《ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠠᠷᠭ᠎ᠠ》 (ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠵᠠᠷᠯᠢᠭ 2021 ᠣᠨ᠎ᠤ 22 ᠳ᠋ᠤᠭᠠᠷ ᠲᠣᠭᠠᠲᠤ) ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠢᠩᠬᠢᠮ 2025 ᠣᠨ᠎ᠤ ᠭᠤᠷᠪᠠᠳᠤᠭᠠᠷ ᠬᠤᠭᠤᠴᠠᠭᠠᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ᠎ᠤᠨ ᠨᠢᠭᠡᠴᠢ᠎ᠶ᠋ᠢᠨ ᠬᠢᠷᠢ ᠬᠡᠮ᠎ᠤᠨ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠡᠳᠦᠭᠡ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠢ ᠵᠠᠷᠯᠠᠨ ᠨᠡᠢᠲᠡᠯᠡᠨ᠎ᠡ (ᠳᠠᠭᠠᠯᠳᠤᠭᠤᠯᠤᠯ᠎ᠳᠤ ᠦᠵᠡᠭᠡᠷᠡᠢ)᠃
ᠨᠢᠭᠡ᠂ ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 26 ᠤ ᠡᠳᠦᠷ᠎ᠠᠴᠠ 2026 ᠣᠨ᠎ᠤ 1 ᠳ᠋ᠦ᠍ᠭᠡᠷ ᠰᠠᠷ᠎ᠠ᠎ᠶ᠋ᠢᠨ 5 ᠤ ᠡᠳᠦᠷ ᠪᠣᠯᠲᠠᠯ᠎ᠠ᠂ ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠵᠢᠴᠢ ᠬᠤᠪᠢ ᠬᠥᠮᠦᠨ ᠴᠥᠮ ᠠᠵᠤ ᠠᠬᠤᠢᠯᠠᠯ᠎ᠤᠨ ᠭᠤᠶᠤᠴᠢᠯᠠᠯ᠎ᠤᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠵᠠᠭᠠᠯᠳᠤᠯᠭ᠎ᠠ ᠬᠢᠵᠦ᠍ ᠪᠣᠯᠤᠨ᠎ᠠ᠂ ᠬᠤᠭᠤᠴᠠᠭ᠎ᠠ ᠨᠢ ᠬᠡᠲᠦᠷᠡᠪᠡᠯ ᠭᠥᠯᠢᠶᠡᠨ ᠠᠪᠴᠤ᠌ ᠱᠢᠢᠳᠪᠦᠷᠢᠯᠡᠬᠦ᠌ ᠥᠬᠡᠶ (ᠱᠢᠤᠳᠠᠨ᠎ᠢᠶᠠᠷ ᠢᠯᠡᠭᠡᠬᠦ᠌ ᠮᠠᠲ᠋ᠧᠷᠢᠶᠠᠯ᠎ᠢ ᠱᠢᠤᠳᠠᠨ᠎ᠤ ᠲᠠᠮᠠᠭ᠎ᠠ ᠳᠠᠷᠤᠭ᠍ᠰᠠᠨ ᠡᠳᠦᠷ᠎ᠢᠶᠠᠷ ᠪᠠᠷᠢᠮᠵᠢᠶ᠎ᠠ ᠪᠣᠯᠭᠠᠨ᠎ᠠ)᠂ ᠪᠢᠴᠢᠭ᠎ᠢᠶᠠᠷ ᠭᠤᠮᠣᠳᠠᠯ ᠲᠣᠭᠠᠴᠢᠬᠤ ᠵᠦᠢ᠍ᠯ᠎ᠳᠦ ᠭᠤᠮᠤᠳᠠᠯ ᠲᠣᠭ᠋ᠠᠴᠢᠬᠤ ᠤᠴᠢᠷ ᠱᠢᠯᠲᠠᠭᠠᠨ᠂ ᠦᠨᠳᠦᠰᠦᠯᠡᠯ ᠵᠢᠴᠢ ᠬᠠᠮᠢᠶ᠎ᠠ ᠪᠥᠬᠦᠶ ᠭᠡᠷᠡᠴᠢᠯᠡᠬᠦ᠌ ᠮᠠᠲ᠋ᠧᠷᠢᠶᠠᠯ᠎ᠢ ᠪᠠᠭ᠍ᠲᠠᠭᠠᠨ᠎ᠠ᠃
ᠬᠤᠶᠠᠷ᠂ ᠪᠠᠢᠭᠤᠯᠭ᠎ᠠ ᠭᠤᠮᠣᠳᠠᠯ ᠲᠣᠭᠠᠴᠢᠬᠤ᠎ᠳᠤ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠪᠤᠶᠤ ᠡᠷᠬᠡ ᠣᠯᠭᠤᠭᠰᠠᠨ ᠣᠷᠤᠯᠠᠭᠴᠢ ᠭᠠᠷᠤᠨ ᠥᠰᠥᠭ ᠵᠢᠷᠤᠨ᠎ᠠ᠂ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠵᠤ᠂ ᠦᠨᠡᠨ ᠪᠣᠳᠠᠲᠠᠶ ᠣᠪᠣᠭ ᠨᠡᠷᠡᠳᠤ ᠭᠠᠷᠤᠨ ᠥᠰᠥᠭ ᠵᠢᠷᠤᠵᠤ᠂ ᠨᠢᠭᠡᠴᠢ᠎ᠶ᠋ᠢᠨ ᠨᠡᠷᠡᠢᠳᠦᠯ᠂ ᠬᠦᠴᠦᠨ ᠲᠠᠢ ᠬᠠᠷᠢᠯᠴᠠᠬᠤ ᠤᠲᠠᠰᠤ ᠪᠠ ᠬᠠᠷᠢᠯᠴᠠᠬᠤ ᠬᠠᠶᠢᠭ᠎ᠢ ᠬᠠᠩᠭᠠᠨ᠎ᠠ; ᠬᠤᠪᠢ ᠬᠥᠮᠦᠨ ᠭᠤᠮᠣᠳᠠᠯ ᠲᠣᠭᠠᠴᠢᠬᠤ᠎ᠳᠤ ᠡᠷᠬᠡᠪᠰᠢ ᠦᠨᠡᠨ ᠪᠣᠳᠠᠲᠠᠶ ᠣᠪᠣᠭ ᠨᠡᠷᠡᠳᠤ ᠭᠠᠷᠤᠨ ᠥᠰᠥᠭ ᠵᠢᠷᠤᠵᠤ᠂ ᠬᠦᠴᠦᠨ ᠲᠠᠢ ᠬᠠᠷᠢᠯᠴᠠᠬᠤ ᠤᠲᠠᠰᠤ ᠪᠠ ᠬᠠᠷᠢᠯᠴᠠᠬᠤ ᠬᠠᠶᠢᠭ᠎ᠢ ᠬᠠᠩᠭᠠᠬᠤ ᠬᠡᠷᠡᠭ᠌ᠲᠡᠶ᠃
ᠭᠤᠷᠪᠠ᠂ ᠵᠠᠭᠠᠯᠳᠤᠬᠤ ᠨᠢᠭᠡᠴᠢ ᠵᠢᠴᠢ ᠬᠤᠪᠢ ᠬᠥᠮᠦᠨ ᠵᠠᠭᠠᠯᠳᠤᠬᠤ ᠵᠦᠢᠯᠯᠦᠭᠡ ᠱᠢᠭᠤᠳ ᠠᠱᠢᠭ ᠬᠣᠤᠷ᠎ᠤᠨ ᠬᠠᠷᠢᠴᠠᠭ᠎ᠠ᠎ᠲᠠᠶ ᠪᠠᠢᠬᠤ ᠬᠡᠷᠡᠭ᠌ᠲᠡᠶ ᠪᠥᠭᠡᠳ ᠪᠣᠳᠠᠲᠠᠶ ᠰᠦᠪᠡᠭ᠌ᠴᠢ ᠬᠠᠩᠭᠠᠬᠤ᠎ᠶ᠋ᠢᠨ ᠬᠠᠮᠲᠤ ᠢᠯᠡᠴᠢᠯᠡᠨ ᠮᠡᠳᠡᠭᠦᠯᠦᠭ᠌ᠰᠡᠨ ᠠᠭᠤᠯᠭ᠎ᠠ᠎ᠶ᠋ᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠵᠤ᠂ ᠳᠡᠭᠡᠷᠡᠬᠢ ᠨᠥᠬᠥᠴᠡᠯ᠎ᠳᠦ ᠨᠡᠢᠴᠡᠬᠦ᠌ ᠦᠭᠡᠶ ᠵᠠᠭᠠᠯᠳᠤᠯᠭ᠎ᠠ᠎ᠶ᠋ᠢ ᠬᠦᠯᠢᠶᠡᠨ ᠠᠪᠴᠤ᠌ ᠱᠢᠶ᠋ᠳᠪᠦᠷᠢᠯᠡᠬᠦ᠌ ᠦᠭᠡᠶ᠃
ᠳᠥᠷᠪᠡ᠂ ᠭᠥᠯᠢᠶᠡᠨ ᠠᠪᠴᠤ᠌ ᠱᠢᠢᠳᠪᠦᠷᠢᠯᠡᠬᠦ᠌ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠵᠠᠰᠠᠮᠠᠯ ᠵᠠᠮ᠎ᠤᠨ ᠭᠠᠵᠠᠷ ᠪᠣᠯᠣᠨ᠎ᠠ᠃ ᠮᠠᠲ᠋ᠧᠷᠢᠶᠠᠯ᠎ᠤᠨ ᠱᠢᠤᠳᠠᠨ ᠶᠠᠪᠤᠭᠤᠯᠬᠤ ᠬᠠᠶᠢᠭ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠭᠠᠵᠠᠷ ᠱᠢᠨᠵᠢᠯᠡᠭᠡᠨ᠎ᠤ ᠲᠣᠪᠴᠢᠶ᠎ᠠ᠎ᠶ᠋ᠢᠨ ᠡᠮᠦᠨ᠎ᠡ ᠵᠡᠭᠡᠯᠢ᠎ᠶ᠋ᠢᠨ 68 ᠳ᠋ᠤᠭᠠᠷ ᠨᠣᠮᠧᠷ᠂ ᠱᠢᠤᠳᠠᠨ᠎ᠤ ᠨᠣᠮᠧᠷ 010020᠃ ᠤᠲᠠᠰᠤ᠄ 0471 - 6267737
ᠵᠢᠷᠭᠤᠭ᠎ᠠ᠂ ᠠᠰᠠᠭᠤᠨ ᠯᠠᠪᠯᠠᠬᠤ ᠤᠲᠠᠰᠤ 0471 - 6962049᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
2025 ᠣᠨ᠎ᠤ 12 ᠳ᠋ᠤᠭ᠋ᠠᠷ ᠰᠠᠷ᠎ᠠ᠎ᠶ᠋ᠢᠨ 26 ᠤ ᠡᠳᠦᠷ