ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-05-21

    ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ ᠪᠠ ᠦᠨᠳᠦᠰᠦᠯᠡᠯ
    《〈ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ ᠵᠢ ᠠᠬᠢᠭᠤᠯᠬᠤ ᠲᠥᠰᠦᠯ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ  ᠶᠠᠪᠤᠳᠠᠯ᠎ᠤᠨ ᠬᠣᠷᠢᠶ᠎ᠠ ᠲᠠᠷᠬᠠᠭ᠋ᠠᠭᠰᠠᠨ  [2024] 7 ᠳ᠋ᠤᠭ᠋ᠠᠷ ᠲᠣᠭ᠋ᠠᠲᠤ》᠂ 《〈2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠵᠠᠮ ᠠᠯᠪᠠᠨ ᠲᠡᠭᠡᠭᠡᠪᠦᠷᠢ ᠵᠢᠨ [2025] 4 ᠳ᠋ᠦ᠍ᠭᠡᠷ ᠲᠣᠭ᠋ᠠᠲᠤ》 ᠵᠢ ᠦᠨᠳᠦᠰᠦᠯᠡᠪᠡ᠃
    ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠲᠣᠮᠣ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠰᠢᠨ᠎ᠡ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡᠨ᠎ᠤ ᠬᠥᠭᠵᠢᠯᠲᠡ ᠵᠢ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠋ᠠᠲᠠᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮᠵᠢ ᠵᠢ ᠲᠤᠯᠭ᠋ᠠᠭᠤᠷᠢᠯᠠᠨ ᠪᠠᠢ᠌ᠭᠤᠯᠬᠤ ᠵᠢᠨ ᠲᠥᠯᠥᠭᠡ᠂ ᠮᠠᠨ᠎ᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡ ᠪᠠ ᠬᠥᠳᠡᠯᠭᠡᠬᠦ ᠬᠦᠴᠦᠨ᠎ᠤ ᠳ᠋ᠢᠶᠠᠨ ᡂᠢ ᠵᠢᠨ ᠰᠢᠨᠡᠳᠬᠡᠬᠦ ᠪᠠᠯᠠ ᠮᠥᠩᠭᠥ ᠵᠢᠨ ᠬᠠᠮᠢᠶᠠᠷᠤᠯᠲᠠ ᠵᠢᠨ ᠪᠣᠳᠠᠲᠠᠶ ᠨᠠᠷᠢᠨ ᠲᠦᠷᠢᠮ᠎ᠢ ᠣᠨᠴᠠᠭ᠋ᠠᠢ᠌ᠯᠠᠨ ᠲᠣᠭᠲᠠᠭ᠋ᠠᠪᠠ᠃
    ᠬᠣᠶᠠᠷ᠂ ᠲᠣᠭᠲᠠᠭ᠋ᠠᠬᠤ ᠶᠠᠪᠤᠴᠠ 
    ᠬᠡᠰᠡᠭ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠺᠣᠮᠫᠠᠨᠢ᠂ ᠨᠡᠢ᠌ᠲᠡ ᠵᠢᠨ ᠮᠠᠰᠢᠨ ᠲᠡᠷᠭᠡ ᠪᠣᠯᠤᠨ ᠬᠥᠳᠡᠯᠭᠡᠭᠴᠢ ᠬᠦᠴᠦᠨ᠎ᠤ ᠳ᠋ᠢᠶᠠᠨ ᡂᠢ ᠦᠢᠯᠡᠳᠪᠦᠷᠢᠯᠡᠬᠦ ᠦᠢᠯᠡᠳᠪᠦᠷᠢ᠎ᠯᠦᠭᠡ ᠶᠠᠷᠢᠯᠴᠠᠬᠤ᠎ᠪᠠᠷ ᠳᠠᠮᠵᠢᠭ᠋ᠠᠳ᠂ ᠬᠡᠰᠡᠭ ᠮᠤᠵᠢ ᠬᠣᠲᠠ ᠵᠢᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠤᠰ ᠨᠠᠷᠢᠨ ᠳᠦᠷᠢᠮ᠎ᠢ ᠲᠣᠭᠲᠠᠭ᠋ᠠᠪᠠ᠃
    ᠭᠤᠷᠪᠠ᠂ ᠭᠣᠣᠯ ᠠᠭᠤᠯᠭ᠎ᠠ
    ᠨᠢᠭᠡ᠎ᠳᠤ᠂ ᠨᠥᠬᠥᠪᠥᠷᠢ ᠥᠭᠬᠦ ᠬᠡᠪᠴᠢᠶ᠎ᠡ ᠵᠢ ᠲᠣᠳᠣᠷᠬᠠᠢ᠌ᠯᠠᠪᠠ᠂ ᠲᠤᠬᠠᠢ᠌ᠯᠠᠪᠠᠯ 2017 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠠᠩᠰᠠᠯᠠᠭᠤᠯᠤᠭᠰᠠᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢ ᠰᠢᠨᠡᠳᠬᠡᠬᠦ ᠵᠢᠴᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠴᠢᠨᠠᠷ᠎ᠢ ᠪᠠᠲᠤᠯᠠᠬᠤ ᠬᠤᠭᠤᠴᠠᠭ᠎ᠠ᠎ᠨᠢ ᠬᠡᠲᠦᠷᠡᠭᠰᠡᠨ ᠪᠤᠶᠤ ᠠᠶᠤᠯᠭᠦᠶ ᠡᠵᠡᠩᠨᠡᠯᠲᠡ ᠵᠢᠨ ᠨᠥᠬᠥᠴᠡᠯ᠎ᠳᠤ ᠥᠯᠥ ᠨᠡᠢ᠌ᠴᠡᠬᠦ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠣᠯᠢᠨ᠎ᠠ᠃
    ᠬᠣᠶᠠᠷ᠎ᠲᠤ᠂ ᠨᠥᠬᠥᠪᠥᠷᠢ ᠥᠭᠬᠦ ᠪᠠᠷᠢᠮᠵᠢᠶ᠎ᠠ ᠵᠢ ᠲᠣᠭᠲᠠᠭ᠋ᠠᠪᠠ᠃ 2024 ᠣᠨ᠎ᠤ ᠨᠡᠢ᠌ᠲᠡ ᠵᠢᠨ ᠮᠠᠰᠢᠨ ᠲᠡᠷᠭᠡ ᠵᠢ ᠰᠢᠨᠡᠳᠬᠡᠬᠦ ᠨᠥᠬᠥᠪᠥᠷᠢ ᠵᠢᠨ ᠪᠠᠷᠢᠮᠵᠢᠶ᠎ᠠ᠎ᠲᠠᠢ ᠬᠠᠷᠢᠴᠠᠭᠤᠯᠪᠠᠯ ᠵᠣᠬᠢᠬᠤ ᠳᠡᠭᠡᠭᠰᠢᠯᠡᠵᠦ᠂ ᠰᠢᠨᠡᠳᠬᠡᠬᠦ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠪᠦᠷᠢ᠎ᠳᠤ 11 ᠲᠦᠮᠡᠨ ᠲᠥᠭᠥᠷᠢᠭ᠎ᠤᠨ ᠨᠥᠬᠥᠪᠥᠷᠢ ᠥᠭᠭᠦᠨ᠎ᠡ; ᠪᠦᠬᠦ ᠲᠡᠷᠭᠡᠨ᠎ᠤ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠣᠯᠢᠬᠤ᠎ᠳᠤ ᠲᠡᠷᠭᠡ ᠪᠦᠷᠢ᠎ᠳᠤ 4.2 ᠲᠦᠮᠡᠨ ᠲᠥᠭᠥᠷᠢᠭ᠎ᠤᠨ ᠨᠥᠬᠥᠪᠥᠷᠢ ᠥᠭᠭᠦᠨ᠎ᠡ᠃
    ᠭᠤᠷᠪᠠ᠎ᠳᠤ᠂ ᠪᠠᠯᠠ ᠮᠥᠩᠭᠥ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ ᠪᠠ ᠮᠠᠲ᠋ᠧᠷᠢᠶᠠᠯ᠎ᠢ ᠨᠠᠷᠢᠯᠢᠭᠵᠢᠭᠤᠯᠪᠠ᠃ ᠨᠥᠬᠥᠪᠥᠷᠢ ᠪᠡᠯᠡ ᠮᠥᠩᠭᠥ ᠭᠤᠶᠤᠴᠢᠯᠠᠬᠤ ᠨᠡᠢ᠌ᠲᠡ ᠵᠢᠨ ᠮᠠᠰᠢᠨ ᠲᠡᠷᠭᠡ ᠡᠵᠡᠩᠨᠡᠭᠴᠢ ᠵᠢᠨ ᠪᠠᠢ᠌ᠭ᠎ᠠ ᠭᠠᠵᠠᠷ᠎ᠨᠢ ᠬᠣᠰᠢᠭᠤ ᠰᠢᠶᠠᠨ᠎ᠳᠤ ᠪᠠᠢ᠌ᠬᠤ᠎ᠨᠢ (ᠠᠢ᠌ᠮᠠᠭ ᠬᠣᠲᠠ ᠵᠢᠨ ᠪᠤᠰᠤ ᠭᠣᠣᠯ ᠬᠣᠲᠠ ᠵᠢᠨ ᠲᠣᠭᠣᠷᠢᠭ)᠂ ᠬᠣᠰᠢᠭᠤ ᠰᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠡᠳᠡᠭᠦᠯᠬᠦ ᠮᠠᠲ᠋ᠧᠷᠢᠶᠠᠯ᠎ᠳᠤ ᠠᠩᠬᠠᠨ᠎ᠤ ᠬᠢᠨᠠᠯᠲᠠ ᠬᠢᠵᠦ᠂ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠬᠢᠨ ᠬᠢᠨᠠᠭᠤᠯᠤᠨ᠎ᠠ; ᠡᠵᠡᠩᠨᠡᠭᠴᠢ ᠵᠢᠨ ᠪᠠᠢ᠌ᠭ᠎ᠠ ᠭᠠᠵᠠᠷ᠎ᠨᠢ ᠠᠢ᠌ᠮᠠᠭ ᠬᠣᠲᠠ ᠵᠢᠨ ᠭᠣᠣᠯ ᠬᠣᠲᠠ ᠵᠢᠨ ᠲᠣᠭᠣᠷᠢᠭ᠎ᠳᠤ ᠪᠠᠢ᠌ᠪᠠᠯ᠂ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠡᠳᠡᠭᠦᠯᠬᠦ ᠮᠠᠲ᠋ᠧᠷᠢᠶᠠᠯ᠎ᠳᠤ ᠬᠢᠨᠠᠨ ᠬᠠᠷᠭᠤᠭᠤᠯᠤᠯᠲᠠ ᠬᠢᠨ᠎ᠡ᠃ ᠮᠠᠨᠵᠤᠤᠷ ᠬᠣᠲᠠ᠂ ᠡᠷᠢᠶᠡᠨ ᠬᠣᠲᠠ ᠵᠢ ᠲᠤᠬᠠᠶ ᠵᠢᠨ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠤᠨ᠎ᠠ᠃
    ᠳᠥᠷᠪᠡ᠎ᠳᠤ᠂ ᠪᠡᠯᠡ ᠮᠥᠩᠭᠥ ᠪᠣᠯᠤᠨ ᠠᠮᠵᠢᠯᠲᠠ ᠪᠦᠲᠦᠮᠵᠢ ᠵᠢᠨ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠪᠠ᠃


ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ

     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠤᠲᠠ ᠵᠢᠨ ᠨᠡᠶ᠋ᠢᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠦᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ  ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ   

 

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠰᠠᠮᠠᠯ ᠵᠠᠮ᠎ᠤᠨ ᠲᠣᠪᠴᠢᠶᠠᠨ᠎ᠤ ᠲᠣᠪᠴᠢᠶᠠᠨ ᠳᠠᠷᠤᠭ᠎ᠠ ᠦ᠋ ᠳ᠋ᠧ ᠵᠢᠨ 《ᠬᠥᠳᠡᠭᠡ ᠲᠤᠰᠬᠤᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠳᠤ ᠲᠠᠶ᠋ᠢᠯᠤᠮᠵᠢ ᠬᠢᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠲᠠᠪᠴᠠᠩ᠎ᠤᠨ ᠵᠠᠮ᠎ᠤᠨ ᠡᠳ᠋ ᠪᠠᠷᠠᠭ᠋ᠠᠨ᠎ᠤ ᠡᠵᠡᠩᠨᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠤᠨ ᠲᠠᠶ᠋ᠢᠯᠤᠮᠵᠢ
《ᠰᠢᠤᠳᠠᠨ᠎ᠤ ᠦᠢ᠍ᠯᠡᠰ᠎ᠤᠨ ᠢᠯᠡᠭᠡᠨ ᠬᠦᠷᠭᠡᠬᠦ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
 
            