ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-02-28

    ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠢ᠌ᠳᠠᠯ
    2019 ᠣᠨ᠎ᠳᠤ ᠮᠠᠨ᠎ᠤ ᠲᠢᠩᠬᠢᠮ᠎ᠠᠴᠠ ᠳᠠᠷᠤᠮᠠᠯᠯᠠᠨ ᠶᠠᠪᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠭᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》  《ᠥᠪᠥᠷ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠲᠠᠷᠬᠠᠭ᠋ᠠᠭᠰᠠᠨ [2019] 659 ᠳ᠋ᠦ᠍ᠭᠡᠷ ᠲᠣᠭ᠋ᠠᠲᠤ)᠎ᠨᠢ ᠬᠤᠭᠤᠴᠠᠭ᠎ᠠ᠎ᠨᠢ ᠥᠩᠭᠡᠷᠡᠭᠡᠳ ᠬᠦᠴᠦᠨ ᠥᠬᠡᠶ ᠪᠣᠯᠵᠤ᠂ ᠣᠳᠣᠬᠠᠨ᠎ᠤ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠬᠤ ᠥᠬᠡᠶ ᠪᠣᠯᠪᠠ; 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠡᠭᠦᠷᠭᠡ ᠬᠠᠷᠢᠭᠤᠴᠠᠯᠭ᠎ᠠ ᠪᠠ ᠪᠠᠢ᠌ᠭᠤᠯᠤᠮᠵᠢ ᠵᠢᠨ ᠣᠷᠣᠨ ᠲᠣᠭ᠎ᠠ᠎ᠳᠤ ᠲᠣᠬᠢᠷᠠᠭᠤᠯᠤᠯᠲᠠ ᠬᠢᠵᠦ᠂ ᠮᠠᠨ᠎ᠤ ᠲᠢᠩᠬᠢᠮ᠎ᠳᠤ ᠬᠠᠷᠢᠭᠤᠴᠠᠬᠤ ᠡᠷᠬᠡ ᠮᠡᠳᠡᠯ᠎ᠤᠨ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠡᠮᠡᠭᠳᠡᠵᠦ᠂ ᠪᠥᠬᠥ ᠣᠷᠣᠨ᠎ᠤ ᠡᠷᠬᠡ ᠮᠡᠳᠡᠯ᠎ᠤᠨ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠎ᠤᠨ ᠪᠥᠲᠥᠭᠡᠨ ᠪᠠᠢ᠌ᠭᠤᠯᠤᠯᠲᠠ᠂ ᠠᠵᠢᠯ ᠲᠥᠷᠥᠯ᠎ᠤᠨ ᠠᠶᠦᠯᠭᠦᠢ ᠦᠢᠯᠡᠳᠪᠦᠷᠢᠯᠡᠯ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠠᠵᠢᠯ᠎ᠳᠤ ᠬᠢᠨᠠᠯᠲᠠ ᠳᠡᠯᠪᠢᠨ ᠵᠢᠯᠣᠭᠣᠳᠴᠤ᠂ ᠡᠷᠬᠡ ᠮᠡᠳᠡᠯ᠎ᠤᠨ ᠳᠣᠲᠣᠷᠠᠬᠢ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠳᠡᠯᠪᠢᠨ ᠵᠢᠯᠣᠭᠣᠳᠤᠨ᠎ᠠ᠃ ᠲᠤᠰᠬᠠᠶ ᠮᠡᠷᠭᠡᠵᠢᠯᠲᠡᠨ᠎ᠤ ᠰᠢᠢᠳᠪᠦᠷᠢᠲᠦ ᠪᠣᠳᠣᠯᠭ᠎ᠠ ᠵᠢᠨ ᠠᠰᠠᠭᠤᠨ ᠯᠠᠪᠯᠠᠯᠲᠠ ᠪᠠ ᠮᠡᠷᠭᠡᠵᠢᠯ᠎ᠤᠨ ᠲᠤᠯᠭ᠋ᠠᠭᠤᠷᠢᠯᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠢᠯ ᠲᠥᠷᠥᠯ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠴᠢᠩᠭ᠋ᠠᠳᠬᠠᠵᠤ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠳᠠᠭᠢᠵᠤ ᠵᠠᠰᠠᠪᠤᠷᠢ ᠣᠷᠣᠭᠤᠯᠬᠤ ᠴᠢᠬᠤᠯᠠᠲᠠᠶ ᠪᠣᠯᠪᠠ᠃
    ᠬᠣᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ
    《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠦᠯᠭᠦᠢ ᠦᠢ᠍ᠯᠡᠳᠪᠦᠷᠢᠯᠡᠯ᠎ᠤᠨ ᠬᠠᠤᠯᠢ》᠂      《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠤᠯᠢ》᠂           《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠦᠯᠭᠦᠢ ᠦᠢ᠍ᠯᠡᠳᠪᠦᠷᠢᠯᠡᠯ᠎ᠤᠨ ᠳᠦᠷᠢᠮ》 ᠪᠣᠯᠤᠨ          《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ ᠠᠶᠦᠯᠭᠦᠢ ᠦᠢ᠍ᠯᠡᠳᠪᠦᠷᠢᠯᠡᠯ᠎ᠢ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ          ᠠᠵᠢᠯᠯᠠᠭ᠎ᠠ》 ᠵᠡᠷᠭᠡ ᠵᠢ ᠦᠨᠳᠦᠰᠦᠯᠡᠪᠡ᠃
    ᠭᠤᠷᠪᠠ᠂ ᠵᠠᠰᠠᠪᠤᠷᠢ ᠣᠷᠣᠭᠤᠯᠤᠭᠰᠠᠨ ᠶᠠᠪᠤᠴᠠ
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠪᠣᠯᠤᠨ ᠱᠠᠨ ᠰᠢ ᠮᠤᠵᠢ᠂ ᠱᠠᠨᠰᠢ ᠮᠤᠵᠢ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠣᠭᠲᠠᠭ᠋ᠠᠭᠰᠠᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ ᠵᠢᠨ ᠲᠤᠷᠰᠢᠯᠭ᠎ᠠ ᠪᠠ ᠠᠷᠭ᠎ᠠ ᠬᠢᠳᠡᠯ ᠵᠶ᠋ᠡᠷ ᠯᠠᠪᠯᠠᠯᠲᠠ ᠪᠣᠯᠭ᠋ᠠᠵᠤ᠂ ᠲᠢᠩᠬᠢᠮ᠎ᠤᠨ ᠠᠶᠦᠯᠬᠦᠢ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ ᠲᠦᠷᠦᠭᠦᠯᠡᠨ ᠵᠠᠰᠠᠪᠤᠷᠢ ᠣᠷᠣᠭᠤᠯᠵᠤ᠂ ᠡᠨᠡ ᠬᠦ᠌ ᠰᠠᠭᠤᠷᠢᠨ ᠳᠡᠭᠡᠷ᠎ᠡ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠰᠠᠨᠠᠯ᠎ᠢ 2 ᠤᠳᠠᠭ᠎ᠠ ᠬᠤᠷᠢᠶᠠᠵᠤ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠴᠢ ᠨᠡᠢ᠌ᠭᠡᠮ ᠨᠡᠢ᠌ᠲᠡ ᠵᠢᠨ ᠰᠠᠨᠠᠯ᠎ᠢ 1 ᠤᠳᠠᠭ᠎ᠠ ᠬᠤᠷᠢᠶᠠᠵᠤ᠂ ᠨᠡᠢ᠌ᠲᠡ 6 ᠵᠤᠷᠪᠤᠰ ᠬᠦᠴᠦᠨ ᠪᠥᠬᠥᠶ ᠰᠠᠨᠠᠯ᠎ᠢ ᠭᠥᠯᠢᠶᠡᠨ ᠠᠪᠴᠤ᠂ ᠴᠥᠮ ᠬᠡᠷᠡᠭᠯᠡᠵᠡᠢ; ᠲᠤᠰᠬᠠᠶ ᠮᠡᠷᠭᠡᠵᠢᠯᠲᠡᠨ᠎ᠤ ᠦᠨᠡᠯᠡᠨ ᠬᠢᠨᠠᠬᠤ ᠬᠤᠷᠠᠯ᠎ᠢ ᠵᠣᠬᠢᠶᠠᠨ ᠪᠠᠢ᠌ᠭᠤᠯᠵᠤ᠂ 3 ᠵᠤᠷᠪᠤᠰ ᠰᠠᠨᠠᠯ᠎ᠢ ᠴᠥᠮ ᠬᠦᠯᠢᠶᠡᠨ ᠠᠪᠴᠤ ᠬᠡᠷᠡᠭᠯᠡᠪᠡ; ᠬᠠᠤᠯᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ᠂ ᠬᠤᠪᠢᠳᠠᠨ ᠬᠠᠮᠢᠶᠠᠷᠬᠤ ᠲᠢᠩᠬᠢᠮ᠎ᠤᠨ ᠤᠳᠤᠷᠢᠳᠤᠯᠭ᠎ᠠ᠎ᠠᠴᠠ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠤᠨ ᠰᠤᠳᠤᠯᠵᠤ᠂ ᠳᠤᠷᠠᠳᠤᠭᠰᠠᠨ 4 ᠵᠤᠷᠪᠤᠰ ᠰᠠᠨᠠᠯ᠎ᠢ ᠴᠥᠮ ᠭᠥᠯᠢᠶᠡᠨ ᠠᠪᠴᠤ ᠬᠡᠷᠡᠭᠯᠡᠨ᠂ ᠬᠠᠮᠤᠭ ᠡᠴᠦᠰ᠎ᠲᠤ᠎ᠪᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ (ᠬᠢᠨᠠᠨ ᠵᠥᠪᠯᠡᠬᠦ ᠨᠣᠤᠷᠠᠭ)》          (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠪᠦᠷᠢᠯᠳᠦᠭᠦᠯᠪᠡ᠃ 
    ᠳᠥᠷᠪᠡ᠂ ᠭᠣᠤᠯ ᠠᠭᠤᠯᠭ᠎ᠠ ᠪᠠ ᠵᠠᠰᠠᠪᠤᠷᠢ ᠣᠷᠣᠭᠤᠯᠤᠭᠰᠠᠨ ᠭᠣᠤᠯᠳᠠᠯᠭ᠎ᠠ
    《ᠠᠷᠭ᠎ᠠ》᠎ᠳᠤ ᠶᠡᠷᠦᠩᠬᠡᠶ ᠲᠦᠷᠢᠮ᠂ ᠲᠤᠰᠬᠠᠶ ᠮᠡᠷᠭᠡᠵᠢᠯᠲᠡᠨ᠎ᠢ ᠰᠣᠩᠭᠣᠨ ᠤᠷᠢᠬᠤ᠂ ᠲᠤᠰᠬᠠᠶ ᠮᠡᠷᠭᠡᠵᠢᠯᠲᠡᠨ᠎ᠤ ᠡᠭᠦᠷᠭᠡ᠂ ᠡᠷᠬᠡ ᠪᠠ ᠠᠵᠢᠯ᠎ᠤᠨ ᠲᠦᠷᠢᠮ᠂ ᠲᠣᠮᠢᠯᠠᠬᠤ ᠪᠠ ᠬᠡᠷᠡᠭᠯᠡᠬᠦ᠂ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ᠂ ᠵᠠᠷᠤᠳᠠᠯ ᠪᠠ ᠪᠠᠲᠤᠯᠠᠭ᠎ᠠ᠂ ᠳᠠᠭ᠋ᠠᠯᠳᠤᠭᠤᠯᠤᠯ ᠲᠦᠷᠢᠮ ᠪᠠ ᠳᠠᠭ᠋ᠠᠯᠳᠤᠭᠤᠯᠤᠯ ᠵᠡᠷᠭᠡ 8 ᠬᠡᠰᠡᠭ᠂ 23 ᠵᠦᠢᠯ ᠪᠠᠭᠲᠠᠨ᠎ᠠ᠃ ᠤᠤᠯ᠎ᠤᠨ 《ᠠᠷᠭ᠎ᠠ》᠎ᠲᠠᠢ ᠬᠠᠷᠢᠴᠠᠭᠤᠯᠪᠠᠯ ᠭᠣᠤᠯᠳᠠᠭᠤ ᠳᠣᠤᠷᠠᠬᠢ ᠮᠡᠲᠦ ᠠᠭᠤᠯᠭ᠎ᠠ᠎ᠳᠤ ᠵᠠᠰᠠᠪᠤᠷᠢ ᠣᠷᠣᠭᠤᠯᠪᠠ᠄ ᠨᠢᠭᠡ᠎ᠳᠤ᠂ ᠠᠵᠢᠯ ᠲᠥᠷᠥᠯ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠢ ᠨᠡᠮᠡᠭᠳᠡᠭᠦᠯᠪᠡ; ᠬᠣᠶᠠᠷ᠎ᠲᠤ᠂ ᠲᠤᠰᠬᠠᠶ ᠮᠡᠷᠭᠡᠵᠢᠯᠲᠡᠨ ᠰᠣᠩᠭᠣᠨ ᠤᠷᠢᠬᠤ ᠨᠥᠬᠥᠴᠡᠯ᠎ᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯᠲᠡᠨ ᠰᠣᠩᠭᠣᠨ ᠤᠷᠢᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠪᠠᠲᠤᠯᠠᠨ᠎ᠠ; ᠭᠤᠷᠪᠠ᠎ᠳᠤ᠂ ᠲᠤᠰᠬᠠᠶ ᠮᠡᠷᠭᠡᠵᠢᠯᠲᠡᠨ᠎ᠢ ᠰᠣᠩᠭᠣᠨ ᠤᠷᠢᠬᠤ ᠲᠠᠰ ᠳᠠᠷᠠᠭ᠋ᠠᠯᠠᠯ᠂ ᠲᠤᠰᠬᠠᠶ ᠮᠡᠷᠭᠡᠵᠢᠯᠲᠡᠨ᠎ᠤ ᠵᠠᠷᠤᠳᠠᠯ᠎ᠢ ᠬᠡᠷᠡᠭᠵᠢᠭᠦᠯᠬᠦ ᠪᠠᠷᠢᠮᠵᠢᠶ᠎ᠠ ᠵᠢᠴᠢ ᠲᠤᠰᠬᠠᠶ ᠮᠡᠷᠭᠡᠵᠢᠯᠲᠡᠨ᠎ᠤ ᠵᠠᠷᠤᠳᠠᠯ᠎ᠢ ᠡᠳ᠋ᠯᠡᠬᠦ ᠬᠥᠮᠦᠰ᠎ᠤᠨ ᠬᠡᠪᠴᠢᠶ᠎ᠡ ᠵᠢ ᠲᠣᠭᠲᠠᠭ᠋ᠠᠵᠤ᠂ ᠲᠤᠰᠬᠠᠶ ᠮᠡᠷᠭᠡᠵᠢᠯᠲᠡᠨ᠎ᠢ ᠬᠡᠷᠡᠭᠯᠡᠭᠰᠡᠨ ᠪᠣᠳᠠᠲᠠᠶ ᠪᠠᠢ᠌ᠳᠠᠯ᠎ᠢ ᠨᠠᠩ ᠲᠣᠳᠣᠷᠬᠠᠶ ᠪᠣᠯᠭ᠋ᠠᠪᠠ; ᠳᠥᠷᠪᠡ᠎ᠳᠤ᠂ ᠲᠤᠰᠬᠠᠶ ᠮᠡᠷᠭᠡᠵᠢᠯᠲᠡᠨ᠎ᠤ ᠡᠳ᠋ᠯᠡᠬᠦ ᠡᠷᠬᠡ᠂ ᠵᠢᠷᠤᠮᠯᠠᠬᠤ ᠵᠠᠷᠴᠢᠮ᠂ ᠨᠠᠵᠠᠭ᠋ᠠᠶ ᠲᠠᠯ᠎ᠠ ᠵᠢᠨ ᠨᠠᠷᠢᠨ ᠲᠠᠩᠰᠠ ᠵᠡᠷᠭᠡ ᠠᠭᠤᠯᠭ᠎ᠠ ᠵᠢ ᠨᠡᠮᠡᠭᠳᠡᠭᠦᠯᠵᠦ᠂         《ᠠᠷᠭ᠎ᠠ》 ᠵᠢ ᠨᠠᠩ ᠪᠦᠷᠢᠨ ᠲᠡᠭᠦᠯᠳᠡᠷ ᠪᠣᠯᠭ᠋ᠠᠪᠠ; ᠲᠤᠰᠬᠠᠶ ᠮᠡᠷᠭᠡᠵᠢᠯᠲᠡᠨ᠎ᠢ ᠤᠷᠢᠬᠤ ᠬᠢᠨᠠᠨ ᠵᠥᠪᠰᠢᠶᠡᠷᠡᠬᠦ ᠬᠦᠰᠦᠨᠦᠭᠲᠦ᠂ ᠲᠠᠨᠢᠯᠴᠠᠭᠤᠯᠭ᠎ᠠ ᠵᠢᠨ ᠬᠤᠷᠢᠶᠠᠩᠭᠤᠢ᠌ᠯᠠᠭᠰᠠᠨ ᠬᠦᠰᠦᠨᠦᠭᠲᠦ (ᠠᠩᠬ᠎ᠠ ᠬᠢᠨᠠᠯᠲᠠ ᠵᠢᠨ)᠂ ᠲᠠᠨᠢᠯᠴᠠᠭᠤᠯᠭ᠎ᠠ ᠵᠢᠨ ᠬᠤᠷᠢᠶᠠᠩᠭᠤᠢ᠌ᠯᠠᠭᠰᠠᠨ ᠬᠦᠰᠦᠨᠦᠭᠲᠦ (ᠳᠠᠬᠢᠨ ᠬᠢᠨᠠᠯᠲᠠ ᠵᠢᠨ) ᠵᠢ ᠨᠡᠮᠡᠵᠦ᠂ ᠲᠤᠰᠬᠠᠶ ᠮᠡᠷᠭᠡᠵᠢᠯᠲᠡᠨ᠎ᠤ ᠭᠤᠶᠤᠴᠢᠯᠠᠬᠤ ᠬᠦᠰᠦᠨᠦᠭᠲᠦ ᠵᠢ ᠲᠡᠭᠦᠯᠳᠡᠷᠵᠢᠭᠦᠯᠦᠨ᠂ ᠲᠤᠰᠬᠠᠶ ᠮᠡᠷᠭᠡᠵᠢᠯᠲᠡᠨ ᠬᠡᠷᠡᠭᠯᠡᠬᠦ᠎ᠳᠤ ᠨᠠᠩ ᠵᠢᠷᠤᠮᠵᠢᠭᠤᠨ ᠪᠣᠯᠭ᠋ᠠᠪᠠ᠃

    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
   

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠶ᠋ᠢᠯᠤᠮᠵᠢ᠄ 《ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠰᠢᠯᠭ᠋ᠠᠨ ᠬᠢᠨᠠᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠠᠯᠠ ᠣᠷᠣᠭᠤᠯᠤᠯᠲᠠ ᠵᠢᠨ ᠬᠡᠪᠴᠢᠶ᠎ᠡ᠎ᠪᠠᠷ ᠶᠡᠭᠡ᠂ ᠪᠦᠲᠦᠭᠡᠨ ᠪᠠᠢ᠌ᠭᠤᠯᠤᠯᠲᠠ᠎ᠪᠠᠷ ᠬᠦᠴᠢᠷᠳᠡᠯᠲᠡᠢ〉 ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠨᠤᠲᠠᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠶᠦᠯᠬᠦᠢ ᠦᠢᠯᠡᠳᠪᠦᠷᠢᠯᠡᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ (ᠨᠢᠭᠡ)
 
            