《ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ 2021 ᠣᠨ᠎ᠤ 22 ᠳ᠋ᠤᠭᠠᠷ ᠲᠣᠭᠠᠲᠤ ᠵᠠᠷᠯᠢᠭ) ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》 (ᠥᠪᠥᠷ ᠵᠠᠮ ᠬᠠᠷᠢᠯᠴᠠᠭ᠎ᠠ ᠲᠠᠷᠬᠠᠭᠠᠭ᠍ᠰᠠᠨ [2024] 309 ᠳ᠋ᠦ᠍ᠭᠡᠷ ᠲᠣᠭᠠᠲᠤ) ᠢ ᠦᠨᠳᠦᠰᠦᠯᠡᠨ᠂ ᠮᠠᠨ᠎ᠤ ᠲᠢᠩᠬᠢᠮ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠤᠷᠪᠠᠳᠤᠭᠠᠷ ᠬᠤᠭᠤᠴᠠᠭᠠᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠢ ᠭᠤᠶᠤᠴᠢᠯᠠᠨ ᠮᠡᠳᠡᠭᠦᠯᠬᠦ᠌᠎ᠪᠠᠷ ᠲᠣᠭ᠍ᠲᠠᠪᠠ᠂ ᠡᠳᠦᠭᠡ ᠬᠤᠯᠪᠣᠭ᠍ᠳᠠᠯ ᠪᠥᠬᠦᠶ ᠵᠦᠶ᠋ᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠭᠤᠶᠤᠴᠢᠯᠠᠨ ᠮᠡᠳᠡᠭᠦᠯᠬᠦ᠌ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 2 ᠤᠨ ᠡᠳᠦᠷ᠎ᠤᠨ 9 ᠴᠠᠭ - 2025 ᠣᠨ᠎ᠤ 12 ᠳ᠋ᠤᠭ᠋ᠠᠷ ᠰᠠᠷ᠎ᠠ᠎ᠶ᠋ᠢᠨ 8 ᠤ ᠡᠳᠦᠷ᠎ᠤᠨ 17 ᠴᠠᠭ;
ᠬᠤᠶᠡᠷ᠂ ᠭᠤᠶᠤᠴᠢᠯᠠᠨ ᠮᠡᠳᠡᠬᠦᠯᠬᠦ᠌ ᠠᠷᠭ᠎ᠠ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠱᠢᠰᠲ᠋ᠧᠮ》 ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠍᠂ ᠰᠦᠯᠵᠢᠶᠡᠨ ᠬᠠᠶᠢᠭ http://1.30.161.137:8001/hmeq/users/user_login;
ᠭᠤᠷᠪᠠ᠂ ᠠᠩᠬᠠᠷᠬᠤ ᠵᠦᠢᠯᠡᠰ᠄ 1. ᠡᠯ᠎ᠡ ᠨᠢᠭᠡᠴᠢ᠎ᠨᠦᠭᠦᠳ ᠤᠷᠢᠳᠴᠢᠯᠠᠨ ᠱᠢᠰᠲ᠋ᠧᠮ᠎ᠳᠤ ᠭᠠᠷᠬᠤ᠎ᠶ᠋ᠢᠨ ᠬᠠᠮᠲᠤ᠌᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ 2024 ᠣᠨ᠎ᠤ 9 ᠳ᠋ᠦ᠍ᠭᠡᠷ ᠰᠠᠷ᠎ᠠ᠎ᠳᠤ ᠳᠠᠷᠤᠮᠠᠯᠯᠠᠨ ᠲᠠᠷᠬᠠᠭᠠᠭ᠍ᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》 (ᠥᠪᠥᠷ ᠵᠠᠮ ᠬᠠᠷᠢᠯᠴᠠᠭ᠎ᠠ ᠲᠠᠷᠬᠠᠭᠠᠭ᠍ᠰᠠᠨ [2024] 309 ᠳ᠋ᠦ᠍ᠭᠡᠷ ᠲᠣᠭᠠᠲᠤ) ᠤᠨ ᠱᠠᠭᠠᠷᠳᠠᠯᠭ᠎ᠠ ᠶᠣᠰᠣᠭᠠᠷ ᠠᠵᠤ ᠠᠬᠤᠢᠯᠠᠯ᠎ᠤᠨ ᠡᠯ᠎ᠡ ᠲᠥᠷᠥᠯ᠎ᠤᠨ ᠮᠡᠳᠡᠭᠡ ᠵᠠᠩᠭᠢ᠎ᠶ᠋ᠢ ᠲᠡᠭᠦᠯᠳᠡᠷᠵᠢᠭᠦᠯᠦᠨ᠎ᠡ; 2. ᠡᠯ᠎ᠡ ᠨᠢᠭᠡᠴᠢ ᠭᠤᠶᠤᠴᠢᠯᠠᠨ ᠮᠡᠳᠡᠭᠦᠯᠬᠦ ᠴᠠᠭ᠎ᠢ ᠴᠢᠩᠭ᠎ᠠ ᠵᠢᠷᠤᠮᠯᠠᠵᠤ᠂ ᠭᠤᠶᠤᠴᠢᠯᠠᠯ᠎ᠢᠶᠠᠨ ᠲᠤᠰᠢᠶᠠᠭᠰᠠᠨ᠎ᠤ ᠲᠠᠷᠠᠭ᠎ᠠ ᠡᠯ᠎ᠡ ᠵᠦᠢᠯ᠎ᠦᠨ ᠭᠤᠶᠤᠴᠢᠯᠠᠯ᠎ᠤᠨ ᠠᠭᠤᠯᠭ᠎ᠠ᠎ᠶᠢ ᠲᠡᠷᠡ ᠳᠠᠷᠤᠢ ᠳ᠋ᠤᠨᠢ ᠬᠠᠷᠭᠤᠭᠤᠯᠤᠨ ᠦᠵᠡᠬᠦ ᠬᠡᠷᠡᠭᠲᠡᠢ᠂ ᠬᠡᠷᠪᠡ ᠠᠰᠠᠭᠤᠳᠠᠯ᠎ᠲᠠᠢ ᠪᠣᠯ ᠥᠪᠡᠰᠦᠪᠡᠨ ᠪᠤᠴᠠᠭ᠋ᠠᠵᠦ ᠵᠠᠰᠠᠬᠤ ᠬᠡᠷᠡᠭᠲᠡᠢ᠂ ᠭᠤᠶᠤᠴᠢᠯᠠᠯ᠎ᠢ ᠰᠢᠢᠳᠪᠦᠷᠢᠯᠡᠬᠦ᠎ᠪᠡᠷ ᠭᠥᠯᠢᠶᠡᠨ ᠠᠪᠤᠭᠰᠠᠭᠠᠷ ᠵᠠᠰᠠᠪᠤᠷᠢ ᠣᠷᠣᠭᠤᠯᠬᠤ᠎ᠶᠢᠨ ᠠᠷᠭ᠎ᠠ ᠦᠭᠡᠢ ᠪᠣᠯᠣᠨ᠎ᠠ; 3. ᠭᠤᠶᠤᠴᠢᠯᠠᠨ ᠮᠡᠳᠡᠭᠦᠯᠬᠦ᠌ ᠶᠠᠪᠤᠴᠠ᠎ᠳᠤ ᠬᠡᠷᠪᠡ ᠮᠠᠳᠠᠭ᠎ᠲᠠᠢ ᠪᠣᠯ ᠤᠷᠢᠳᠠᠪᠠᠷ ᠱᠢᠰᠲ᠋ᠧᠮ᠎ᠳᠤ ᠪᠠᠢᠩᠭᠤ ᠲᠣᠬᠢᠶᠠᠯᠳᠤᠬᠤ ᠠᠰᠠᠭᠤᠳᠠᠯ᠎ᠢ ᠪᠠᠢᠴᠠᠭᠠᠨ ᠦᠵᠡᠬᠦ᠌ ᠬᠡᠷᠡᠭ᠌ᠲᠡᠢ᠃
ᠳᠥᠷᠪᠡ᠂ ᠬᠠᠷᠢᠯᠴᠠᠬᠤ ᠤᠲᠠᠰᠤ 0471 - 6962049
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
2025 ᠣᠨ᠎ᠤ 11 ᠳ᠋ᠦ᠍ᠭᠡᠷ ᠰᠠᠷ᠎ᠠ᠎ᠶ᠋ᠢᠨ 24 ᠤ ᠡᠳᠦᠷ