ᠥᠭᠡᠷᠡᠴᠢᠯᠡᠯᠲᠡ ᠬᠢᠭᠰᠡᠨ᠎ᠤ ᠳᠠᠷᠠᠭ᠎ᠠ᠂ ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ᠎ᠢ ᠭᠤᠶᠤᠴᠢᠯᠠᠨ ᠠᠪᠬᠤ ᠬᠥᠮᠦᠰ ᠰᠦᠯᠵᠢᠶᠡᠨ ᠭᠠᠳᠠᠨᠠᠬᠢ ᠪᠤᠶᠤ ᠰᠦᠯᠵᠢᠶᠡᠨ ᠳᠡᠭᠡᠷ᠎ᠡ ᠭᠤᠶᠤᠴᠢᠯᠠᠬᠤ ᠠᠷᠭ᠎ᠠ ᠮᠠᠶᠢᠭ᠎ᠢ ᠠᠪᠴᠤ᠂ ᠲᠤᠬᠠᠶ ᠵᠢᠨ ᠭᠠᠵᠠᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ ᠪᠤᠶᠤ ᠢᠨᠲ᠋ᠧᠷ ᠰᠦᠯᠵᠢᠶ᠎ᠡ᠎ᠪᠠᠷ ᠵᠠᠮ ᠲᠡᠭᠡᠭᠡᠪᠦᠷᠢ ᠵᠢᠨ ᠠᠷᠠᠳ᠎ᠲᠤ ᠲᠥᠬᠦᠮ ᠦᠵᠡᠭᠦᠯᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠳᠣᠲᠣᠷ᠎ᠠ ᠪᠡᠶ᠎ᠡ ᠵᠢᠨ ᠦᠨᠡᠮᠯᠡᠯ᠂ ᠮᠠᠰᠢᠨᠲᠤ ᠲᠡᠷᠭᠡᠨ᠎ᠤ ᠵᠢᠯᠣᠭᠤᠴᠢ ᠵᠢᠨ ᠦᠨᠡᠮᠯᠡᠯ ᠪᠠ ᠲᠣᠰ ᠪᠡᠶ᠎ᠡ ᠵᠢᠨ ᠡᠯᠸᠺᠲᠷᠣᠨ ᠭᠡᠷᠡᠯ ᠵᠢᠷᠤᠭ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠂ ᠲᠤᠬᠠᠶ ᠵᠢᠨ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ 《ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠳᠤ ᠱᠠᠭ᠋ᠠᠷᠳᠠᠭᠰᠠᠨ ᠴᠠᠭ ᠵᠶ᠋ᠠᠷ ᠯᠠᠪᠯᠠᠯᠲᠠ ᠪᠣᠯᠭ᠋ᠠᠵᠤ᠂ 5 ᠡᠳᠦᠷ᠎ᠤᠨ ᠳᠣᠲᠣᠷ᠎ᠠ ᠬᠢᠨᠠᠨ ᠬᠠᠷᠭᠤᠭᠤᠯᠬᠤ ᠵᠢ ᠪᠡᠶᠡᠯᠡᠭᠦᠯᠬᠦ ᠵᠢᠨ ᠬᠠᠮᠲᠤ ᠬᠢᠨᠠᠨ ᠬᠠᠷᠭᠤᠭᠤᠯᠬᠤ ᠵᠢ ᠥᠩᠭᠡᠷᠡᠭᠰᠡᠨ ᠪᠠᠷᠠᠭ᠋ᠠᠨ᠎ᠤ ᠲᠡᠷᠭᠡᠨ ᠵᠢᠯᠣᠭᠤᠴᠢ᠎ᠳᠤ ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠣᠯᠭᠤᠨ᠎ᠠ᠃