ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ
2023 ᠣᠨ᠎ᠤ 11 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠤ 《ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ》 (ᠲᠥᠷᠥ ᠠᠯᠪᠠᠨ ᠵᠠᠬᠢᠳᠠᠯ[2023] 115 ᠳ᠋ᠤᠭ᠋ᠠᠷ ᠲᠣᠭ᠋ᠠᠲᠤ) (ᠳᠣᠷᠣᠭᠰᠢ 《ᠵᠢᠯᠣᠭᠤᠳᠬᠤ ᠰᠠᠨᠠᠯ》 ᠭᠡᠵᠦ ᠲᠣᠪᠴᠢᠯᠠᠨ᠎ᠠ)᠎ᠢ ᠤᠯᠠᠮᠵᠢᠯᠠᠨ ᠲᠠᠷᠬᠠᠭ᠋ᠠᠪᠠ᠃ 《ᠵᠢᠯᠣᠭᠤᠳᠬᠤ ᠰᠠᠨᠠᠯ》᠎ᠳᠤ ᠵᠢᠭ᠋ᠠᠵᠤ ᠭᠠᠷᠭ᠋ᠠᠭᠰᠠᠨ᠎ᠨᠢ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠴᠥᠮ ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠵᠠᠭᠪᠤᠷ ᠵᠶ᠋ᠠᠷ ᠬᠡᠷᠡᠭᠵᠢᠭᠦᠯᠬᠦ ᠵᠢᠨ ᠬᠠᠮᠲᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠣᠷᠣᠯᠴᠠᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠵᠣᠷᠢᠭᠵᠢᠭᠤᠯᠤᠨ᠎ᠠ ᠭᠡᠵᠡᠢ᠃ 《ᠵᠢᠯᠣᠭᠤᠳᠬᠤ ᠰᠠᠨᠠᠯ》᠎ᠤᠨ ᠳᠠᠭ᠋ᠠᠯᠳᠤᠭᠤᠯᠤᠯ 《ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠣᠷᠣᠯᠴᠠᠬᠤ ᠵᠢ ᠳᠡᠮᠵᠢᠬᠦ ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠰᠢᠨ᠎ᠡ᠎ᠪᠠᠷ ᠪᠠᠶ᠋ᠢᠭᠤᠯᠬᠤ (ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠪᠠᠭᠲᠠᠨ᠎ᠠ) ᠲᠥᠷᠥᠯ ᠵᠦᠢ᠍ᠯ᠎ᠤᠨ ᠨᠠᠷᠢᠨ ᠬᠠᠭᠤᠳᠠᠰᠤ (2023 ᠣᠨ᠎ᠤ ᠬᠡᠪᠯᠡᠯ)》 (ᠳᠣᠷᠣᠭᠰᠢ 《ᠲᠥᠷᠥᠯ ᠵᠦᠢ᠍ᠯ᠎ᠤᠨ ᠨᠠᠷᠢᠨ ᠬᠠᠭᠤᠳᠠᠰᠤ》 ᠭᠡᠵᠦ ᠲᠣᠪᠴᠢᠯᠠᠨ᠎ᠠ)᠎ᠳᠤ ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠲᠥᠷᠥᠯ ᠵᠦᠢ᠍ᠯ᠎ᠢ 《ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠲᠤᠰᠠᠭ᠋ᠠᠷ ᠪᠡᠯᠡ ᠪᠤᠶᠤ ᠬᠤᠪᠢ ᠡᠵᠡᠮᠳᠡᠬᠦ》 《ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠰᠲ᠋ᠣᠺ᠎ᠤᠨ ᠡᠷᠬᠡ ᠵᠢᠨ ᠡᠵᠡᠯᠡᠬᠦ ᠬᠠᠷᠢᠴᠠᠯ᠎ᠢ ᠵᠠᠷᠴᠢᠮ ᠳᠡᠭᠡᠷ᠎ᠡ᠎ᠪᠠᠨ 35%᠎ᠠᠴᠠ ᠳᠣᠤᠷ᠎ᠠ ᠪᠠᠶ᠋ᠢᠯᠭ᠋ᠠᠬᠤ ᠥᠬᠡᠶ》 ᠵᠢᠴᠢ 《ᠢᠳᠡᠪᠬᠢᠲᠡᠶ᠎ᠪᠠᠷ ᠨᠥᠬᠦᠴᠡᠯ ᠪᠦᠷᠢᠯᠳᠦᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠣᠷᠣᠯᠴᠠᠬᠤ ᠵᠢ ᠳᠡᠮᠵᠢᠬᠦ》 ᠭᠡᠵᠦ ᠭᠤᠷᠪᠠᠨ ᠲᠥᠷᠥᠯ᠎ᠳᠤ ᠬᠤᠪᠢᠶᠠᠨ᠎ᠠ᠃ ᠡᠭᠦᠨ᠎ᠳᠤ 《ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ》᠎ᠢ ᠭᠤᠷᠪᠠᠳᠤᠭ᠋ᠠᠷ ᠲᠥᠷᠥᠯ᠎ᠤᠨ ᠲᠥᠷᠥᠯ ᠵᠦᠢ᠍ᠯ ᠵᠶ᠋ᠠᠷ ᠵᠢᠭᠰᠠᠭ᠋ᠠᠪᠠ᠃
ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ 《ᠵᠢᠯᠣᠭᠣᠳᠬᠤ ᠰᠠᠨᠠᠯ》᠎ᠤᠨ ᠲᠤᠬᠠᠶ ᠲᠠᠶ᠋ᠢᠯᠤᠮᠵᠢ ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠢ ᠲᠤᠰ ᠭᠠᠵᠠᠷ᠎ᠤᠨ ᠪᠠᠶ᠋ᠢᠳᠠᠯ ᠵᠶ᠋ᠠᠨ ᠦᠨᠳᠦᠰᠦᠯᠡᠨ ᠰᠦᠢ᠍ᠳᠬᠡᠯ ᠬᠤᠷᠢᠶᠠᠬᠤ ᠵᠠᠰᠠᠮᠠᠯ ᠵᠠᠮ᠎ᠢ ᠰᠢᠨ᠎ᠡ᠎ᠪᠠᠷ ᠪᠠᠶ᠋ᠢᠭᠤᠯᠬᠤ (ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠪᠠᠭᠲᠠᠨ᠎ᠠ) ᠲᠥᠷᠥᠯ ᠵᠦᠢ᠍ᠯ᠎ᠨᠢ 《ᠪᠠᠯᠠ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ》 ᠪᠠᠶ᠋ᠢᠬᠤ ᠵᠢ ᠨᠤᠲᠠᠯᠠᠨ ᠲᠣᠭᠲᠠᠭ᠋ᠠᠬᠤ ᠪᠠᠷᠢᠮᠵᠢᠶ᠎ᠠ᠎ᠳᠤ ᠬᠠᠷᠢᠶᠠᠯᠠᠭᠳᠠᠬᠤ ᠡᠰᠡᠬᠦ᠎ᠳᠤ ᠨᠢᠭᠡᠳᠦᠯᠲᠡᠶ ᠲᠣᠭᠲᠠᠭ᠋ᠠᠯ ᠭᠠᠷᠭ᠋ᠠᠬᠤ ᠵᠢᠨ ᠬᠠᠮᠲᠤ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠬᠦᠷᠢᠶᠡᠨ᠎ᠳᠠᠬᠢ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ ᠮᠠᠨ᠎ᠤ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠠᠯᠠ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ〉 ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠨᠣᠲᠠᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠨᠤᠲᠠᠯᠠᠨ ᠲᠣᠭᠲᠠᠭ᠋ᠠᠬᠤ ᠪᠠᠷᠢᠮᠵᠢᠶ᠎ᠠ》 ᠭᠡᠵᠦ ᠲᠣᠪᠴᠢᠯᠠᠨ᠎ᠠ) ᠵᠢ ᠲᠤᠭᠤᠷᠪᠢᠪᠠ᠃
ᠬᠤᠶᠠᠷ᠂ ᠲᠣᠭᠲᠠᠭ᠋ᠠᠭᠰᠠᠨ ᠶᠠᠪᠤᠴᠠ
(ᠨᠢᠭᠡ) ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ ᠲᠤᠬᠠᠢ ᠨᠣᠲᠠᠯᠠᠨ ᠲᠣᠭᠲᠠᠭ᠋ᠠᠬᠤ ᠨᠥᠬᠥᠴᠡᠯ
《ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ》 ᠭᠡᠳᠡᠭ᠎ᠨᠢ ᠨᠡᠶ᠋ᠢᠭᠡᠮ᠎ᠤᠨ ᠬᠥᠷᠥᠩᠭᠡ ᠪᠡᠯᠡ ᠮᠥᠩᠭᠥ ᠴᠤᠭᠯᠠᠭᠤᠯᠬᠤ ᠴᠢᠳᠠᠪᠤᠷᠢ᠎ᠳᠤ ᠱᠠᠭ᠋ᠠᠷᠳᠠᠯᠭ᠎ᠠ ᠳᠤᠷᠠᠳᠤᠭᠰᠠᠨ ᠶᠠᠪᠤᠳᠠᠯ ᠪᠣᠯᠤᠨ᠎ᠠ᠃ 《ᠨᠣᠲᠠᠯᠠᠨ ᠲᠣᠭᠲᠠᠭ᠋ᠠᠬᠤ ᠪᠠᠷᠢᠮᠵᠢᠶ᠎ᠠ》᠎ᠨᠢ ᠮᠠᠨ᠎ᠤ ᠣᠷᠣᠨ᠎ᠤ ᠪᠠᠶ᠋ᠢᠭᠤᠯᠬᠤ᠎ᠪᠠᠷ ᠪᠠᠶ᠋ᠢᠭ᠎ᠠ ᠪᠠ ᠲᠥᠯᠥᠪᠵᠢᠭᠦᠯᠦᠭᠰᠡᠨ 44 ᠲᠥᠷᠥᠯ ᠵᠦᠢ᠍ᠯ᠎ᠢ ᠭᠤᠤᠯᠳᠠᠯᠭ᠎ᠠ᠎ᠲᠠᠢ ᠡᠮᠬᠢᠯᠡᠨ ᠲᠢᠭᠯᠡᠪᠡ᠂ ᠡᠭᠦᠨ᠎ᠳᠤ᠄ 40 ᠳ᠋ᠦᠩᠰᠢᠭᠤᠷ ᠲᠥᠭᠦᠷᠢᠭ᠎ᠠᠴᠠ ᠳᠡᠭᠡᠭᠰᠢ 12 ᠪᠠᠶ᠋ᠢᠵᠤ᠂ 27.3% ᠵᠢ ᠡᠵᠡᠯᠡᠨ᠎ᠡ; 30 ᠳ᠋ᠦᠩᠰᠢᠭᠤᠷ ᠲᠥᠭᠦᠷᠢᠭ᠎ᠠᠴᠠ ᠳᠡᠭᠡᠭᠰᠢ 22 ᠪᠠᠶ᠋ᠢᠵᠤ᠂ 50% ᠵᠢ ᠡᠵᠡᠯᠡᠨ᠎ᠡ; 20 ᠳ᠋ᠦᠩᠰᠢᠭᠤᠷ ᠲᠥᠭᠦᠷᠢᠭ᠎ᠠᠴᠠ ᠳᠡᠭᠡᠭᠰᠢ 32 ᠪᠠᠶ᠋ᠢᠵᠤ᠂ 72.7% ᠵᠢ ᠡᠵᠡᠯᠡᠨ᠎ᠡ᠃
《ᠵᠢᠯᠣᠭᠤᠳᠬᠤ ᠰᠠᠨᠠᠯ》 ᠵᠢᠴᠢ ᠲᠡᠭᠦᠨ᠎ᠤ ᠳᠦᠬᠦᠷ ᠪᠢᠴᠢᠭ ᠮᠠᠲ᠋ᠧᠷᠢᠶᠠᠯ᠂ ᠥᠷᠭᠡᠨ ᠵᠶ᠋ᠠᠷ ᠪᠠᠶ᠋ᠢᠴᠠᠭ᠋ᠠᠨ ᠰᠤᠳᠤᠯᠤᠯᠲᠠ ᠬᠢᠬᠦ ᠪᠠ ᠰᠠᠨᠠᠯ ᠬᠤᠷᠢᠶᠠᠬᠤ᠎ᠪᠠᠷ ᠳᠠᠮᠵᠢᠭᠤᠯᠤᠨ᠂ ᠪᠠᠷᠢᠮᠵᠢᠶ᠎ᠠ ᠳᠣᠣᠷ᠎ᠠ᠎ᠨᠢ 《ᠵᠢᠯᠣᠭᠤᠳᠬᠤ ᠰᠠᠨᠠᠯ》᠎ᠤᠨ ᠵᠣᠷᠢᠭ ᠰᠠᠨᠠᠭ᠎ᠠ᠎ᠲᠠᠢ ᠨᠡᠶ᠋ᠢᠴᠡᠬᠦ ᠦᠭᠡᠢ ᠪᠠᠶ᠋ᠢᠬᠤ ᠂ ᠪᠠᠷᠢᠮᠵᠢᠶ᠎ᠠ ᠥᠨᠳᠥᠷ᠎ᠨᠢ ᠵᠠᠷᠢᠮ ᠲᠥᠷᠥᠯ ᠵᠦᠢ᠍ᠯ᠎ᠤᠨ ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠵᠠᠭᠪᠤᠷ ᠵᠶ᠋ᠠᠷ ᠪᠦᠲᠦᠭᠡᠨ ᠪᠠᠶ᠋ᠢᠭᠤᠯᠬᠤ ᠪᠣᠯᠣᠮᠵᠢ ᠵᠢ ᠪᠠᠭᠤᠷᠠᠭᠤᠯᠵᠤ ᠮᠡᠳᠡᠬᠦ ᠵᠢᠨ ᠬᠠᠮᠲᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠷᠥᠩᠭᠡ ᠮᠥᠩᠭᠦ ᠵᠢᠨ ᠪᠡᠯᠡ ᠭᠠᠷᠭ᠋ᠠᠬᠤ ᠳᠠᠷᠤᠯᠲᠠ ᠵᠢ ᠨᠡᠮᠡᠭᠳᠡᠭᠦᠯᠬᠦ ᠵᠢ ᠪᠣᠳᠤᠯᠬᠢᠯᠠᠨ᠎ᠠ᠃ ᠡᠶ᠋ᠢᠮᠦ᠎ᠠᠴᠠ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ ᠵᠢᠨ ᠬᠠᠮᠲᠤ ᠪᠤᠰᠤᠳ ᠮᠤᠵᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠶᠡᠷᠦᠩᠬᠡᠶ ᠪᠡᠯᠡ ᠣᠷᠣᠭᠤᠯᠤᠯᠲᠠ᠎ᠨᠢ 30 ᠳ᠋ᠦᠩᠰᠢᠭᠤᠷ ᠵᠢᠴᠢ ᠲᠡᠭᠦᠨ᠎ᠠᠴᠠ ᠳᠡᠭᠡᠭᠰᠢ ᠵᠢ᠎ᠨᠢ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ ᠵᠢᠨ ᠨᠣᠲᠠᠯᠠᠨ ᠲᠣᠭᠲᠠᠭ᠋ᠠᠬᠤ ᠨᠥᠬᠦᠴᠡᠯ ᠪᠣᠯᠭ᠋ᠠᠨ᠎ᠠ᠃
(ᠬᠤᠶᠠᠷ) ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ ᠲᠤᠬᠠᠢ ᠨᠣᠲᠠᠯᠠᠨ ᠲᠤᠭᠳᠠᠭ᠋ᠠᠬᠤ ᠨᠦᠬᠦᠴᠡᠯ
ᠪᠦᠲᠦᠭᠡᠨ ᠪᠠᠶ᠋ᠢᠭᠤᠯᠤᠯᠲᠠ ᠵᠢᠨ ᠬᠦᠴᠢᠷᠳᠡᠯ᠎ᠢ᠎ᠨᠢ ᠶᠡᠷᠦ᠎ᠳᠤ᠎ᠪᠠᠨ ᠬᠥᠭᠦᠷᠭᠡ᠂ ᠨᠦᠬᠡᠨ ᠵᠠᠮ ᠵᠡᠷᠭᠡ ᠡᠵᠡᠮᠳᠡᠯ᠎ᠤᠨ ᠴᠢᠨᠠᠷᠲᠠᠶ ᠪᠠᠷᠢᠯᠭ᠎ᠠ᠎ᠪᠠᠷ ᠲᠣᠭᠲᠠᠭ᠋ᠠᠵᠤ᠂ ᠪᠦᠲᠦᠭᠡᠨ ᠪᠠᠶ᠋ᠢᠭᠤᠯᠬᠤ ᠬᠦᠴᠢᠷᠳᠡᠯ᠎ᠢ᠎ᠨᠢ ᠭᠣᠤᠯᠳᠠᠭᠤ ᠬᠥᠭᠥᠷᠭᠡ ᠨᠦᠬᠡᠨ ᠵᠠᠮ᠎ᠤᠨ ᠳᠡᠰ᠂ ᠲᠥᠷᠥᠯ ᠬᠡᠯᠪᠡᠷᠢ᠂ ᠭᠠᠵᠠᠷ ᠰᠢᠨᠵᠢᠯᠡᠭᠡᠨ᠎ᠤ ᠨᠥᠬᠥᠴᠡᠯ ᠵᠡᠷᠭᠡ᠎ᠲᠠᠢ ᠬᠣᠯᠪᠣᠭᠳᠠᠨ᠎ᠠ᠃ 《ᠵᠠᠰᠠᠮᠠᠯ ᠵᠠᠮ᠎ᠤᠨ ᠢᠨᠵᠧᠨᠧᠷᠢᠩ᠎ᠤᠨ ᠮᠡᠷᠭᠡᠵᠢᠯ᠎ᠤᠨ ᠪᠠᠷᠢᠮᠵᠢᠶ᠎ᠠ》 (JTG B01 - 2014) ᠵᠢ ᠦᠨᠳᠦᠰᠦᠯᠡᠪᠡᠯ᠂ ᠵᠠᠰᠠᠮᠠᠯ ᠵᠠᠮ᠎ᠤᠨ ᠬᠥᠭᠦᠷᠭᠡ ᠵᠢᠨ ᠣᠯᠠᠨ ᠨᠦᠬᠡᠲᠦ ᠠᠯᠭ᠋ᠠᠰᠠᠯ᠎ᠤᠨ ᠪᠥᠬᠥ ᠣᠷᠳᠣᠨ᠎ᠢ 1000 ᠮᠧᠲᠷ᠎ᠠᠴᠠ ᠳᠡᠭᠡᠭᠰᠢ ᠪᠤᠶᠤ ᠲᠠᠩ ᠨᠦᠬᠡᠲᠦ ᠠᠯᠭ᠋ᠠᠰᠠᠯ᠎ᠨᠢ 150 ᠮᠧᠲᠷ᠎ᠠᠴᠠ ᠶᠡᠭᠡ ᠪᠠᠶ᠋ᠢᠬᠤ ᠪᠣᠯ ᠣᠨᠴᠠ ᠶᠡᠭᠡ ᠬᠥᠭᠦᠷᠭᠡ᠂ ᠨᠦᠬᠡᠨ ᠵᠠᠮ᠎ᠤᠨ ᠣᠷᠳᠣᠨ᠎ᠢ 1000 ᠮᠧᠲᠷ᠎ᠠᠴᠠ ᠳᠡᠭᠡᠭᠰᠢ ᠪᠣᠯ ᠣᠷᠳᠣ ᠨᠦᠬᠡᠨ ᠵᠠᠮ ᠪᠣᠯᠤᠨ᠎ᠠ᠃ ᠡᠮᠬᠢᠯᠡᠨ ᠳᠢᠭᠯᠡᠭᠰᠡᠨ 44 ᠲᠥᠷᠥᠯ ᠵᠦᠢ᠍ᠯ᠎ᠤᠨ ᠳᠣᠲᠣᠷ᠎ᠠ᠂ ᠣᠨᠴᠠ ᠶᠡᠭᠡ ᠬᠥᠭᠦᠷᠭᠡ ᠵᠢ ᠪᠠᠭᠲᠠᠭ᠋ᠠᠭᠰᠠᠨ ᠲᠥᠷᠥᠯ ᠵᠦᠢ᠍ᠯ 15 ᠪᠠᠶ᠋ᠢᠵᠤ᠂ 34% ᠵᠢ ᠡᠵᠡᠯᠡᠪᠡ᠃ ᠤᠷᠲᠤ ᠨᠦᠬᠡᠨ ᠵᠠᠮ᠎ᠢ ᠪᠠᠭᠲᠠᠭ᠋ᠠᠭᠰᠠᠨ ᠲᠥᠷᠥᠯ ᠵᠦᠢ᠍ᠯ 4 ᠪᠠᠶ᠋ᠢᠵᠤ᠂ ᠪᠦᠬᠦ ᠬᠠᠷᠢᠴᠠᠯ᠎ᠨᠢ 9.1% ᠵᠢ ᠡᠵᠡᠯᠡᠨ᠎ᠡ᠃
ᠡᠶ᠋ᠢᠮᠦ᠎ᠠᠴᠠ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠪᠠᠶ᠋ᠢᠴᠠ ᠵᠢᠨ ᠨᠥᠬᠥᠴᠡᠯ᠎ᠲᠠᠢ ᠤᠶᠠᠯᠳᠤᠭᠤᠯᠤᠨ᠂ ᠪᠤᠰᠤᠳ ᠮᠤᠵᠢ ᠬᠣᠲᠠ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠣᠨᠴᠠ ᠶᠡᠬᠡ ᠬᠥᠭᠥᠷᠭᠡ ᠵᠢᠨ ᠲᠥᠷᠥᠯ ᠵᠦᠢ᠍ᠯ ᠪᠤᠶᠤ ᠤᠷᠲᠤ ᠨᠦᠬᠡᠨ ᠵᠠᠮ᠎ᠢ ᠪᠠᠭᠲᠠᠭ᠋ᠠᠭᠰᠠᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ ᠵᠢᠨ ᠪᠠᠷᠢᠮᠵᠢᠶ᠎ᠠ᠎ᠪᠠᠷ ᠨᠣᠲᠠᠯᠠᠨ ᠲᠣᠭᠲᠠᠭ᠋ᠠᠨ᠎ᠠ᠃