠠᠵᠤ ᠠᠬᠤᠢᠯᠠᠯ᠎ᠤᠨ

ᠬᠢᠷᠢ ᠬᠡᠮ᠎ᠤᠨ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ .pdf

 

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ

             2025 ᠣᠨ᠎ᠤ 11 ᠳ᠋ᠦ᠍ᠭᠡᠷ ᠰᠠᠷ᠎ᠠ᠎ᠶ᠋ᠢᠨ 14 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            