《ᠣᠷᠣᠨ ᠨᠤᠲᠤᠭ᠎ᠤᠨ ᠴᠢᠨᠠᠷᠲᠠᠶ ᠲᠡᠷᠭᠡ ᠬᠥᠰᠬᠡ ᠵᠢᠨ ᠨᠡᠪᠲᠡᠷᠡᠬᠦ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠢᠯᠭ᠋ᠠᠷᠠᠭᠤᠯᠤᠨ ᠵᠢᠷᠤᠮᠵᠢᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠵᠠᠰᠠᠮᠠᠯ ᠵᠠᠮ ᠲᠠᠷᠬᠠᠭ᠋ᠠᠭᠰᠠᠨ [2019] 98 ᠳ᠋ᠤᠭ᠋ᠠᠷ ᠲᠣᠭ᠋ᠠᠲᠤ) 《ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠬᠠᠮᠢᠶᠠᠷᠤᠯᠲᠠ ᠵᠢᠨ ᠳᠦᠷᠢᠮ》 ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠰᠲᠠᠭ᠋ᠠᠨ ᠲᠣᠭᠲᠠᠭ᠋ᠠᠯ᠎ᠲᠠᠢ᠎ᠠᠴᠠ ᠭᠠᠳᠠᠨ᠎ᠠ᠂ ᠬᠤᠶ᠋ᠢᠰᠢᠳᠠ ᠡᠯ᠎ᠡ ᠮᠤᠵᠢ (ᠣᠷᠣᠨ᠂ ᠬᠤᠲᠠ) ᠶᠠᠮᠠᠷᠪᠠ ᠬᠡᠯᠪᠡᠷᠢ᠎ᠪᠠᠷ ᠲᠡᠷᠭᠡ ᠬᠥᠰᠬᠡ ᠵᠢᠨ ᠨᠡᠪᠲᠡᠷᠡᠬᠦ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠶ᠋ᠢᠲᠡᠯᠡᠵᠦ ᠪᠣᠯᠬᠤ ᠦᠭᠡᠶ᠃ ᠵᠢᠴᠢ 《ᠪᠥᠬᠦ ᠣᠷᠣᠨ᠎ᠤ ᠲᠡᠷᠭᠡ ᠬᠦᠰᠭᠡ ᠵᠢᠨ ᠨᠡᠪᠲᠡᠷᠡᠬᠦ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠰᠢᠨ᠎ᠡ᠎ᠪᠠᠷ ᠬᠢᠨᠠᠨ ᠲᠣᠭᠲᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠢᠨ ᠰᠦᠢ᠍ᠳᠭᠡᠯ ᠦᠰᠦᠭ [2017] 816 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠳᠤ᠄ ᠠᠷᠠᠳ᠎ᠲᠤ ᠠᠰᠢᠭᠲᠠᠶ ᠲᠠᠷᠢᠶᠠᠴᠢᠳ᠎ᠲᠤ ᠠᠰᠢᠭ ᠬᠦᠷᠲᠡᠭᠡᠬᠦ ᠬᠡᠪᠴᠢᠶ᠎ᠡ᠎ᠳᠤ ᠬᠣᠶᠠᠷ ᠬᠦᠷᠳᠦᠲᠦ ᠮᠣᠲ᠋ᠣᠷ᠂ ᠭᠤᠷᠪᠠᠨ ᠬᠦᠷᠳᠦᠲᠦ ᠮᠣᠲ᠋ᠣᠷ᠂ ᠠᠴᠢᠶᠠᠯᠠᠪᠤᠷᠢ ᠵᠢᠨ ᠴᠢᠨᠠᠷ᠎ᠨᠢ 4.5 ᠲᠣᠨ᠎ᠠᠴᠠ ᠳᠣᠷᠣᠭᠰᠢᠬᠢ ᠲᠠᠷᠢᠶᠠᠯᠠᠩ᠎ᠤᠨ ᠮᠠᠰᠢᠨ ᠲᠡᠷᠭᠡ ᠪᠣᠯᠤᠨ ᠰᠦᠢ᠍ᠳᠬᠡᠯ ᠬᠤᠷᠢᠶᠠᠬᠤ ᠥᠷᠲᠡᠭᠡ ᠵᠢᠨ ᠡᠷᠭᠢᠨ ᠲᠣᠭᠣᠷᠢᠨ᠎ᠤ 10 ᠺᠢᠯᠣᠮᠧᠲᠷ᠎ᠤᠨ ᠳᠣᠲᠣᠷᠠᠬᠢ ᠲᠣᠰᠬᠣᠨ᠎ᠤ ᠲᠠᠷᠢᠶᠠᠴᠢᠨ ᠮᠠᠯᠴᠢᠨ᠎ᠤ ᠬᠤᠪᠢᠨ᠎ᠤ ᠮᠥᠷᠲᠡᠭᠡᠨ ᠰᠦᠢ᠍ᠳᠬᠡᠯ ᠬᠤᠷᠢᠶᠠᠬᠤ ᠥᠷᠲᠡᠭᠡ᠎ᠪᠠᠷ ᠪᠠᠶ᠋ᠢᠩᠭᠤ ᠨᠡᠪᠲᠡᠷᠡᠬᠦ ᠵᠢᠵᠢᠭ ᠠᠶᠠᠨᠴᠢᠳ᠎ᠤᠨ ᠲᠡᠷᠭᠡ ᠪᠠᠭᠲᠠᠨ᠎ᠠ᠃