ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ᠎ᠶᠢᠨ ᠪᠤᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠨᠢᠭᠡ ᠡᠭᠡᠯᠵᠢ᠎ᠶ᠋ᠢᠨ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》᠎ᠤᠨ ᠲᠠᠢᠯᠤᠮᠵᠢ
ᠨᠡᠶ᠋ᠢᠲᠡᠯᠡᠭᠰᠡᠨ ᠴᠠᠭ᠄ 2026-01-13

ᠨᠢᠭᠡ᠂ 《ᠲᠥᠰᠦᠯ》᠎ᠢ ᠨᠡᠢᠲᠡᠯᠡᠭ᠌ᠰᠡᠨ ᠠᠬᠤᠶ ᠪᠠᠢᠳᠠᠯ ᠵᠢᠴᠢ ᠦᠨᠳᠦᠰᠦᠯᠡᠯ

ᠶᠡᠷᠦᠩᠬᠡᠶ ᠱᠦᠵᠢ ᠰᠢ᠎ᠶ᠋ᠢᠨ ᠫᠢᠩ ᠳᠥᠷᠪᠡᠳᠦᠭᠡᠷ ᠤᠳᠠᠭ᠎ᠠ 《 ᠬᠥᠳᠡᠭᠡ ᠲᠣᠰᠭᠤᠨ᠎ᠤ ᠳᠦᠷᠪᠡᠨ ᠰᠠᠢ᠌ᠨᠲᠠᠢ ᠵᠠᠮ》᠎ᠤᠨ ᠪᠥᠲᠥᠭᠡᠨ ᠪᠠᠢᠭᠤᠯᠤᠯᠲᠠ᠎ᠳᠤ ᠴᠢᠬᠤᠯᠠ ᠵᠢᠭᠠᠪᠤᠷᠢ ᠥᠭ᠌ᠴᠦ᠂ ᠱᠢᠨ᠎ᠡ ᠨᠢᠭᠡ ᠡᠭᠡᠯᠵᠢ᠎ᠶ᠋ᠢᠨ ᠬᠥᠳᠡᠭᠡ ᠲᠣᠰᠭᠤᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃ 2025 ᠣᠨ᠎ᠤ 7 ᠳ᠋ᠤᠭ᠋ᠠᠷ ᠰᠠᠷ᠎ᠠ᠎ᠶ᠋ᠢᠨ 31᠎ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠱᠢᠨ᠎ᠡ ᠨᠢᠭᠡ ᠡᠭᠡᠯᠵᠢ᠎ᠶ᠋ᠢᠨ ᠬᠥᠳᠡᠭᠡ ᠲᠣᠰᠭᠤᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠳᠤ ᠱᠢᠰᠲ᠋ᠧᠮ᠎ᠲᠠᠢ ᠪᠠᠢᠷᠢᠯᠠᠭᠤᠯᠤᠯᠲᠠ ᠬᠢᠵᠦ᠍᠂ 《ᠬᠥᠳᠡᠭᠡ ᠲᠣᠰᠭᠤᠨ᠎ᠤ ᠳᠦᠷᠪᠡᠨ ᠰᠠᠢ᠌ᠨᠲᠠᠢ ᠵᠠᠮ》᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠡᠨᠡ ᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠳᠲᠡᠷ ᠲᠦᠷᠭᠡᠨ ᠵᠣᠬᠢᠶᠠᠨ ᠪᠠᠢᠭᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠲᠦᠷᠦᠭᠦᠯᠡᠨ ᠲᠣᠰ ᠲᠥᠰᠦᠯ᠎ᠢ ᠲᠤᠭᠤᠷᠪᠢᠵᠤ᠂ ᠲᠥᠰᠦᠯ᠎ᠨᠢ ᠥᠪᠥᠷ ᠮᠣᠩᠭᠤᠯ᠎ᠤᠨ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠵᠠᠮ᠎ᠤᠨ ᠲᠣᠤᠷ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠢ ᠴᠢᠩᠭᠠᠷᠠᠭᠤᠯᠤᠨ᠂ ᠵᠠᠰᠠᠯᠲᠠ᠎ᠶ᠋ᠢᠨ ᠴᠢᠳᠠᠪᠤᠷᠢ᠎ᠶ᠋ᠢ ᠱᠢᠯᠢᠳᠡᠭ᠌ᠵᠢᠭᠦᠯᠵᠦ᠍᠂ ᠠᠭᠤᠰᠤᠯᠴᠠᠨ ᠬᠥᠭ᠌ᠵᠢᠬᠦ᠌ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠮᠠᠨ᠎ᠤ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠪᠠᠲᠤ ᠴᠢᠩᠭ᠎ᠠ ᠨᠠᠢᠳᠠᠪᠤᠷᠢᠲᠠᠶ ᠵᠠᠮ ᠬᠠᠷᠢᠯᠴᠠᠭᠠᠨ᠎ᠤ ᠪᠠᠲᠤᠯᠠᠭ᠎ᠠ ᠬᠠᠩᠭ᠋ᠠᠨ᠎ᠠ᠃

ᠬᠣᠶᠠᠷ᠂ ᠶᠡᠷᠦᠩᠬᠡᠶ ᠱᠠᠭᠠᠷᠳᠠᠯᠭ᠎ᠠ ᠪᠣᠯᠤᠨ ᠭᠣᠤᠯ ᠬᠠᠷᠠᠯᠲᠠ

(ᠨᠢᠭᠡ) ᠶᠡᠷᠦᠩᠬᠡᠢ ᠱᠠᠭᠠᠷᠳᠠᠯᠭ᠎ᠠ

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ 《ᠮᠢᠩᠭ᠎ᠠ ᠲᠦᠮᠡ᠎ᠶᠢᠨ ᠢᠨᠵᠧᠨᠧᠷᠢᠩ》 ᠎ᠤᠨ ᠲᠤᠷᠱᠢᠯᠭ᠎ᠠ᠎ᠶ᠋ᠢ ᠰᠤᠷᠤᠯᠴᠠᠨ ᠲᠣᠯᠢᠯᠠᠵᠤ᠂ 《ᠬᠤᠶᠠᠷ ᠶᠡᠭᠡ ᠶᠠᠪᠤᠳᠠᠯ᠎ᠢ ᠰᠠᠢ᠌ᠲᠤᠷ ᠬᠢᠬᠦ》 ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠵᠡᠷᠭᠡ ᠳᠥᠷᠪᠡᠨ ᠵᠠᠩᠭᠢᠯᠠᠭ᠎ᠠ᠎ᠶ᠋ᠢᠨ ᠲᠠᠯ᠎ᠠ᠎ᠪᠠᠷ᠂ ᠱᠢᠨ᠎ᠡ ᠨᠢᠭᠡ ᠡᠭᠡᠯᠵᠢ᠎ᠶ᠋ᠢᠨ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠣᠷᠣᠱᠢᠨ ᠰᠠᠭᠤᠬᠤ᠎ᠳᠤ ᠲᠣᠬᠢᠷᠠᠮᠵᠢᠲᠠᠶ ᠠᠵᠢᠯ ᠦᠢᠯᠡᠰ ᠪᠤᠰᠭᠠᠬᠤ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠮᠠᠯᠴᠢᠨ ᠲᠠᠷᠢᠶᠠᠴᠢᠨ᠎ᠢ ᠳᠠᠢᠴᠢᠯᠠᠨ ᠬᠠᠮᠲᠤ᠎ᠪᠠᠷ ᠴᠢᠨᠡᠭᠡᠯᠢᠭ᠌ᠵᠢᠭᠦᠯᠬᠦ᠌᠎ᠶ᠋ᠢ ᠪᠡᠶᠡᠯᠡᠭᠦᠯᠦᠨ᠎ᠡ᠃

(ᠬᠤᠶᠠᠷ) ᠭᠤᠣᠯ ᠬᠠᠷᠠᠯᠲᠠ (2027 ᠣᠨ)

 ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ 1 ᠲᠦᠮᠡᠨ ᠺᠢᠯᠣᠮᠧᠲᠷ ᠱᠢᠨ᠎ᠡ᠎ᠪᠠᠷ ᠥᠭᠡᠷᠡᠴᠢᠯᠡᠨ ᠪᠠᠢᠭᠤᠯᠬᠤ᠎ᠶ᠋ᠢ ᠪᠡᠶᠡᠯᠡᠭᠦᠯᠵᠦ᠍᠂ ᠱᠢᠶᠠᠩ ᠪᠠᠯᠭᠠᠰᠤᠨ᠎ᠳᠤ ᠭᠤᠷᠪᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠵᠠᠰᠠᠮᠠᠯ ᠵᠠᠮ ᠨᠡᠪᠲᠡᠷᠡᠭᠰᠡᠨ ᠬᠠᠷᠢᠴᠠᠯ 98% ᠎ᠳᠤ ᠬᠦᠷᠴᠦ᠍᠂ ᠪᠠᠢ᠍ᠢᠭᠤᠯᠤᠮᠵᠢᠳᠤ ᠲᠣᠰᠬᠣᠨ᠎ᠳᠤ ᠬᠣᠣᠰ ᠲᠡᠷᠭᠡᠨ᠎ᠦ ᠵᠠᠮ ᠨᠡᠪᠲᠡᠷᠡᠭᠰᠡᠨ ᠬᠠᠷᠢᠴᠠᠯ 48% ᠳ᠋ᠤ᠌ ᠬᠦᠷᠴᠦ᠂ 100 ᠬᠥᠮᠦᠨ᠎ᠠᠴᠠ ᠳᠡᠭᠡᠭ᠌ᠰᠢᠬᠢ ᠠᠢᠯ ᠲᠣᠰᠭᠤᠨ᠎ᠳᠤ ᠬᠠᠲᠠᠭᠤᠷᠠᠭᠤᠯᠤᠭ᠍ᠰᠠᠨ ᠵᠠᠮ ᠨᠡᠪᠲᠡᠷᠡᠭᠰᠡᠨ ᠬᠠᠷᠢᠴᠠᠯ 92% ᠎ᠲᠤ ᠬᠦᠷᠪᠡ; 1 ᠲᠦᠮᠡᠨ ᠺᠢᠯᠣᠮᠧᠲᠷ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂  ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠱᠢᠯᠢᠳᠡᠭ ᠰᠠᠢᠨ ᠳᠤᠮᠳᠠ ᠵᠡᠷᠭᠡ᠎ᠶ᠋ᠢᠨ ᠵᠠᠮ᠎ᠤᠨ ᠨᠣᠷᠮ᠎ᠠ᠎ᠶ᠋ᠢ 85% ᠎ᠠᠴᠠ ᠳᠡᠭᠡᠭ᠌ᠰᠢ ᠪᠠᠢᠯᠭᠠᠵᠤ᠂ 100 ᠰᠠᠭᠤᠷᠢ ᠠᠶᠤᠯ᠎ᠲᠠᠢ ᠬᠥᠭᠦᠷᠭᠡ᠎ᠶ᠋ᠢ ᠥᠭᠡᠷᠡᠴᠢᠯᠡᠨ ᠪᠠᠢᠭᠤᠯᠵᠤ᠂ 3000 ᠺᠢᠯᠣᠮᠧᠲᠷ ᠠᠮᠤᠷ ᠲᠦᠪᠱᠢᠨ ᠠᠮᠢ ᠨᠠᠰᠤ᠎ᠶ᠋ᠢ ᠬᠠᠮᠠᠭᠠᠯᠠᠬᠤ ᠢᠨᠵᠧᠨᠧᠷᠢᠩ᠎ᠢ ᠪᠦᠲᠦᠭᠡᠨ ᠪᠠᠢ᠌ᠭᠤᠯᠤᠨ᠎ᠠ; ᠪᠠᠢᠭᠤᠯᠤᠯᠳᠠᠲᠤ ᠲᠤᠰᠬᠤᠨ ᠎ᠳᠤ ᠨᠡᠢᠲᠡ᠎ᠶ᠋ᠢᠨ ᠮᠠᠱᠢᠨ ᠲᠡᠷᠭᠡ ᠨᠡᠪᠲᠡᠷᠡᠭᠰᠡᠨ ᠨᠣᠷᠮ᠎ᠠ 32% ᠎ᠲᠤ ᠬᠦᠷᠴᠦ᠍᠂ ᠨᠥᠬᠦᠴᠡᠯ ᠪᠦᠷᠢᠳᠦᠭᠰᠡᠨ ᠱᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ ᠠᠶᠠᠨᠴᠢᠳ ᠪᠠ ᠪᠠᠷᠠᠭ᠎ᠠ ᠱᠢᠦᠳᠠᠨ᠎ᠢ ᠠᠭᠤᠰᠤᠯᠴᠠᠭᠤᠯᠤᠨ ᠨᠡᠢᠳᠡᠮ ᠪᠦᠷᠬᠦᠭᠦᠯᠵᠦ᠍᠂ ᠬᠤᠲᠠ ᠬᠥᠳᠡᠭᠡ᠎ᠶ᠋ᠢᠨ ᠵᠠᠮ ᠲᠡᠭᠡᠭᠡᠪᠦᠷᠢ᠎ᠶ᠋ᠢᠨ ᠨᠢᠭᠡ ᠴᠣᠭ᠍ᠴᠠᠵᠢᠭᠤᠯᠤᠭ᠍ᠰᠠᠨ 4A ᠳᠡᠰ ᠵᠢᠴᠢ ᠲᠡᠭᠦᠨ᠎ᠠᠴᠠ ᠳᠡᠭᠡᠭ᠌ᠰᠢᠬᠢ ᠬᠤᠱᠢᠭᠤ ᠱᠢᠶᠠᠨ᠎ᠤ ᠬᠠᠷᠢᠴᠠᠯ 92% ᠎ᠲᠤ ᠬᠦᠷᠪᠡ᠃

(ᠭᠤᠷᠪᠠ) ᠠᠯᠤᠰ᠎ᠤᠨ ᠬᠠᠷᠠᠯᠲᠠ (2035 ᠣᠨ)

《ᠬᠡᠪᠴᠢᠶ᠎ᠡ ᠪᠦᠲᠦᠴᠡ᠎ᠨᠢ ᠵᠦᠶ ᠵᠣᠬᠢᠰᠲᠠᠶ᠂ ᠪᠡᠯᠡᠳᠭᠡᠮᠵᠢ᠎ᠶ᠋ᠢᠨ ᠶᠠᠰᠤ ᠴᠢᠨᠠᠷ᠎ᠨᠢ ᠱᠢᠯᠢᠳᠡᠭ ᠰᠠᠢᠨ᠂ ᠵᠠᠰᠠᠯᠲᠠ᠎ᠨᠢ ᠵᠢᠷᠤᠮᠵᠢᠭᠤᠨ ᠪᠦᠲᠦᠮᠵᠢᠲᠡᠶ᠂ ᠲᠡᠭᠡᠭᠡᠪᠦᠷᠢ᠎ᠶ᠋ᠢᠨ ᠦᠶ᠋ᠯᠡᠴᠢᠯᠡᠭᠡ᠎ᠨᠢ ᠴᠢᠨᠠᠷ ᠰᠠᠢᠲᠠᠶ》 ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ 《 ᠬᠥᠳᠡᠭᠡ ᠲᠣᠰᠭᠤᠨ᠎ᠤ ᠳᠦᠷᠪᠡᠨ ᠰᠠᠢ᠌ᠨᠲᠠᠢ ᠵᠠᠮ》 ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ ᠪᠠ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠦᠨᠳᠦᠰᠦᠨ᠎ᠳᠡᠭᠡᠨ ᠬᠠᠩᠭᠠᠨ᠎ᠠ᠃

ᠭᠤᠷᠪᠠ᠂ ᠨᠠᠢ᠍ᠮᠠ ᠶᠡᠭᠡ ᠳᠡᠭᠡᠭ᠌ᠰᠢᠯᠡᠭᠦᠯᠬᠦ᠌ ᠠᠵᠢᠯᠯᠠᠭ᠎ᠠ

《ᠨᠠᠢ᠍ᠮᠠᠨ ᠶᠡᠭᠡ ᠳᠡᠭᠡᠭ᠌ᠰᠢᠯᠡᠭᠦᠯᠬᠦ᠌ ᠠᠵᠢᠯᠯᠠᠭ᠎ᠠ》 ᠎ᠶᠢᠨ ᠲᠣᠭᠤᠷᠢᠨ᠎ᠳᠤ᠂ ᠵᠠᠩᠭᠢᠯᠠᠭ᠎ᠠ᠎ᠶ᠋ᠢᠨ ᠡᠭᠦᠷᠭᠡ ᠬᠢᠭᠡᠳ ᠬᠡᠮᠵᠢᠶᠡᠯᠡᠭ᠌ᠰᠡᠨ ᠭᠦᠢᠴᠡᠳᠭᠡᠯ ᠲᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂  ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃

ᠨᠢᠭᠡ᠎ᠳᠤ᠂ ᠵᠠᠮ᠎ᠤᠨ ᠲᠣᠤᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠭᠤᠣᠯ ᠲᠣᠣᠷ᠎ᠢ ᠳᠡᠰ ᠳᠡᠪᠰᠢᠭᠦᠯᠬᠦ (800 ᠺᠢᠯᠣᠮᠧᠲᠷ ᠲᠡᠭᠦᠯᠳᠡᠷᠵᠢᠭᠦᠯᠦᠨ᠎ᠡ)᠂ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠰ ᠳᠡᠪᠱᠢᠭᠦᠯᠦᠨ ᠥᠭᠡᠷᠡᠴᠢᠯᠡᠨ ᠵᠠᠰᠠᠬᠤ (ᠬᠤᠣᠰ ᠲᠡᠷᠭᠡᠨ᠎ᠦ ᠵᠠᠮ ᠢ᠋ 500 ᠺᠢᠯᠣᠮᠧᠲᠷ ᠳᠡᠭᠡᠭᠰᠢᠯᠡᠭᠦᠯᠵᠦ᠂ ᠳᠡᠳ᠋ ᠮᠠᠭᠤ ᠵᠠᠮ ᠢ᠋ 1400 ᠺᠢᠯᠣᠮᠧᠲᠷ ᠥᠭᠡᠷᠡᠴᠢᠯᠡᠨ᠎ᠡ )᠂ ᠰᠠᠭᠤᠷᠢ ᠲᠣᠣᠷ᠎ᠢ ᠤᠷᠲᠤᠳᠭᠠᠨ ᠨᠡᠪᠲᠡᠷᠡᠭᠦᠯᠬᠦ᠌ (100 ᠬᠥᠮᠥᠨ᠎ᠠᠴᠠ ᠳᠡᠭᠡᠭ᠌ᠰᠢᠬᠢ ᠪᠠᠢ᠌ᠭ᠋ᠠᠯᠢ᠎ᠶᠢᠨ ᠲᠣᠰᠭᠤᠨ᠎ᠳᠤ 1000 ᠺᠢᠯᠣᠮᠧᠲᠷ᠂ ᠡᠯᠡᠰᠦ᠎ᠶᠢ ᠲᠤᠭᠤᠯᠤᠭᠰᠠᠨ/ 4500 ᠺᠢᠯᠣᠮᠧᠲᠷ ᠲᠣᠣᠷ ᠬᠤᠯᠪᠤᠭᠰᠠᠨ ᠵᠠᠮ) ᠎ᠶ᠋ᠢ ᠲᠦᠯᠬᠢᠨ ᠠᠬᠢᠭᠤᠯᠵᠤ᠂  ᠬᠦᠳᠡᠭᠡ ᠲᠤᠰᠬᠤᠨ ᠮᠠᠯᠵᠢᠬᠤ ᠣᠷᠣᠨ᠎ᠤ 1 ᠲᠦᠮᠡᠨ ᠺᠢᠯᠣᠮᠧᠲᠷ ᠵᠠᠰᠠᠮᠠᠯ ᠵᠠᠮ᠎ᠢ ᠱᠢᠨ᠎ᠡ᠎ᠪᠠᠷ ᠥᠭᠡᠷᠡᠴᠢᠯᠡᠨ ᠪᠠᠢᠭᠤᠯᠬᠤ ᠬᠠᠷᠠᠯᠲᠠ᠎ᠶ᠋ᠢ ᠦᠨᠡᠨᠬᠦ᠌ ᠪᠠᠲᠤᠯᠠᠨ᠎ᠠ᠃

ᠬᠤᠶᠠᠷ᠎ᠲᠤ᠌᠂ ᠠᠮᠤᠷ ᠲᠦᠪᠱᠢᠨ᠎ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠮᠥᠨ ᠴᠢᠨᠠᠷ᠎ᠤᠨ ᠠᠮᠤᠷ ᠲᠦᠪᠱᠢᠨ᠎ᠢ ᠳᠡᠭᠡᠭ᠌ᠰᠢᠯᠡᠭᠦᠯᠵᠦ᠍᠂ 100 ᠰᠠᠭᠤᠷᠢ ᠨᠤᠷᠠᠬᠤ ᠠᠶᠤᠯᠲᠠᠶ ᠬᠥᠭᠦᠷᠭᠡ᠎ᠶ᠋ᠢ ᠥᠭᠡᠷᠡᠴᠢᠯᠡᠵᠦ᠍᠂ 80 ᠰᠠᠭᠤᠷᠢ ᠤᠰᠤ ᠥᠩᠭᠡᠷᠡᠬᠦ᠌ ᠵᠠᠮ᠎ᠤᠨ ᠭᠠᠳᠠᠷᠭᠤ᠎ᠶ᠋ᠢᠨ ᠬᠥᠭᠦᠷᠭᠡ᠎ᠶ᠋ᠢ ᠱᠢᠨ᠎ᠡ᠎ᠪᠠᠷ ᠪᠠᠢᠭᠤᠯᠵᠤ᠂ 3000 ᠺᠢᠯᠣᠮᠧᠲᠷ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠂ ᠠᠶᠤᠯᠲᠠᠢ ᠬᠥᠭᠥᠷᠭᠡ ᠠᠶᠤᠯᠲᠠᠢ ᠨᠦᠬᠡᠨ ᠵᠠᠮ᠎ᠢ ᠬᠥᠳᠡᠯᠦᠩᠭᠦᠢ᠎ᠪᠡᠷ ᠲᠡᠭ ᠪᠣᠯᠭᠠᠬᠤ᠎ᠶᠢ ᠪᠡᠶᠡᠯᠡᠭᠦᠯᠦᠨ᠎ᠡ; ᠭᠠᠮᠱᠢᠭ᠎ᠲᠠᠢ ᠲᠡᠮᠡᠴᠡᠵᠦ᠍ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠴᠢᠩᠭᠠᠳᠭᠠᠵᠤ᠂ ᠨᠥᠬᠦᠴᠡᠯ ᠪᠦᠷᠢᠳᠦᠭᠰᠡᠨ 50 ᠵᠠᠰᠠᠮᠠᠯ ᠵᠠᠮ᠎ᠤᠨ ᠬᠠᠮᠢᠶᠠᠷᠤᠯᠲᠠ᠎ᠶ᠋ᠢᠨ ᠥᠷᠲᠡᠭᠡ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠨᠥᠭᠡᠴᠡᠯᠡᠬᠦ᠌ ᠴᠢᠳᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠤᠨ᠎ᠠ; ᠲᠡᠭᠡᠭᠡᠪᠦᠷᠢ᠎ᠶ᠋ᠢᠨ ᠠᠮᠤᠷ ᠲᠦᠪᠱᠢᠨ᠎ᠢ ᠪᠠᠲᠤᠯᠠᠵᠤ᠂ ᠠᠳᠡᠯ ᠠᠮᠠᠷᠬᠠᠨ ᠭᠠᠷᠬᠤ ᠵᠠᠮ᠎ᠤᠨ ᠠᠭᠤᠯᠵᠠᠷ᠎ᠢ ᠴᠡᠭ᠌ᠴᠡᠯᠡᠨ ᠵᠠᠰᠠᠵᠤ᠂ ᠠᠮᠤᠷ ᠲᠦᠪᠱᠢᠨ᠎ᠤ ᠰᠣᠳᠣᠨ ᠵᠢᠱ᠌ᠢᠶ᠎ᠡ ᠦᠵᠡᠭᠦᠯᠬᠦ᠌ ᠵᠠᠮ᠎ᠢ ᠪᠣᠶ ᠪᠣᠯᠭᠠᠨ᠎ᠠ᠃

ᠭᠤᠷᠪᠠ᠎ᠳᠤ᠂ ᠲᠡᠭᠡᠭᠡᠪᠦᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠬᠤᠲᠠ ᠬᠥᠳᠡᠭᠡ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠵᠤ᠂ ᠪᠠᠢᠭᠤᠯᠤᠯᠲᠠᠲᠤ ᠲᠣᠰᠭᠤᠨ᠎ᠳᠤ ᠠᠶᠠᠨᠴᠢᠳ᠎ᠤᠨ ᠮᠠᠱᠢᠨ ᠲᠡᠷᠭᠡ ᠨᠡᠪᠲᠡᠷᠡᠬᠦ ᠨᠣᠷᠮ᠎ᠠ᠎ᠶ᠋ᠢ 100%᠂ ᠨᠡᠢᠲᠡ᠎ᠶ᠋ᠢᠨ ᠮᠠᠱᠢᠨ ᠲᠡᠷᠭᠡ ᠨᠡᠪᠲᠡᠷᠡᠬᠦ᠌ ᠨᠣᠷᠮ᠎ᠠ᠎ᠶ᠋ᠢ 32% ᠎ᠲᠤ ᠬᠦᠷᠦᠭᠦᠯᠵᠦ᠍᠂ ᠬᠤᠲᠠ ᠬᠥᠳᠡᠭᠡ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢ ᠨᠢᠭᠡ ᠴᠣᠭ᠍ᠴᠠᠵᠢᠭᠤᠯᠤᠭ᠍ᠰᠠᠨ 5A ᠲᠠᠰ᠎ᠤᠨ ᠬᠤᠱᠢᠭᠤ ᠱᠢᠶᠠᠨ᠎ᠤ ᠬᠠᠷᠢᠴᠠᠯ᠎ᠢ 60% ᠎ᠳᠤ ᠬᠦᠷᠦᠭᠦᠯᠬᠦ᠌᠎ᠶ᠋ᠢ ᠦᠨᠡᠨ ᠬᠦ᠌ ᠪᠠᠲᠤᠯᠠᠨ᠎ᠠ; ᠪᠠᠷᠠᠭᠠᠨ᠎ᠤ ᠲᠡᠭᠡᠭᠡᠪᠦᠷᠢ᠎ᠶ᠋ᠢᠨ ᠪᠠᠷᠠᠭᠠᠨ᠎ᠤ ᠭᠦᠢᠯᠭᠡᠭᠡ᠎ᠶ᠋ᠢ ᠨᠢᠭᠡ ᠴᠣᠭ᠍ᠴᠠᠵᠢᠭᠤᠯᠬᠤ᠎ᠶ᠋ᠢ ᠲᠡᠭᠦᠯᠳᠡᠷᠵᠢᠭᠦᠯᠵᠦ᠍᠂ ᠱᠢᠶᠠᠨ ᠱᠢᠶᠠᠩ᠎ᠤᠨ ᠪᠠᠷᠠᠭᠠᠨ᠎ᠤ ᠭᠦᠢᠯᠭᠡᠭᠡᠨ᠎ᠤ ᠵᠠᠩᠭᠢᠯᠠᠭ᠎ᠠ᠎ᠶ᠋ᠢᠨ ᠴᠡᠭ᠎ᠢ ᠪᠦᠷᠢᠨ ᠪᠦᠷᠬᠦᠭᠦᠯᠬᠦ᠌᠎ᠶ᠋ᠢ ᠪᠡᠶᠡᠯᠡᠭᠦᠯᠵᠦ᠍᠂ 《ᠲᠦᠷᠭᠡᠨ ᠢᠯᠡᠭᠡᠯᠲᠡ᠎ᠶ᠋ᠢ ᠲᠣᠰᠭᠤᠨ᠎ᠳᠤ ᠣᠷᠣᠭᠤᠯᠬᠤ》 ᠨᠡᠪᠲᠡᠷᠡᠯ᠎ᠤᠨ ᠨᠣᠷᠮ᠎ᠠ᠎ᠶ᠋ᠢ 97% ᠎ᠳᠤ ᠬᠦᠷᠦᠭᠦᠯᠦᠨ᠎ᠡ; ᠠᠶᠠᠨᠴᠢᠳ ᠪᠠ ᠪᠠᠷᠠᠭ᠎ᠠ ᠱᠢᠦᠳᠠᠨ ᠎ᠤ ᠠᠭᠤᠰᠤᠯᠴᠠᠯ᠎ᠢ ᠭᠦᠨᠵᠡᠭᠡᠢᠷᠡᠭᠦᠯᠵᠦ᠍᠂ ᠬᠠᠮᠲᠤᠷᠠᠨ ᠠᠵᠢᠯᠯᠠᠬᠤ ᠵᠠᠮ ᠱᠤᠭᠤᠮ᠎ᠢ 240 ᠵᠤᠷᠪᠤᠰ᠎ᠠᠴᠠ ᠳᠡᠭᠡᠭ᠌ᠰᠢ ᠨᠡᠪᠲᠡᠷᠡᠭᠦᠯᠵᠦ᠍᠂ ᠨᠥᠬᠦᠴᠡᠯ ᠪᠦᠷᠢᠳᠦᠭᠦᠯᠦᠭ᠌ᠰᠡᠨ ᠱᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠢ ᠬᠠᠮᠤᠷᠤᠨ᠎ᠠ᠃

ᠳᠥᠷᠪᠡ᠎ᠳᠤ᠂ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠬᠢᠭᠡᠳ ᠣᠷᠣᠨ ᠨᠤᠲᠤᠭ᠎ᠤᠨ ᠮᠡᠷᠭᠡᠵᠢᠯ᠎ᠤᠨ ᠪᠠᠷᠢᠮᠵᠢᠶ᠎ᠠ᠎ᠶ᠋ᠢᠨ ᠲᠣᠭᠲᠠᠯᠴᠠᠭ᠎ᠠ᠎ᠶ᠋ᠢ ᠪᠦᠷᠢᠨᠱᠢᠬᠦᠯᠵᠦ᠍᠂ ᠵᠠᠮ᠎ᠤᠨ ᠳᠠᠷᠤᠭ᠎ᠠ᠎ᠶ᠋ᠢᠨ ᠲᠦᠷᠢᠮ ᠵᠢᠴᠢ ᠬᠠᠮᠢᠶᠠᠷᠴᠤ᠌ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ᠎ᠶ᠋ᠢᠨ ᠨᠠᠷᠢᠨ ᠬᠠᠭᠤᠳᠠᠰᠤ᠎ᠶ᠋ᠢ ᠲᠡᠭᠦᠯᠳᠡᠷᠵᠢᠭᠦᠯᠦᠨ᠎ᠡ; ᠡᠳᠦᠷ ᠲᠤᠲᠤᠮ᠎ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ᠎ᠶ᠋ᠢ ᠬᠤᠪᠢᠶᠠᠨ ᠡᠭᠦᠷᠭᠡᠯᠡᠬᠦ᠌ ᠬᠠᠷᠢᠴᠠᠯ᠎ᠢ ᠨᠠᠢᠳᠠᠪᠤᠷᠢᠵᠢᠭᠤᠯᠵᠤ᠂ ᠵᠠᠮ᠎ᠤᠨ ᠴᠠᠭ᠍ᠳᠠᠭ᠎ᠠ᠎ᠶ᠋ᠢᠨ ᠬᠠᠮᠲᠤᠷᠠᠨ ᠬᠠᠤᠯᠢ ᠬᠡᠷᠡᠭ᠌ᠵᠢᠭᠦᠯᠵᠦ᠍ ᠲᠣᠭ᠍ᠲᠠᠴᠠ᠎ᠠᠴᠠ ᠳᠠᠪᠠᠬᠤ᠎ᠶᠢ ᠪᠦᠷᠢᠨᠱᠢᠭᠦᠯᠦᠨ᠎ᠡ; ᠳ᠋ᠢᠭᠢᠲᠴᠢᠯᠡᠭᠰᠡᠨ ᠬᠠᠮᠢᠶᠠᠷᠤᠯᠲᠠ᠎ᠶ᠋ᠢᠨ ᠲᠤᠭᠲᠠᠯᠴᠠᠭ᠎ᠠ᠎ᠶᠢ ᠪᠠᠢᠭᠤᠯᠵᠤ᠂ ᠨᠥᠬᠦᠴᠡᠯ ᠪᠦᠷᠢᠯᠳᠦᠭᠦᠯᠦᠭ᠌ᠰᠡᠨ ᠵᠠᠮ᠎ᠤᠨ ᠬᠡᠰᠡᠭ᠎ᠲᠤ ᠠᠦ᠋ᠲ᠋ᠣᠴᠢᠯᠠᠭ᠍ᠰᠠᠨ ᠪᠠᠢᠴᠠᠭᠠᠨ ᠬᠡᠮᠵᠢᠯᠲᠡ᠎ᠶ᠋ᠢ 100% ᠎ᠪᠠᠷ ᠪᠡᠶᠡᠯᠡᠭᠦᠯᠦᠨ᠎ᠡ᠃

ᠲᠠᠪᠤ᠎ᠳᠤ᠂ ᠭᠠᠳᠠᠭ᠍ᠰᠢ ᠭᠠᠷᠬᠤ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ 1 ᠲᠦᠮᠡᠨ ᠺᠢᠯᠣᠮᠧᠲᠷ ᠬᠡᠷᠡᠭ᠌ᠵᠢᠭᠦᠯᠵᠦ᠍᠂ ᠱᠢᠯᠢᠳᠡᠭ ᠰᠠᠢᠨ ᠳᠤᠮᠳᠠ ᠵᠡᠷᠭᠡ᠎ᠶ᠋ᠢᠨ ᠵᠠᠮ᠎ᠤᠨ ᠨᠣᠷᠮ᠎ᠠ᠎ᠶ᠋ᠢᠨ 85% ᠎ᠠᠴᠠ ᠳᠡᠭᠡᠭ᠌ᠰᠢᠬᠢ᠎ᠶ᠋ᠢ ᠪᠠᠲᠤᠯᠠᠵᠤ᠂ ᠪᠣᠬᠢᠷᠲᠤᠯ ᠥᠬᠡᠶ ᠡᠨᠧᠷᠭᠢ ᠠᠷᠪᠢᠯᠠᠬᠤ 《ᠳᠥᠷᠪᠡᠨ ᠱᠢᠨ᠎ᠡ》 ᠎ᠶ᠋ᠢᠨ ᠮᠡᠷᠭᠡᠵᠢᠯ᠎ᠢ ᠳᠡᠯᠭᠡᠷᠡᠭᠦᠯᠦᠨ᠎ᠡ; ᠪᠣᠭᠤᠳᠠᠯᠯᠠᠵᠤ ᠳᠠᠭᠠᠭᠠᠴᠢᠯᠠᠯᠲᠠ ᠵᠠᠷᠯᠠᠬᠤ᠂ ᠵᠠᠬ᠎ᠠ ᠳᠡᠯᠭᠡᠭᠦᠷᠴᠢᠯᠡᠨ ᠠᠷᠠᠴᠢᠯᠠᠨ ᠬᠠᠮᠠᠭᠠᠯᠠᠬᠤ ᠵᠡᠷᠭᠡ ᠣᠯᠠᠨ ᠡᠱᠢᠲᠦ ᠵᠠᠭ᠍ᠪᠤᠷ᠎ᠢ ᠰᠦᠪᠡᠭ᠌ᠴᠢᠯᠡᠨ᠎ᠡ; ᠵᠠᠮ ᠬᠠᠷᠢᠯᠴᠠᠭᠠᠨ᠎ᠤ ᠦᠢᠯᠡᠴᠢᠯᠡᠭᠡᠨ᠎ᠤ ᠥᠷᠲᠡᠭᠡ᠂ ᠣᠯᠠᠨ ᠨᠡᠢᠲᠡ᠎ᠶ᠋ᠢᠨ ᠴᠠᠬᠢᠯᠭᠠᠨ ᠴᠡᠨᠡᠭ᠌ᠯᠡᠬᠦ᠌ ᠪᠡᠯᠡᠳᠭᠡᠮᠵᠢ ᠵᠢᠴᠢ ᠬᠥᠲᠥᠯᠥᠨ ᠵᠢᠯᠣᠭᠤᠳᠭᠤ ᠲᠡᠮᠳᠡᠭ᠎ᠢ ᠲᠡᠭᠦᠯᠳᠡᠷᠵᠢᠭᠦᠯᠵᠦ᠍᠂ ᠶᠠᠪᠤᠵᠤ ᠰᠠᠭᠤᠬᠤ᠎ᠳᠤ ᠳᠥᠭᠦᠮ ᠦᠵᠡᠭᠦᠯᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃

ᠵᠢᠷᠭᠤᠭ᠎ᠠ᠎ᠳᠤ᠂ ᠡᠶᠡᠲᠠᠢ ᠰᠠᠢ᠌ᠬᠠᠨ ᠬᠥᠳᠡᠭᠡ ᠲᠣᠰᠭᠤᠨ᠎ᠢ ᠳᠡᠭᠡᠭ᠌ᠰᠢᠯᠡᠭᠦᠯᠬᠦ᠌ ᠠᠵᠢᠯᠯᠠᠭ᠎ᠠ᠃ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠵᠠᠮ 600 ᠺᠢᠯᠣᠮᠧᠲᠷ᠂ ᠵᠢᠭᠤᠯᠴᠢᠯᠠᠯ᠎ᠤᠨ ᠵᠠᠰᠠᠮᠠᠯ ᠵᠠᠮ ᠵᠡᠷᠭᠡ ᠨᠡᠷᠡᠲᠦ ᠲᠥᠷᠥᠯ ᠲᠡᠮᠳᠡᠭ᠌ᠲᠦ ᠵᠠᠰᠠᠮᠠᠯ ᠵᠠᠮ᠎ᠢ 700 ᠺᠢᠯᠣᠮᠧᠲᠷ ᠪᠦᠲᠦᠭᠡᠨ ᠪᠠᠢᠭᠤᠯᠤᠨ᠎ᠠ; 2000 ᠺᠢᠯᠣᠮᠧᠲᠷ ᠵᠠᠮ᠎ᠤᠨ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠎ᠶ᠋ᠢ ᠬᠡᠷᠡᠭ᠌ᠵᠢᠭᠦᠯᠵᠦ᠍᠂ ᠨᠥᠬᠥᠴᠡᠯ ᠪᠦᠷᠢᠳᠦᠭᠰᠡᠨ ᠵᠠᠮ᠎ᠤᠨ ᠬᠡᠰᠡᠭ᠎ᠲᠦ ᠵᠠᠮ ᠪᠠ ᠣᠷᠣᠨ ᠰᠠᠭᠤᠴᠠ᠎ᠶᠢ ᠥᠮᠴᠢ ᠬᠤᠪᠢᠶᠠᠬᠤ᠂ ᠵᠠᠮ ᠪᠠ ᠲᠠᠷᠢᠶ᠎ᠠ᠎ᠶᠢ ᠥᠮᠴᠢ ᠬᠤᠪᠢᠶᠠᠬᠤ᠎ᠶᠢ ᠲᠦᠯᠬᠢᠨ ᠠᠬᠢᠭᠤᠯᠤᠨ᠎ᠠ; ᠲᠡᠦᠬᠡ ᠬᠥᠮᠦᠨ ᠨᠡᠢᠭᠡᠮ᠎ᠤᠨ ᠬᠥᠳᠡᠭᠡ ᠲᠣᠰᠭᠤᠨ᠎ᠤ ᠵᠠᠮ᠎ᠢ 10 ᠵᠤᠷᠪᠤᠰ ᠪᠦᠲᠦᠭᠡᠨ ᠪᠠᠢᠭᠤᠯᠵᠤ᠂ ᠡᠷᠲᠡᠨ᠎ᠤ ᠬᠥᠭᠦᠷᠭᠡ᠂ ᠡᠷᠲᠡᠨ᠎ᠤ ᠵᠠᠮ ᠵᠡᠷᠭᠡ ᠵᠠᠮ ᠬᠠᠷᠢᠯᠴᠠᠭᠠᠨ᠎ᠤ ᠦᠯᠡᠳᠡᠭ᠌ᠳᠡᠯ᠎ᠢ ᠬᠠᠮᠠᠭᠠᠯᠠᠨ᠎ᠠ᠃

ᠲᠤᠯᠤᠭ᠎ᠠ᠎ᠳᠤ᠂ ᠠᠵᠤ ᠦᠢᠯᠡᠰ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠳᠤ ᠬᠦᠴᠦᠨ ᠨᠡᠮᠡᠷᠢᠯᠡᠨ᠎ᠡ᠃ ᠵᠢᠭᠤᠯᠴᠢᠯᠠᠯ᠎ᠤᠨ ᠵᠠᠮ ᠱᠤᠭᠤᠮ᠂ ᠡᠬᠢ ᠪᠠᠶᠠᠯᠢᠭ᠎ᠤᠨ ᠵᠠᠮ᠂ ᠠᠵᠤ ᠦᠢᠯᠡᠰ᠎ᠤᠨ ᠵᠠᠮ᠎ᠢ 1800 ᠺᠢᠯᠣᠮᠧᠲᠷ ᠪᠦᠲᠦᠭᠡᠨ ᠪᠠᠢᠭᠤᠯᠵᠤ᠂ ᠵᠠᠮ ᠬᠠᠷᠢᠯᠴᠠᠭ᠎ᠠ ᠪᠠ ᠵᠢᠭᠤᠯᠴᠢᠯᠠᠯ᠎ᠢ ᠠᠭᠤᠰᠤᠯᠴᠠᠭᠤᠯᠬᠤ ᠰᠣᠳᠣᠨ ᠵᠠᠮ᠎ᠢ 20 ᠵᠤᠷᠪᠤᠰ ᠪᠣᠶ ᠪᠣᠯᠭᠠᠨ᠎ᠠ; ᠵᠠᠮ᠎ᠤᠨ ᠠᠵᠤ ᠠᠬᠤᠶ᠎ᠶ᠋ᠢ ᠥᠷᠭᠡᠳᠭᠡᠵᠦ᠍᠂ ᠲᠦᠷᠭᠡᠨ᠎ᠦ  ᠵᠠᠰᠠᠮᠠᠯ ᠵᠠᠮ ᠪᠠ ᠬᠥᠳᠡᠭᠡ ᠲᠣᠰᠭᠤᠨ᠎ᠤ ᠵᠠᠰᠠᠮᠠᠯ ᠵᠠᠮ᠂ ᠲᠠᠷᠢᠶᠠᠴᠢᠨ ᠠᠢᠯ᠎ᠤᠨ ᠵᠢᠭᠤᠯᠴᠢᠯᠠᠯ ᠵᠡᠷᠭᠡ ᠳᠥᠭᠦᠮ ᠳᠥᠲᠡ ᠵᠠᠮ᠎ᠢ ᠨᠡᠮᠡᠵᠦ᠍ ᠪᠠᠢᠭᠤᠯᠤᠨ᠎ᠠ; 《ᠬᠥᠳᠡᠭᠡ ᠲᠣᠰᠭᠤᠨ᠎ᠤ ᠵᠠᠰᠠᠮᠠᠯ ᠵᠠᠮ +》 ᠎ᠤᠨ ᠵᠠᠭ᠍ᠪᠤᠷ᠎ᠢ ᠲᠦᠯᠬᠢᠨ ᠠᠬᠢᠭᠤᠯᠵᠤ᠂ ᠵᠠᠰᠠᠮᠠᠯ ᠵᠠᠮ ᠬᠢᠭᠡᠳ ᠣᠳᠣ ᠦᠶ᠎ᠡ᠎ᠶ᠋ᠢᠨ ᠲᠠᠷᠢᠶᠠᠯᠠᠩ᠂ ᠬᠥᠳᠡᠭᠡ ᠲᠣᠰᠭᠤᠨ᠎ᠤ ᠰᠣᠶᠣᠯ ᠵᠢᠭᠤᠯᠴᠢᠯᠠᠯ ᠵᠡᠷᠭᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠵᠣᠬᠢᠴᠠᠯᠳᠤᠨ ᠬᠥᠭ᠌ᠵᠢᠬᠦ᠌᠎ᠶ᠋ᠢ ᠠᠬᠢᠭᠤᠯᠤᠨ᠎ᠠ᠃

ᠨᠠᠢ᠍ᠮᠠ᠎ᠳᠤ᠂ ᠠᠵᠢᠯ ᠣᠯᠭᠤᠯᠲᠠ ᠣᠷᠣᠯᠭ᠎ᠠ᠎ᠶ᠋ᠢ ᠨᠡᠮᠡᠭ᠌ᠳᠡᠭᠦᠯᠬᠦ᠌ ᠠᠵᠢᠯᠯᠠᠭ᠎ᠠ᠃ ᠬᠦᠳᠡᠯᠮᠦᠷᠢᠯᠡᠬᠦ᠎ᠪᠡᠷ ᠳᠡᠳᠭᠦᠮᠵᠢ᠎ᠶᠢ ᠣᠷᠤᠯᠠᠭᠤᠯᠬᠤ᠎ᠶ᠋ᠢ ᠳᠡᠯᠭᠡᠷᠡᠭᠦᠯᠵᠦ᠍᠂ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠢᠶᠠᠷᠤᠨ ᠬᠠᠮᠠᠭᠠᠯᠠᠬᠤ ᠠᠵᠢᠯ᠎ᠤᠨ ᠪᠠᠢᠷᠢ᠎ᠶ᠋ᠢ 2᠎ ᠲᠦᠮᠡ᠎ᠳᠦ ᠲᠤᠭᠲᠠᠪᠤᠷᠢᠵᠢᠭᠤᠯᠤᠨ᠎ᠠ; ᠮᠠᠯᠴᠢᠨ ᠲᠠᠷᠢᠶᠠᠴᠢᠨ᠎ᠤ ᠲᠣᠰᠭᠤᠨ᠎ᠤ ᠵᠠᠮ᠎ᠢ ᠠᠷᠠᠴᠢᠯᠠᠨ ᠬᠠᠮᠠᠭᠠᠯᠠᠬᠤ᠎ᠶ᠋ᠢ ᠵᠣᠷᠢᠭ᠍ᠵᠢᠭᠤᠯᠵᠤ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠬᠤ᠎ᠶ᠋ᠢᠨ ᠬᠠᠮᠲᠤ ᠴᠠᠯᠢᠩ ᠣᠯᠭᠤᠬᠤ᠎ᠶ᠋ᠢ ᠪᠠᠲᠤᠯᠠᠨ᠎ᠠ; ᠵᠠᠰᠠᠮᠠᠯ ᠵᠠᠮ᠎ᠤᠨ ᠬᠠᠮᠢᠶᠠᠷᠤᠨ ᠬᠠᠮᠠᠭᠠᠯᠠᠬᠤ ᠤᠬᠠᠭᠤᠯᠭ᠎ᠠ᠎ᠶ᠋ᠢ ᠴᠢᠩᠭᠠᠳᠭᠠᠵᠤ᠂ ᠲᠣᠰᠭᠤᠨ᠎ᠤ ᠠᠷᠠᠳ᠎ᠤᠨ 《ᠡᠭᠦᠳᠡᠨ ᠡᠮᠦᠨᠡᠬᠢ ᠭᠤᠷᠪᠠ᠎ᠶ᠋ᠢ ᠳᠠᠭᠠᠭᠠᠴᠢᠯᠠᠬᠤ》 ᠳᠦᠷᠢᠮ᠎ᠢ ᠰᠦᠪᠡᠭ᠌ᠴᠢᠯᠡᠵᠦ᠍᠂ ᠣᠯᠠᠨ ᠲᠦᠮᠡᠨ᠎ᠤ ᠵᠠᠮ᠎ᠢᠶᠠᠨ ᠬᠠᠢᠷᠠᠯᠠᠵᠤ ᠵᠠᠮ᠎ᠢᠶᠠᠨ ᠬᠠᠮᠠᠭᠠᠯᠠᠬᠤ ᠦᠵᠡᠯ ᠤᠬᠠᠮᠰᠠᠷ᠎ᠢ ᠬᠥᠭ᠌ᠵᠢᠭᠡᠨ᠎ᠡ᠃

 

ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠨᠢᠭᠡ ᠡᠭᠡᠯᠵᠢ᠎ᠶ᠋ᠢᠨ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶᠢᠨ ᠬᠡᠷᠡᠭ᠌ᠵᠢᠭᠦᠯᠬᠦ᠌ ᠲᠥᠰᠦᠯ》 ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ  ᠡᠳ᠋᠎ᠤᠨ ᠵᠠᠰᠠᠭ᠎ᠤᠨ ᠲᠢᠩᠬᠢᠮ  ᠪᠠᠢ᠌ᠭ᠋ᠠᠯᠢ᠎ᠶᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭ᠌ᠳᠡᠯ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠥᠬᠦᠪᠥᠷᠢ ᠥᠭ᠌ᠬᠦ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 ᠵᠡᠷᠭᠡ 3 ᠵᠦᠢᠯ᠎ᠤᠨ ᠠᠵᠢᠯ᠎ᠤᠨ ᠵᠦᠭ᠌ᠯᠡᠭᠦᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠬᠥᠳᠡᠭᠡ ᠲᠣᠰᠬᠣᠨ᠎ᠤ ᠠᠶᠠᠨᠴᠢᠳ᠎ᠤᠨ ᠵᠥᠭᠡᠭᠡᠪᠦᠷᠢ ᠵᠢᠨ ᠨᠥᠬᠥᠪᠥᠷᠢ ᠪᠡᠯᠡ ᠮᠥᠩᠭᠥ ᠪᠠ ᠬᠣᠲᠠ ᠵᠢᠨ ᠵᠠᠮ ᠬᠠᠷᠢᠯᠴᠠᠭ᠋ᠠᠨ᠎ᠤ ᠬᠥᠭᠵᠢᠯᠲᠡ ᠵᠢᠨ ᠱᠠᠩᠨᠠᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨ᠎ᠡ ᠡᠨᠧᠷᠭᠢ ᠵᠢᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠨᠥᠬᠥᠪᠥᠷᠢ ᠵᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            