《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ᠎ᠢ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠵᠦ᠂ ᠮᠠᠯᠲᠠᠵᠤ ᠪᠣᠯᠬᠤ ᠦᠭᠡᠶ᠃
ᠳᠠᠯᠠᠨ ᠵᠢᠷᠭᠤᠳᠤᠭ᠋ᠠᠷ ᠵᠦᠢ᠍ᠯ᠎ᠤᠨ (ᠨᠢᠭᠡ) ᠳ᠋ᠦᠭᠡᠷ ᠵᠤᠷᠪᠤᠰ᠎ᠲᠤ ᠳᠣᠤᠷᠠᠬᠢ ᠮᠡᠲᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠮ ᠬᠠᠷᠢᠯᠴᠠᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠭᠤᠷᠪᠠᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠄ (ᠨᠢᠭᠡ) ᠲᠤᠰ ᠬᠠᠤᠯᠢ ᠵᠢᠨ ᠳᠥᠴᠢᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠢ ᠵᠥᠷᠢᠴᠡᠨ᠂ ᠵᠠᠰᠠᠮᠠᠯ ᠵᠠᠮ᠎ᠢ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠭᠰᠡᠨ᠂ ᠮᠠᠯᠲᠠᠭᠰᠠᠨ᠃
《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》᠎ᠤᠨ ᠬᠣᠷᠢᠨ ᠳᠣᠯᠣᠳᠤᠭ᠋ᠠᠷ ᠵᠦᠢ᠍ᠯ᠎ᠤᠨ (ᠨᠢᠭᠡ) ᠳ᠋ᠦᠭᠡᠷ ᠵᠤᠷᠪᠤᠰ᠎ᠲᠤ ᠳᠣᠤᠷᠠᠬᠢ ᠮᠡᠲᠦ ᠵᠠᠮ᠎ᠲᠠᠢ ᠬᠣᠯᠪᠣᠭᠳᠠᠬᠤ ᠪᠠᠷᠢᠯᠭ᠎ᠠ ᠵᠢᠨ ᠠᠵᠢᠯᠯᠠᠭ᠎ᠠ ᠵᠢ ᠬᠢᠬᠦ᠎ᠳᠤ᠂ ᠪᠦᠲᠦᠭᠡᠨ ᠪᠠᠢ᠌ᠭᠤᠯᠬᠤ ᠨᠢᠭᠡᠴᠢ᠎ᠨᠢ ᠵᠠᠰᠠᠮᠠᠯ ᠵᠠᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠭᠤᠶᠤᠴᠢᠯᠠᠯ ᠳᠤᠷᠠᠳᠬᠤ ᠬᠡᠷᠡᠭᠲᠡᠶ᠄ (ᠨᠢᠭᠡ) ᠲᠡᠮᠦᠷ ᠵᠠᠮ᠂ ᠨᠢᠰᠬᠡᠯ᠎ᠤᠨ ᠪᠠᠭᠤᠳᠠᠯ᠂ ᠴᠠᠬᠢᠯᠭ᠋ᠠᠨ ᠬᠠᠩᠭ᠋ᠠᠬᠤ᠂ ᠤᠰᠤᠨ ᠠᠰᠢᠭᠯᠠᠯᠲᠠ᠂ ᠴᠢᠮᠡᠭᠡ ᠬᠣᠯᠪᠣᠭ᠎ᠠ ᠵᠠᠰᠠᠨ ᠪᠠᠶ᠋ᠢᠭᠤᠯᠬᠤ ᠵᠡᠷᠭᠡ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠠᠴᠠ ᠪᠣᠯᠵᠤ ᠵᠠᠰᠠᠮᠠᠯ ᠵᠠᠮ᠂ ᠵᠠᠰᠠᠮᠠᠯ ᠵᠠᠮ᠎ᠤᠨ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠵᠠᠰᠠᠮᠠᠯ ᠵᠠᠮ᠎ᠤᠨ ᠱᠤᠭᠤᠮ᠎ᠢ ᠥᠭᠡᠷᠡᠴᠢᠯᠡᠬᠦ ᠴᠢᠬᠤᠯᠠᠲᠠᠢ᠃
ᠵᠢᠷᠠᠨ ᠬᠣᠶᠠᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠵᠥᠪᠰᠢᠶᠡᠷᠡᠯ ᠦᠭᠡᠶ᠎ᠪᠠᠷ ᠲᠤᠰ ᠳᠦᠷᠢᠮ᠎ᠤᠨ ᠬᠣᠷᠢᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠠᠴᠠ ᠲᠠᠪᠤᠳᠤᠭ᠋ᠠᠷ ᠵᠤᠷᠪᠤᠰ᠎ᠲᠤ ᠲᠣᠭᠲᠠᠭ᠋ᠠᠭᠰᠠᠨ ᠵᠠᠮ᠎ᠳᠤ ᠬᠣᠯᠪᠣᠭᠳᠠᠭᠰᠠᠨ ᠪᠠᠷᠢᠯᠭ᠎ᠠ ᠵᠢᠨ ᠠᠵᠢᠯᠯᠠᠭ᠎ᠠ ᠬᠢᠭᠰᠡᠨ ᠪᠣᠯ ᠵᠠᠰᠠᠮᠠᠯ ᠵᠠᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠂ ᠵᠥᠪᠰᠢᠶᠡᠷᠡᠯ ᠦᠭᠡᠶ᠎ᠪᠠᠷ ᠲᠤᠰ ᠳᠦᠷᠢᠮ᠎ᠤᠨ ᠬᠣᠷᠢᠨ ᠳᠣᠯᠣᠳᠤᠭ᠋ᠠᠷ ᠵᠦᠢ᠍ᠯ᠎ᠤᠨ ᠵᠢᠷᠭᠤᠳᠤᠭ᠋ᠠᠷ ᠵᠤᠷᠪᠤᠰ᠎ᠲᠤ ᠲᠣᠭᠲᠠᠭ᠋ᠠᠭᠰᠠᠨ ᠵᠠᠮ᠎ᠳᠤ ᠬᠣᠯᠪᠣᠭᠳᠠᠭᠰᠠᠨ ᠪᠠᠷᠢᠯᠭ᠎ᠠ ᠵᠢᠨ ᠠᠵᠢᠯᠯᠠᠭ᠎ᠠ ᠬᠢᠭᠰᠡᠨ ᠪᠣᠯ ᠵᠠᠰᠠᠮᠠᠯ ᠵᠠᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃