ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠮᠡᠳᠡᠭᠳᠡᠯ ᠵᠠᠷᠯᠠᠯ
ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢ ᠨᠡᠮᠡᠵᠦ᠍ ᠨᠥᠬᠥᠪᠥᠷᠢᠯᠡᠬᠦ᠌ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠮᠡᠳᠡᠭ᠌ᠳᠡᠯ
ᠨᠡᠶ᠋ᠢᠲᠡᠯᠡᠭᠰᠡᠨ ᠴᠠᠭ᠄ 2026-01-23

ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠂ ᠲᠢᠩᠬᠢᠮ᠎ᠤᠨ ᠱᠢᠭᠤᠳ ᠬᠠᠷᠢᠶ᠎ᠠ ᠬᠤᠯᠪᠣᠭ᠍ᠳᠠᠯ ᠪᠥᠬᠦᠶ ᠨᠢᠭᠡᠴᠢ᠂ ᠲᠢᠩᠬᠢᠮ᠎ᠤᠨ ᠪᠠᠢᠭᠤᠯᠭ᠎ᠠ᠎ᠶ᠋ᠢᠨ ᠬᠤᠯᠪᠣᠭ᠍ᠳᠠᠯ ᠪᠥᠬᠦᠶ ᠭᠠᠵᠠᠷ ᠠᠯᠪᠠᠨ ᠲᠠᠰᠤᠭ᠎ᠲᠤ᠌᠄

ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠲᠤᠭᠲᠠᠯᠴᠠᠭ᠎ᠠ ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠳᠠᠬᠢ ᠲᠤᠰᠭᠠᠶ ᠮᠡᠷᠭᠡᠵᠢᠯᠲᠡᠨ᠎ᠦ ᠯᠠᠪᠯᠠᠯᠭ᠎ᠠ ᠥᠭ᠌ᠬᠦ᠂ ᠦᠢᠯᠡᠴᠢᠯᠡᠬᠦ᠌ ᠪᠠ ᠵᠢᠯᠣᠭᠣᠳᠭᠤ ᠦᠢᠯᠡᠳᠦᠯ᠎ᠢ ᠨᠡᠩ ᠰᠠᠢᠨ ᠪᠠᠳᠠᠷᠠᠭᠤᠯᠬᠤ᠎ᠶ᠋ᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ᠎ᠦ ᠬᠠᠮᠢᠶᠠᠷᠤᠯᠲᠠ᠎ᠶ᠋ᠢᠨ ᠠᠷᠭ᠎ᠠ》 (ᠳᠣᠷᠣᠭ᠍ᠰᠢ 《ᠬᠠᠮᠢᠶᠠᠷᠤᠯᠲᠠ᠎ᠶ᠋ᠢᠨ ᠠᠷᠭ᠎ᠠ》 ᠭᠡᠵᠦ᠍ ᠲᠣᠪᠴᠢᠯᠠᠨ᠎ᠠ) ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ᠎ᠦ ᠬᠥᠮᠥᠷᠭᠡ᠎ᠳᠦ ᠲᠣᠬᠢᠷᠠᠭᠤᠯᠤᠯᠲᠠ ᠬᠢᠬᠦ᠌᠎ᠪᠡᠷ ᠲᠣᠭᠲᠠᠪᠠ᠃

ᠡᠯ᠎ᠡ ᠨᠢᠭᠡᠴᠢ᠎ᠨᠦᠭᠦᠳ 《ᠬᠠᠮᠢᠶᠠᠷᠤᠯᠲᠠ᠎ᠶ᠋ᠢᠨ ᠠᠷᠭ᠎ᠠ》 ᠎ᠶ᠋ᠢᠨ ᠬᠤᠯᠪᠣᠭ᠍ᠳᠠᠯ ᠪᠥᠬᠦᠶ ᠲᠣᠭ᠍ᠲᠠᠭᠠᠯ ᠶᠣᠰᠣᠭᠠᠷ᠂ ᠨᠥᠬᠦᠴᠡᠯ᠎ᠳᠤ ᠨᠡᠢᠴᠡᠬᠦ᠌ ᠬᠥᠮᠦᠰ᠎ᠢ ᠲᠠᠨᠢᠯᠴᠠᠭᠤᠯᠵᠤ᠂ 2026 ᠣᠨ᠎ᠤ 2 ᠳ᠋ᠤᠭᠠᠷ ᠰᠠᠷ᠎ᠠ᠎ᠶ᠋ᠢᠨ 4 ᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢᠶᠠᠨ ᠲᠢᠩᠬᠢᠮ᠎ᠤᠨ ᠠᠮᠤᠷ ᠲᠦᠪᠱᠢᠨ᠎ᠤ ᠵᠥᠪᠯᠡᠯ᠎ᠤᠨ ᠠᠯᠪᠠᠨ ᠬᠡᠷ᠎ᠲᠤ ᠮᠡᠳᠡᠭᠦᠯᠦᠨ ᠬᠦᠷᠭᠡᠵᠦ᠍᠂ ᠠᠵᠤ ᠠᠬᠤᠢᠯᠠᠯ᠎ᠤᠨ ᠠᠵᠢᠯ᠎ᠠᠴᠠ᠎ᠪᠠᠨ ᠪᠠᠭᠤᠵᠤ ᠠᠮᠠᠷᠠᠭᠰᠠᠳ ᠪᠤᠶᠤ ᠨᠢᠭᠡᠴᠢ ᠥᠬᠡᠶ ᠬᠥᠮᠦᠰ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢᠶᠠᠨ ᠱᠢᠭᠤᠳ ᠲᠢᠩᠬᠢᠮ᠎ᠤᠨ ᠠᠮᠤᠷ ᠲᠦᠪᠱᠢᠨ᠎ᠤ ᠵᠥᠪᠯᠡᠯ᠎ᠤᠨ ᠠᠯᠪᠠᠨ ᠬᠡᠷ᠎ᠲᠤ ᠮᠡᠳᠡᠭᠦᠯᠦᠨ ᠬᠦᠷᠭᠡᠵᠦ᠍ ᠪᠣᠯᠤᠨ᠎ᠠ᠂ ᠬᠤᠭᠤᠴᠠᠭ᠎ᠠ ᠨᠢ ᠬᠡᠲᠦᠷᠡᠪᠡᠯ  ᠬᠦᠯᠢᠶᠡᠨ ᠠᠪᠴᠦ ᠰᠢᠢ᠍ᠳᠪᠦᠷᠢᠯᠡᠬᠦ ᠦᠭᠡᠢ᠃

ᠬᠠᠷᠢᠯᠴᠠᠬᠤ ᠬᠥᠮᠦᠨ᠄ ᠵᠧᠩ ᠲᠢᠩ ᠢ᠂ ᠬᠠᠷᠢᠯᠴᠠᠬᠤ ᠠᠷᠭ᠎ᠠ᠄ 0471-5206034᠂ ᠡᠯᠧᠺᠲᠷᠣᠨ ᠱᠢᠤᠳᠠᠨ᠎ᠤ ᠬᠠᠢᠷᠴᠠᠭ᠄ jtystawb@126.com᠃

 

ᠳᠠᠭᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ᠎ᠦ ᠬᠠᠮᠢᠶᠠᠷᠤᠯᠲᠠ᠎ᠶ᠋ᠢᠨ ᠠᠷᠭ᠎ᠠ

2. ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ᠎ᠦ ᠭᠤᠶᠤᠴᠢᠯᠠᠯ᠎ᠤᠨ ᠬᠦᠰᠦᠨᠦᠭ᠌ᠲᠦ.xlsx

3. ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠦᠭᠡᠶ ᠦᠢᠯᠡᠳᠪᠦᠷᠢᠯᠡᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯᠲᠡᠨ ᠭᠤᠶᠤᠴᠢᠯᠠᠬᠤ ᠶᠡᠷᠦᠩᠬᠡᠶ ᠬᠦᠰᠦᠨᠦᠭ᠌ᠲᠦ.xlsx

 

       ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ

                    2026 ᠣᠨ᠎ᠤ 1 ᠳ᠋ᠦ᠍ᠭᠡᠷ ᠰᠠᠷ᠎ᠠ᠎ᠶ᠋ᠢᠨ 22 ᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠥᠪᠥᠷ ᠮᠣᠩᠭᠤᠯ᠎ᠤᠨ ᠪᠠᠢ ᠱᠢᠨ ᠪᠦᠲᠦᠭᠡᠨ ᠪᠠᠢᠭᠤᠯᠤᠯᠲᠠ᠎ᠶ᠋ᠢᠨ ᠬᠢᠵᠠᠭᠠᠷᠲᠤ ᠺᠣᠮᠫᠠᠨᠢ ᠵᠡᠷᠭᠡ 11 ᠪᠠᠷᠢᠯᠭ᠎ᠠ᠎ᠶ᠋ᠢᠨ ᠠᠵᠤ ᠠᠬᠤᠢᠯᠠᠯ᠎ᠤᠨ ᠬᠢᠷᠢ ᠬᠡᠮ ᠮᠡᠳᠡᠭᠦᠯᠬᠦ᠌ ᠮᠠᠲ᠋ᠧᠷᠢᠶᠠᠯ᠎ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠢ ᠠᠯᠪᠠᠨ ᠵᠠᠷᠯᠠᠯ
2025 ᠣᠨ᠎ᠤ ᠳᠣᠯᠣᠳᠤᠭᠠᠷ ᠪᠦᠯᠦᠭ᠎ᠤᠨ ᠵᠠᠰᠠᠮᠠᠯ ᠵᠠᠮ ᠤᠰᠤᠨ ᠲᠡᠭᠡᠭᠡᠪᠦᠷᠢ᠎ᠶ᠋ᠢᠨ ᠢᠨᠵᠧᠨᠧᠷᠢᠩ᠎ᠤᠨ ᠴᠢᠨᠠᠷ᠎ᠢ ᠪᠠᠢᠴᠠᠭᠠᠨ ᠬᠡᠮᠵᠢᠬᠦ ᠪᠠᠢᠭᠤᠯᠤᠮᠵᠢ᠎ᠶ᠋ᠢᠨ ᠬᠢᠷᠢ ᠬᠡᠮ᠎ᠤᠨ ᠵᠥᠪᠱᠢᠶᠡᠷᠡᠯ᠎ᠢ ᠨᠡᠢᠲᠡᠯᠡᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠠᠯᠪᠠᠨ ᠵᠠᠷ
2025 ᠣᠨ᠎ᠤ ᠳᠣᠯᠤᠳᠤᠭ᠋ᠠᠷ ᠪᠦᠯᠦᠭ᠎ᠦᠨ ᠵᠠᠰᠠᠮᠠᠯ ᠵᠠᠮ ᠤᠰᠤᠨ ᠲᠡᠭᠡᠭᠡᠪᠦᠷᠢ᠎ᠶᠢᠨ ᠢᠨᠵᠸᠨ᠋ᠸᠷᠢᠩ᠎ᠦᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠶᠢᠨ ᠬᠢᠷᠢ ᠬᠡᠮ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ ᠎ᠤᠨ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠠᠯᠪᠠᠨ ᠵᠠᠷᠯᠠᠯ
ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠠᠷᠠᠴᠢᠯᠠᠨ ᠬᠠᠮᠠᠭᠠᠯᠠᠬᠤ ᠬᠢᠷᠢ ᠬᠡᠮ᠎ᠢ ᠬᠦᠴᠦᠨ ᠥᠬᠡᠶ ᠪᠣᠯᠭᠠᠬᠤ ᠲᠤᠬᠠᠶ ᠠᠯᠪᠠᠨ ᠵᠠᠷᠯᠠᠯ
 
            