《〈ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢᠨ ᠠᠵᠢᠯ ᠡᠷᠭᠢᠯᠡᠬᠦ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2021 ᠣᠨ᠎ᠤ 15 ᠳ᠋ᠤᠭ᠋ᠠᠷ ᠲᠣᠭ᠋ᠠᠲᠤ)᠎ᠤᠨ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠳᠤ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠡᠵᠡᠩᠨᠡᠯᠲᠡ ᠵᠢᠨ ᠶᠠᠪᠤᠴᠠ᠎ᠳᠤ᠂ ᠤᠯᠤᠰ᠎ᠤᠨ ᠵᠢᠯᠣᠭᠤᠴᠢ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠤᠬᠠᠶ᠋ᠢᠯᠠᠭᠰᠠᠨ ᠠᠵᠢᠯ᠎ᠤᠨ ᠶᠣᠰᠣ ᠮᠣᠷᠠᠯ᠂ ᠦᠢ᠍ᠯᠡᠴᠢᠯᠡᠭᠡᠨ᠎ᠤ ᠵᠢᠷᠤᠮᠵᠢᠯ᠂ ᠠᠮᠤᠷ ᠲᠦᠪᠰᠢᠨ ᠵᠶ᠋ᠠᠷ ᠡᠵᠡᠩᠨᠡᠬᠦ ᠵᠡᠷᠭᠡ ᠲᠠᠯ᠎ᠠ ᠵᠢᠨ ᠬᠢᠷᠢ ᠬᠡᠮ᠎ᠤᠨ ᠲᠣᠭᠲᠠᠭ᠋ᠠᠯ᠎ᠢ ᠵᠢᠷᠤᠮᠯᠠᠵᠤ᠂ ᠪᠣᠯᠪᠠᠰᠤᠨ ᠵᠶ᠋ᠠᠷ ᠲᠡᠷᠭᠡ ᠵᠢᠯᠣᠭᠤᠳᠬᠤ᠂ ᠴᠢᠨᠠᠷ ᠰᠠᠶ᠋ᠢᠲᠠᠶ ᠦᠢ᠍ᠯᠡᠴᠢᠯᠡᠬᠦ ᠬᠡᠷᠡᠭᠲᠡᠶ ᠭᠡᠵᠦ ᠲᠣᠭᠲᠠᠭ᠋ᠠᠪᠠ᠃ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠳᠣᠤᠷᠠᠬᠢ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠶ᠄ ᠁ (ᠳᠥᠷᠪᠡ) ᠠᠶᠠᠨᠴᠢᠳ᠎ᠤᠨ ᠵᠥᠪᠰᠢᠶᠡᠷᠡᠯ ᠦᠭᠡᠢ᠎ᠪᠠᠷ ᠪᠤᠰᠤᠳ ᠠᠶᠠᠨᠴᠢᠳ᠎ᠢ ᠲᠡᠭᠡᠭᠡᠭᠰᠡᠨ; ᠁ ᠳᠥᠴᠢᠨ ᠬᠤᠶᠠᠳᠤᠭ᠋ᠠᠷ ᠵᠦᠢ᠍ᠯ᠎ᠤᠨ ᠲᠣᠭᠲᠠᠭ᠋ᠠᠯ᠂ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠠᠷᠪᠠᠨ ᠵᠢᠷᠭᠤᠳᠤᠭ᠋ᠠᠷ ᠵᠦᠢ᠍ᠯ᠂ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ᠎ᠤ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ 200 ᠲᠥᠭᠦᠷᠢᠭ᠎ᠠᠴᠠ ᠳᠡᠭᠡᠭᠰᠢ 500 ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃