ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠠᠷᠠᠴᠢᠯᠠᠨ ᠬᠠᠮᠠᠭᠠᠯᠠᠬᠤ ᠬᠢᠷᠢ ᠬᠡᠮ᠎ᠢ ᠬᠦᠴᠦᠨ ᠥᠬᠡᠶ ᠪᠣᠯᠭᠠᠬᠤ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-12-24

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》 ᠵᠡᠷᠭᠡ ᠬᠠᠮᠢᠶ᠎ᠠ ᠪᠥᠬᠦᠶ ᠲᠣᠭ᠍ᠲᠠᠭᠠᠯ᠎ᠢ ᠦᠨᠳᠦᠰᠦᠯᠡᠨ᠂ ᠠᠵᠤ ᠠᠬᠤᠢᠯᠠᠯ᠎ᠤᠨ ᠭᠤᠶᠤᠴᠢᠯᠠᠯ᠎ᠢᠶᠠᠷ᠂ ᠡᠳᠦᠭᠡ ᠳᠣᠤᠷᠠᠬᠢ ᠠᠵᠤ ᠠᠬᠤᠢᠯᠠᠯ᠎ᠤᠨ ᠠᠷᠠᠴᠢᠯᠠᠨ ᠬᠠᠮᠠᠭᠠᠯᠠᠬᠤ ᠬᠢᠷᠢ ᠬᠡᠮ᠎ᠢ ᠬᠦᠴᠦᠨ ᠥᠬᠡᠶ ᠪᠣᠯᠭᠠᠬᠤ᠎ᠪᠠᠷ ᠲᠥᠯᠥᠪᠯᠡᠵᠦ᠍ ᠪᠣᠶ᠃ ᠨᠡᠢᠭᠡᠮ᠎ᠤᠨ ᠬᠢᠨᠠᠯᠲᠠ᠎ᠶ᠋ᠢ ᠬᠦᠯᠢᠶᠡᠬᠦ᠌᠎ᠶ᠋ᠢᠨ ᠲᠤᠰᠠᠳᠠ᠂ ᠡᠳᠦᠭᠡ ᠬᠤᠯᠪᠣᠭ᠍ᠳᠠᠯ ᠪᠦᠬᠦᠢ ᠪᠠᠢᠳᠠᠯ᠎ᠢ ᠳᠣᠣᠷᠠᠬᠢ ᠮᠡᠲᠦ ᠵᠠᠷᠯᠠᠶ᠎ᠠ᠄

ᠨᠢᠭᠡ᠂ ᠠᠵᠤ ᠠᠬᠤᠢᠯᠠᠯ᠎ᠤᠨ ᠦᠨᠳᠦᠰᠦᠨ ᠮᠡᠳᠡᠭᠡ ᠵᠠᠩᠭᠢ᠎ᠶ᠋ᠢ ᠬᠦᠴᠦᠨ ᠥᠬᠡᠶ ᠪᠣᠯᠭᠠᠬᠤ᠎ᠪᠠᠷ ᠭᠤᠶᠤᠴᠢᠯᠠᠬᠤ

ᠠᠵᠤ ᠠᠬᠤᠢᠯᠠᠯ᠎ᠤᠨ ᠨᠡᠷᠡᠢᠳᠦᠯ᠄ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠲᠦᠭᠡᠨ ᠪᠠᠢᠭᠤᠯᠤᠯᠲᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ

ᠨᠢᠭᠡᠳᠦᠯᠲᠡᠢ ᠨᠡᠢᠭᠡᠮ᠎ᠦᠨ ᠢᠲᠡᠭᠡᠮᠵᠢ᠎ᠶᠢᠨ ᠣᠷᠣᠯᠠᠬᠤ ᠨᠤᠮᠸᠷ᠄  91150700692883640L

ᠬᠢᠷᠢ ᠬᠡᠮ᠎ᠤᠨ ᠲᠥᠷᠥᠯ ᠢᠯᠭᠠᠯ ᠵᠢᠴᠢ ᠲᠠᠰ᠄ ᠵᠠᠮ᠎ᠤᠨ ᠰᠠᠭᠤᠷᠢ ᠵᠠᠮ᠎ᠤᠨ ᠭᠠᠳᠠᠷᠭᠤ᠎ᠶ᠋ᠢ ᠠᠷᠠᠴᠢᠯᠠᠨ ᠬᠠᠮᠠᠭᠠᠯᠠᠬᠤ ᠬᠥᠬᠡᠭ᠌ᠴᠢᠨ ᠲᠠᠰ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠪᠡᠯᠡᠳᠭᠡᠮᠵᠢ᠎ᠶ᠋ᠢ ᠠᠷᠠᠴᠢᠯᠠᠨ ᠬᠠᠮᠠᠭᠠᠯᠠᠬᠤ ᠬᠢᠷᠢ ᠬᠡᠮ

ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠄ ᠸᠠᠩ ᠬᠠᠢ ᠪᠢᠨ

ᠳᠠᠩᠰᠠᠯᠠᠭᠤᠯᠤᠭ᠍ᠰᠠᠨ ᠬᠠᠶᠢᠭ᠄ ᠥᠪᠥᠷ ᠮᠣᠩᠭᠤᠯ᠎ᠤᠨ ᠬᠥᠯᠥᠨ ᠪᠤᠢᠷ ᠬᠤᠲᠠ᠎ᠶ᠋ᠢᠨ ᠬᠠᠢᠯᠠᠷ ᠲᠣᠭᠤᠷᠢᠭ᠎ᠤᠨ ᠪᠠᠢ᠌ᠭᠤᠯᠤᠯᠲᠦ ᠪᠠᠯᠭᠠᠰᠤᠨ᠎ᠤ ᠶᠠᠭ᠍ᠰᠢ ᠵᠠᠮ᠎ᠤᠨ ᠭᠦᠸᠧ ᠠᠨ ᠪᠠᠷᠠᠭᠠᠨ᠎ᠤ ᠭᠦᠢᠯᠭᠡᠭᠡᠨ᠎ᠤ ᠶᠡᠷᠦᠩᠬᠡᠢᠯᠡᠭ᠌ᠰᠡᠨ ᠠᠰᠠᠷ᠎ᠤᠨ 4 ᠳ᠋ᠦ᠍ᠭᠡᠷ ᠠᠰᠠᠷ᠎ᠤᠨ 11 ᠳ᠋ᠦ᠍ᠭᠡᠷ ᠲᠣᠭᠠᠲᠤ

ᠬᠤᠶᠠᠷ᠂ ᠬᠦᠴᠦᠨ ᠦᠭᠡᠢ ᠪᠣᠯᠭᠠᠭ᠍ᠰᠠᠨ ᠱᠢᠯᠲᠠᠭᠠᠨ

ᠲᠣᠰ ᠠᠵᠤ ᠠᠬᠤᠢᠯᠠᠯ᠎ᠨᠢ ᠳᠣᠲᠣᠭᠠᠳᠤ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠳᠤ ᠎ᠪᠠᠨ ᠲᠣᠬᠢᠷᠠᠭᠤᠯᠤᠯᠲᠠ ᠬᠢᠭ᠌ᠰᠡᠨ᠎ᠠᠴᠠ ᠪᠣᠯᠵᠣ᠂ 2025 ᠣᠨ᠎ᠤ 10 ᠳ᠋ᠤᠭ᠋ᠠᠷ ᠰᠠᠷ᠎ᠠ᠎ᠶ᠋ᠢᠨ 27 ᠎ᠤ ᠡᠳᠦᠷ ᠰᠠᠨᠠᠭᠠᠴᠢᠯᠠᠭ᠎ᠠ᠎ᠠᠴᠠ᠎ᠪᠠᠨ ᠮᠠᠨ᠎ᠤ ᠲᠢᠩᠬᠢᠮ᠎ᠳᠤ 《ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠦᠨᠡᠮᠯᠡᠯ᠎ᠢᠶᠠᠨ ᠬᠦᠴᠦᠨ ᠥᠬᠡᠶ ᠪᠣᠯᠭᠠᠬᠤ ᠭᠤᠶᠤᠴᠢᠯᠠᠯ᠎ᠤᠨ ᠲᠤᠬᠠᠶ ᠵᠠᠬᠢᠳᠠᠯ》 ᠲᠤᠱᠢᠶᠠᠪᠠ᠃

ᠭᠤᠷᠪᠠ᠂ ᠬᠦᠴᠦᠨ ᠥᠬᠡᠶ ᠪᠣᠯᠭᠠᠬᠤ ᠦᠨᠳᠦᠰᠦᠯᠡᠯ

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》 ᠎ᠤᠨ ᠬᠤᠷᠢᠨ ᠭᠤᠷᠪᠠᠳᠤᠭᠠᠷ ᠵᠦᠢᠯ᠎ᠢ ᠦᠨᠳᠦᠰᠦᠯᠡᠪᠡᠯ᠄

《ᠳᠣᠤᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠬᠢᠷᠢ ᠬᠡᠮ᠎ᠢᠶᠠᠨ ᠬᠠᠤᠯᠢ ᠶᠣᠰᠣᠭᠠᠷ ᠬᠦᠴᠦᠨ ᠥᠬᠡᠶ ᠪᠣᠯᠭᠠᠬᠤ᠎ᠶ᠋ᠢᠨ ᠬᠠᠮᠲᠤ ᠨᠡᠢᠭᠡᠮ᠎ᠳᠤ ᠵᠠᠷᠯᠠᠨ ᠨᠡᠢ᠌ᠲᠡᠯᠡᠬᠦ ᠬᠡᠷᠡᠭ᠌ᠲᠡᠶ᠄

(ᠨᠢᠭᠡ) ᠵᠠᠰᠠᠮᠠᠯ ᠵᠡᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ ᠨᠢ ᠬᠠᠤᠯᠢ ᠶᠣᠰᠣᠭᠠᠷ ᠳᠠᠭᠤᠰᠤᠭᠰᠠᠨ;

(ᠬᠤᠶᠠᠷ) ᠬᠢᠷᠢ ᠭᠡᠮ᠎ᠦᠨ ᠦᠨᠡᠮᠯᠡᠯ᠎ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ᠂ ᠪᠤᠴᠠᠭᠠᠭᠰᠠᠨ ᠪᠤᠶᠤ ᠬᠣᠷᠢᠶᠠᠨ ᠠᠪᠴᠤ ᠬᠦᠴᠦᠨ ᠦᠭᠡᠢ ᠪᠣᠯᠭᠠᠭᠰᠠᠨ;

(ᠭᠤᠷᠪᠠ) ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ ᠬᠦᠴᠦᠨ ᠦᠭᠡᠢ ᠪᠣᠯᠭᠠᠬᠤ ᠭᠤᠶᠤᠴᠢᠯᠠᠯ ᠭᠠᠷᠭᠠᠭ᠍ᠰᠠᠨ;

(ᠲᠦᠷᠪᠡ) ᠬᠢᠷᠢ ᠬᠡᠮ᠎ᠦᠨ ᠵᠥᠪᠰᠢᠶᠡᠷᠡᠯ᠎ᠦᠨ ᠬᠦᠴᠦᠨ᠎ᠲᠠᠢ ᠬᠤᠭᠤᠴᠠᠭ᠎ᠠ ᠨᠢ ᠳᠦᠭᠦᠷᠦᠭᠰᠡᠨ ᠪᠠᠢᠲᠠᠯ᠎ᠠ ᠦᠯᠦ ᠦᠷᠭᠦᠯᠵᠢᠯᠡᠭᠰᠡᠨ᠃ 

ᠳᠥᠷᠪᠡ᠂ ᠵᠠᠷᠯᠠᠨ ᠨᠡᠢᠲᠡᠯᠡᠬᠦ᠌ ᠬᠤᠭᠤᠴᠠᠭ᠎ᠠ

2025 ᠣᠨ᠎ᠤ 12 ᠳ᠋ᠤᠭ᠋ᠠᠷ ᠰᠠᠷ᠎ᠠ᠎ᠶ᠋ᠢᠨ 22 ᠎ᠤᠨ ᠡᠳᠦᠷ᠎ᠠᠴᠠ 2025 ᠣᠨ᠎ᠤ 12  ᠳ᠋ᠤᠭ᠋ᠠᠷ ᠰᠠᠷ᠎ᠠ᠎ᠶ᠋ᠢᠨ 28 ᠎ᠤ ᠡᠳᠦᠷ ᠪᠣᠯᠲᠠᠯ᠎ᠠ᠃

ᠲᠠᠪᠤ᠂ ᠣᠨᠳᠣᠣ ᠰᠠᠨᠠᠯ᠎ᠢ ᠱᠢᠢᠳᠪᠦᠷᠢᠯᠡᠬᠦ᠌

ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠬᠡᠷᠪᠡ ᠳᠡᠭᠡᠷ᠎ᠡ ᠳᠤᠷᠠᠳᠤᠭ᠍ᠰᠠᠨ ᠬᠢᠷᠢ ᠭᠡᠮ᠎ᠢ ᠬᠦᠴᠦᠨ ᠦᠭᠡᠶ ᠪᠣᠯᠭᠠᠬᠤ᠎ᠳᠤ ᠣᠨᠳᠣᠤ ᠰᠠᠨᠠᠯ᠎ᠲᠠᠶ ᠪᠠᠢᠪᠠᠯ᠂ ᠮᠠᠨ᠎ᠤ ᠲᠢᠩᠬᠢᠮ᠎ᠳᠤ ᠲᠤᠰᠭᠠᠵᠤ ᠪᠣᠯᠤᠨ᠎ᠠ᠃ ᠪᠠᠢᠳᠠᠯ᠎ᠢ ᠲᠤᠰᠭᠠᠬᠤ᠎ᠳᠤ ᠦᠨᠡᠨ᠎ᠠᠴᠠ ᠵᠥᠪ᠎ᠢ ᠡᠷᠢᠬᠦ᠌ ᠎ᠶ᠋ᠢᠨ ᠬᠠᠮᠲᠤ ᠪᠣᠳᠠᠲᠠᠶ ᠰᠦᠪᠡᠭ᠌ᠴᠢ ᠪᠤᠶᠤ ᠪᠢᠴᠢᠭ᠎ᠤᠨ ᠬᠡᠯᠪᠡᠷᠢ᠎ᠶᠢᠨ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ᠃ ᠨᠢᠭᠡᠴᠢ᠎ᠶᠢᠨ ᠨᠡᠷ᠎ᠡ᠎ᠪᠡᠷ ᠲᠤᠰᠬᠠᠭᠰᠠᠨ ᠪᠠᠢᠪᠠᠯ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ᠎ᠦ ᠨᠡᠷ᠎ᠡ᠎ᠪᠡᠷ ᠲᠤᠰᠭᠠᠭ᠍ᠰᠠᠨ ᠪᠠᠢᠪᠠᠯ ᠦᠨᠡᠨ ᠪᠣᠳᠠᠲᠠᠢ ᠣᠪᠣᠭ ᠨᠡᠷ᠎ᠡ ᠪᠠ ᠬᠠᠷᠢᠯᠴᠠᠬᠤ ᠤᠲᠠᠰᠤ᠎ᠪᠠᠨ ᠪᠢᠴᠢᠬᠦ ᠬᠡᠷᠡᠭᠲᠡᠢ᠃ 

ᠬᠠᠷᠢᠯᠴᠠᠬᠤ ᠰᠠᠯᠠᠭ᠎ᠠ ᠮᠥᠴᠢᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠵᠠᠰᠠᠮᠠᠯ ᠵᠠᠮ᠎ᠤᠨ ᠭᠠᠵᠠᠷ

ᠬᠠᠷᠢᠯᠴᠠᠬᠤ ᠤᠲᠠᠰᠤ᠄ 0471 - 6267737

ᠮᠡᠳᠡᠭᠡᠯᠡᠯ᠎ᠦᠨ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ

ᠵᠠᠷᠯᠠᠨ ᠨᠡᠢᠲᠡᠯᠡᠬᠦ᠌ ᠬᠤᠭᠤᠴᠠᠭ᠎ᠠ᠎ᠨᠢ ᠳᠦᠭᠦᠷᠪᠡᠯ ᠣᠨᠳᠣᠣ ᠰᠠᠨᠠᠯ ᠦᠭᠡᠢ ᠪᠣᠯ ᠮᠠᠨ᠎ᠤ ᠲᠢᠩᠬᠢᠮ ᠬᠠᠤᠯᠢ ᠶᠣᠰᠣᠭᠠᠷ ᠲᠤᠰ ᠠᠵᠤ ᠠᠬᠤᠢᠯᠠᠯ᠎ᠤᠨ ᠠᠷᠠᠴᠢᠯᠠᠨ ᠬᠠᠮᠠᠭᠠᠯᠠᠬᠤ ᠬᠢᠷᠢ ᠬᠡᠮ᠎ᠢ ᠬᠦᠴᠦᠨ ᠦᠭᠡᠢ ᠪᠣᠯᠭᠠᠬᠤ ᠭᠠᠷᠳᠠᠮ᠎ᠢ ᠭᠦᠢᠴᠡᠳᠭᠡᠵᠦ᠍᠂ ᠲᠡᠭᠦᠨ᠎ᠤ ᠬᠢᠷᠢ ᠬᠡᠮ᠎ᠤᠨ ᠦᠨᠡᠮᠯᠡᠯ᠎ᠢ ᠬᠦᠴᠦᠨ ᠦᠭᠡᠢ ᠪᠣᠯᠭᠠᠨ᠎ᠠ᠃

ᠣᠨᠴᠠᠭᠠᠢᠯᠠᠨ ᠵᠠᠷᠯᠠᠨ ᠨᠡᠢᠲᠡᠯᠡᠪᠡ᠃

 

        ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ

                 2025 ᠣᠨ᠎ᠤ 12  ᠳ᠋ᠤᠭ᠋ᠠᠷ ᠰᠠᠷ᠎ᠠ᠎ᠶ᠋ᠢᠨ 22 ᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            