ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ 《ᠪᠥᠬᠦ᠌ ᠤᠯᠤᠰ᠎ᠤᠨ ᠲᠦᠷᠭᠡᠨ᠎ᠦ ᠵᠠᠰᠠᠮᠠᠯ ᠵᠠᠮ᠎ᠤᠨ ᠦᠶ᠋ᠯᠡᠴᠢᠯᠡᠭᠡᠨ᠎ᠤ ᠣᠷᠣᠨ᠎ᠤ ᠦᠶ᠋ᠯᠡᠴᠢᠯᠡᠭᠡᠨ᠎ᠤ ᠶᠠᠰᠤ ᠴᠢᠨᠠᠷ᠎ᠤᠨ ᠵᠡᠷᠭᠡ ᠳᠡᠰ᠎ᠢ ᠦᠨᠡᠯᠡᠨ ᠲᠣᠭ᠍ᠲᠠᠭᠠᠬᠤ ᠠᠷᠭ᠎ᠠ》 ( ᠵᠠᠮ ᠬᠠᠷᠢᠯᠴᠠᠭ᠎ᠠ ᠲᠡᠭᠡᠭᠡᠪᠦᠷᠢ ᠲᠤᠭᠲᠠᠭ᠋ᠠᠯ [2025] 4 ᠳ᠋ᠦ᠍ᠭᠡᠷ ᠲᠣᠭᠠᠲᠤ) ᠪᠠ 《2025 ᠣᠨ᠎ᠤ ᠪᠥᠬᠦ᠌ ᠤᠯᠤᠰ᠎ᠤᠨ ᠲᠦᠷᠭᠡᠨ᠎ᠦ ᠵᠠᠰᠠᠮᠠᠯ ᠵᠠᠮ᠎ᠤᠨ ᠦᠶ᠋ᠯᠡᠴᠢᠯᠡᠭᠡᠨ᠎ᠤ ᠲᠣᠭᠤᠷᠢᠭ᠎ᠤᠨ ᠦᠶ᠋ᠯᠡᠴᠢᠯᠡᠭᠡᠨ᠎ᠤ ᠶᠠᠰᠤ ᠴᠢᠨᠠᠷ᠎ᠤᠨ ᠵᠡᠷᠭᠡ ᠳᠡᠰ᠎ᠢ ᠦᠨᠡᠯᠡᠨ ᠲᠣᠭ᠍ᠲᠠᠭᠠᠬᠤ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 (ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ᠵᠠᠬᠢᠳᠠᠯ [ 2025]1434 ᠳ᠋ᠦ᠍ᠭᠡᠷ ᠲᠣᠭᠠᠲᠤ) ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠦᠨᠡᠯᠡᠨ ᠲᠣᠭ᠍ᠲᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠮᠤᠵᠢ᠎ᠶ᠋ᠢᠨ ᠱᠠᠲᠤᠨ᠎ᠤ ᠬᠢᠨᠠᠨ ᠦᠨᠡᠯᠡᠭ᠌ᠰᠡᠨ ᠦᠷ᠎ᠡ ᠳ᠋ᠦᠩ᠎ᠢ ᠳᠣᠤᠷᠠᠬᠢ ᠮᠡᠲᠦ ᠵᠠᠷᠯᠠᠶ᠎ᠠ᠄
ᠨᠢᠭᠡᠳᠦᠭᠡᠷ ᠲᠠᠰ᠎ᠤᠨ ᠦᠢᠯᠡᠴᠢᠯᠡᠭᠡᠨ᠎ᠦ ᠲᠣᠭᠣᠷᠢᠭ᠄ ᠬᠠᠷᠠᠤ᠋ᠰᠤ᠂ ᠵᠦᠸᠧᠽᠢ ᠱᠠᠨ᠂ ᠬᠥᠬᠡᠬᠣᠲᠠ ᠪᠠᠷᠠᠭᠤᠨ ᠦᠢᠯᠡᠴᠢᠯᠡᠭᠡᠨ᠎ᠦ ᠲᠣᠭᠣᠷᠢᠭ᠃
ᠬᠤᠶᠠᠳᠤᠭᠠᠷ ᠳᠡᠰ᠎ᠤᠨ ᠦᠢᠯᠡᠴᠢᠯᠡᠭᠡᠨ᠎ᠤ ᠲᠣᠭᠤᠷᠢᠭ᠄ ᠬᠥᠬᠡᠬᠤᠲᠠ᠂ ᠰᠢᠪᠠᠷᠲᠠᠢ᠂ ᠱᠢᠩ ᠾᠧ᠂ ᠰᠤᠮᠤᠨ ᠠᠭᠤᠯᠠ᠂ ᠪᠤᠭᠤᠲᠤ᠌᠂ ᠴᠧᠩ ᠯᠢᠩ᠂ ᠪᠦᠷᠢᠶ᠎ᠡ ᠮᠠᠩᠬ᠎ᠠ ᠦᠢᠯᠡᠴᠢᠯᠡᠭᠡᠨ᠎ᠤ ᠲᠣᠭᠤᠷᠢᠭ᠃
ᠭᠤᠷᠪᠠᠳᠤᠭᠠᠷ ᠳᠡᠰ᠎ᠤᠨ ᠦᠢᠯᠡᠴᠢᠯᠡᠭᠡᠨ᠎ᠤ ᠲᠣᠭᠤᠷᠢᠭ᠄ ᠬᠠᠪᠢᠷᠭ᠎ᠠ ᠦᠢᠯᠡᠴᠢᠯᠡᠭᠡᠨ᠎ᠤ ᠲᠣᠭᠤᠷᠢᠭ᠃
ᠨᠡᠢ᠌ᠲᠡ᠎ᠳᠦ ᠵᠠᠷᠯᠠᠬᠤ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 1 ᠤ ᠡᠳᠦᠷ᠎ᠠᠴᠠ 12 ᠳ᠋ᠤᠭ᠋ᠠᠷ ᠰᠠᠷ᠎ᠠ᠎ᠶ᠋ᠢᠨ 5 ᠤ ᠡᠳᠦᠷ ᠪᠣᠯᠲᠠᠯ᠎ᠠ᠃ ᠨᠡᠢ᠌ᠲᠡ᠎ᠳᠦ ᠵᠠᠷᠯᠠᠬᠤ ᠬᠤᠭᠤᠴᠠᠭᠠᠨ᠎ᠳᠤ ᠬᠡᠷᠪᠡ ᠣᠨᠳᠣᠤ ᠰᠠᠨᠠᠯ᠎ᠲᠠᠶ ᠪᠣᠯ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠦ ᠲᠤᠰᠭᠠᠵᠤ ᠪᠣᠯᠤᠨ᠎ᠠ᠃ ᠨᠢᠭᠡᠴᠢ᠂ ᠰᠠᠯᠠᠭ᠎ᠠ ᠮᠥᠴᠢᠷ᠎ᠦᠨ ᠨᠡᠷ᠎ᠡ᠎ᠪᠡᠷ ᠠᠰᠠᠭᠤᠳᠠᠯ᠎ᠢ ᠲᠤᠰᠬᠠᠭᠰᠠᠨ ᠪᠠᠢᠪᠠᠯ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ᠎ᠦ ᠨᠡᠷ᠎ᠡ᠎ᠪᠡᠷ ᠠᠰᠠᠭᠤᠳᠠᠯ᠎ᠢ ᠲᠤᠰᠬᠠᠭᠰᠠᠨ ᠪᠠᠢᠪᠠᠯ ᠦᠨᠡᠨ ᠪᠣᠳᠠᠲᠠᠢ ᠣᠪᠣᠭ ᠨᠡᠷ᠎ᠡ᠂ ᠨᠢᠭᠡᠴᠢ ᠪᠠ ᠬᠠᠷᠢᠯᠴᠠᠬᠤ ᠬᠠᠶᠢᠭ᠋᠂ ᠤᠲᠠᠰᠤ᠎ᠪᠠᠨ ᠪᠢᠴᠢᠬᠦ ᠬᠡᠷᠡᠭᠲᠡᠢ᠃
ᠬᠠᠷᠢᠯᠴᠠᠬᠤ ᠬᠥᠮᠦᠨ᠄ ᠶᠠᠩ ᠱᠢᠶᠤᠤ
ᠬᠠᠷᠢᠯᠴᠠᠬᠤ ᠤᠲᠠᠰᠤ᠄ 0471 - 6938938
ᠬᠠᠶᠢᠭ᠄ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠲᠣᠭᠠᠲᠤ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
2025 ᠣᠨ᠎ᠤ 12 ᠳ᠋ᠤᠭ᠋ᠠᠷ ᠰᠠᠷ᠎ᠠ᠎ᠶ᠋ᠢᠨ 1 ᠤ ᠡᠳᠦᠷ