ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠬᠢᠷᠢ ᠬᠡᠮ᠎ᠤᠨ ᠰᠢᠯᠭ᠋ᠠᠯᠲᠠ᠄ ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ᠂ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠵᠢᠯᠣᠭᠣᠴᠢ᠂ ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠴᠢᠶᠠᠯᠠᠵᠤ ᠪᠠᠭᠤᠯᠭ᠋ᠠᠬᠤ ᠬᠠᠮᠢᠶᠠᠷᠤᠯᠲᠠ ᠵᠢᠨ ᠠᠵᠢᠯᠲᠠᠨ ᠪᠠ ᠬᠠᠷᠠᠵᠤ ᠲᠡᠭᠡᠭᠡᠪᠦᠷᠢᠯᠡᠬᠦ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ ᠵᠢ ᠬᠡᠷᠬᠢᠨ ᠭᠤᠶᠤᠴᠢᠯᠠᠬᠤ ᠪᠣᠶ?
ᠨᠡᠶ᠋ᠢᠲᠡᠯᠡᠭᠰᠡᠨ ᠴᠠᠭ᠄ 2025-01-24

     《ᠵᠠᠮ ᠲᠡᠭᠡᠭᠡᠪᠦᠷᠢ ᠵᠢᠨ ᠠᠵᠢᠯᠯᠠᠭᠰᠠᠳ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠳᠤ ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠭᠰᠠᠳ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠡᠵᠡᠩᠨᠡᠯᠲᠡ ᠵᠢᠨ ᠴᠢᠨᠠᠷᠲᠠᠶ ᠵᠠᠮ᠎ᠤᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 (ᠶᠠᠩᠵᠤ ᠵᠢ ᠳᠠᠭ᠋ᠠᠯᠳᠤᠭᠤᠯᠤᠯ 1᠎ᠳᠤ ᠦᠵᠡ) ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
     (ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
     (ᠬᠣᠶᠠᠷ) ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ;
     (ᠭᠤᠷᠪᠠ) ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠬᠤ᠎ᠳᠤ ᠪᠠᠰᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ 3 ᠵᠢᠯ᠎ᠤᠨ ᠳᠣᠲᠣᠷ᠎ᠠ ᠬᠦᠨᠳᠦ ᠶᠡᠬᠡ᠎ᠠᠴᠠ ᠳᠡᠭᠡᠭᠰᠢᠬᠢ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ᠎ᠤᠨ ᠲᠡᠮᠳᠡᠭᠯᠡᠯ ᠦᠭᠡᠢ ᠭᠡᠷᠡᠴᠢ ᠬᠠᠩᠭ᠋ᠠᠬᠤ ᠬᠡᠷᠡᠭᠲᠡᠶ᠃
     ᠠᠷᠪᠠᠨ ᠵᠢᠷᠭᠤᠳᠤᠭ᠋ᠠᠷ ᠵᠦᠢ᠍ᠯ   ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ᠎ᠪᠠᠷ ᠭᠤᠶᠤᠴᠢᠯᠠᠬᠤ᠎ᠳᠤ᠂ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 (ᠶᠠᠩᠵᠤ ᠵᠢ ᠳᠠᠭ᠋ᠠᠯᠳᠤᠭᠤᠯᠤᠯ 2᠎ᠲᠤ ᠦᠵᠡ) ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
      (ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
      (ᠬᠣᠶᠠᠷ) ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ;
     (ᠭᠤᠷᠪᠠ) ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠪᠤᠶᠤ ᠵᠠᠮ᠎ᠤᠨ ᠪᠠᠷᠠᠭ᠎ᠠ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠪᠤᠶᠤ ᠪᠦᠬᠦᠯᠢ ᠡᠳᠦᠷ᠎ᠤᠨ ᠳᠦᠷᠢᠮᠲᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠠᠷᠢᠶ᠎ᠠ ᠵᠢᠨ ᠦᠨᠡᠮᠯᠡᠯ (4500 ᠺᠢᠯᠣᠭ᠌ᠷᠠᠮ ᠵᠢᠴᠢ ᠲᠡᠭᠦᠨ᠎ᠠᠴᠠ ᠳᠣᠷᠣᠭᠰᠢᠬᠢ ᠡᠩ᠎ᠤᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠡᠵᠡᠩᠨᠡᠬᠦ ᠠᠵᠢᠯᠯᠠᠭ᠎ᠠ ᠬᠢᠵᠦ ᠪᠠᠢ᠌ᠭ᠎ᠠ ᠵᠢᠯᠣᠭᠣᠴᠢ᠎ᠠᠴᠠ ᠭᠠᠳᠠᠨ᠎ᠠ);
     (ᠳᠥᠷᠪᠡ) ᠬᠠᠮᠢᠶ᠎ᠠ ᠪᠥᠬᠥᠶ ᠪᠣᠯᠪᠠᠰᠤᠷᠠᠯ᠎ᠤᠨ ᠭᠡᠷᠡᠴᠢ;
    (ᠲᠠᠪᠤ) ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ 3 ᠵᠢᠯ᠎ᠤᠨ ᠳᠣᠲᠣᠷ᠎ᠠ ᠬᠦᠨᠳᠦ ᠶᠡᠬᠡ᠎ᠠᠴᠠ ᠳᠡᠭᠡᠭᠰᠢᠬᠢ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ᠎ᠤᠨ ᠲᠡᠮᠳᠡᠭᠯᠡᠯ ᠦᠭᠡᠢ ᠭᠡᠷᠡᠴᠢ ᠃
    ᠠᠷᠪᠠᠨ ᠳᠣᠯᠣᠳᠤᠭ᠋ᠠᠷ ᠵᠦᠢ᠍ᠯ  ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠴᠢᠶᠠᠯᠠᠵᠤ ᠪᠠᠭᠤᠯᠭ᠋ᠠᠬᠤ ᠬᠠᠮᠢᠶᠠᠷᠤᠯᠲᠠ ᠵᠢᠨ ᠠᠵᠢᠯᠳᠠᠨ ᠪᠣᠯᠤᠨ ᠬᠠᠷᠠᠵᠤ ᠲᠡᠭᠡᠭᠡᠪᠦᠷᠢᠯᠡᠬᠦ ᠬᠥᠮᠦᠰ᠎ᠤᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ᠎ᠲᠤ ᠣᠷᠣᠯᠴᠠᠬᠤ᠎ᠪᠠᠷ ᠭᠤᠶᠤᠴᠢᠯᠠᠬᠤ᠎ᠳᠤ᠂ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠲᠦᠷ ᠰᠠᠭᠤᠭ᠎ᠠ ᠭᠠᠵᠠᠷ᠎ᠤᠨ ᠲᠣᠭᠣᠷᠢᠭ ᠪᠠᠢ᠌ᠭᠤᠯᠤᠭᠰᠠᠨ ᠬᠤᠳᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠡᠨ ᠳᠤᠷᠠᠳᠴᠤ᠂ 《ᠵᠠᠮ᠎ᠤᠨ ᠠᠶᠤᠯᠲᠠᠢ ᠪᠠᠷᠠᠭ᠎ᠠ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠰᠢᠯᠭ᠋ᠠᠯᠲᠠ ᠵᠢᠨ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠄
       (ᠨᠢᠭᠡ) ᠪᠡᠶ᠎ᠡ ᠵᠢᠨ ᠬᠢᠷᠢ ᠬᠡᠮ᠎ᠤᠨ ᠭᠡᠷᠡᠴᠢ;
       (ᠬᠣᠶᠠᠷ) ᠰᠤᠷᠤᠯᠭ᠎ᠠ ᠵᠢᠨ ᠨᠠᠮᠲᠠᠷ᠎ᠤᠨ ᠭᠡᠷᠡᠴᠢ;
       (ᠭᠤᠷᠪᠠ) ᠬᠠᠮᠢᠶ᠎ᠠ ᠪᠦᠬᠦᠢ ᠪᠣᠯᠪᠠᠰᠤᠷᠠᠯ᠎ᠤᠨ ᠭᠡᠷᠡᠴᠢ᠃
     ᠪᠣᠳᠠᠲᠠᠶ ᠵᠦᠢᠯᠡᠰ᠎ᠢ ᠬᠣᠲᠠ ᠵᠢᠨ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠪᠠ ᠲᠡᠭᠡᠭᠡᠪᠦᠷᠢ ᠵᠢᠨ ᠦᠢᠯᠡᠴᠢᠯᠡᠭᠡᠨ᠎ᠤ ᠪᠠᠲᠤᠯᠠᠭ᠎ᠠ ᠵᠢᠨ ᠲᠥᠪ᠎ᠤᠨ ᠠᠶᠠᠨᠴᠢᠳ᠎ᠤᠨ  ᠵᠥᠭᠡᠭᠡᠪᠦᠷᠢ ᠵᠢᠨ ᠰᠠᠯᠠᠭ᠎ᠠ᠎ᠠᠴᠠ ᠯᠠᠪᠯᠠᠵᠤ ᠪᠣᠯᠤᠨ᠎ᠠ᠂ ᠬᠠᠷᠢᠯᠴᠠᠬᠤ ᠤᠲᠠᠰᠤ᠄ 8821205᠂ 8821207᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ᠎ᠳᠤ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠠᠵᠢᠯ᠎ᠤᠨ ᠵᠢᠯᠣᠭᠤᠳᠤᠮᠵᠢ》 ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠭᠰᠠᠨ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠵᠣᠷᠢᠭᠤᠳᠠ ᠡᠪᠳᠡᠨ ᠰᠦᠢ᠍ᠳᠭᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ᠂ ᠪᠠᠯᠠᠯᠤᠨ ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠠᠰᠢᠭᠯᠠᠨ ᠬᠤᠭᠤᠯᠠᠶ ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠎ᠳᠤ ᠶᠠᠮᠠᠷ ᠶᠠᠮᠠᠷ ᠰᠢᠢ᠍ᠳᠬᠡᠯ ᠥᠭᠬᠦ ᠪᠤᠢ?
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠠᠶᠠᠨᠴᠢᠳ᠎ᠠᠴᠠ ᠠᠭ᠋ᠠᠷ ᠲᠣᠬᠢᠷᠠᠭᠤᠯᠤᠭᠤᠷ᠎ᠤᠨ ᠰᠦᠢ᠍ᠳᠭᠡᠯ ᠬᠤᠷᠢᠶᠠᠬᠤ ᠠᠵᠢᠯᠯᠠᠭ᠎ᠠ᠎ᠨᠢ ᠵᠦᠢ ᠵᠣᠬᠢᠰᠲᠠᠢ ᠤᠤ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠥᠷᠲᠡᠭᠡ᠎ᠠᠴᠠ ᠭᠠᠷᠬᠤ ᠠᠶᠠᠨᠴᠢᠳ᠎ᠤᠨ ᠮᠠᠰᠢᠨ ᠲᠡᠷᠭᠡ ᠵᠢᠨ ᠡᠭᠡᠯᠵᠢ ᠮᠡᠳᠡᠭᠦᠯᠬᠦ ᠭᠠᠷ ᠭᠦᠢᠴᠡᠳᠬᠡᠯ᠎ᠤᠨ ᠪᠠᠢ᠌ᠴᠠᠭ᠋ᠠᠯᠲᠠ᠎ᠳᠤ ᠭᠣᠤᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠬᠤ ᠪᠣᠶ?
ᠬᠢᠷᠢ ᠬᠡᠮ᠎ᠤᠨ ᠰᠢᠯᠭ᠋ᠠᠯᠲᠠ᠄ ᠲᠣᠮᠣ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ (A1) ᠵᠢᠨ ᠮᠠᠰᠢᠨᠲᠤ ᠲᠡᠷᠭᠡᠨ᠎ᠤ ᠵᠢᠯᠣᠭᠤᠴᠢ ᠵᠢᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠵᠢᠯᠣᠭᠤᠴᠢ ᠬᠡᠷᠪᠡ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠰᠠᠨᠠᠭ᠎ᠠ᠎ᠲᠠᠢ ᠪᠣᠯ ᠵᠠᠮ ᠲᠡᠭᠡᠭᠡᠪᠦᠷᠢ ᠵᠢᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠢ ᠬᠡᠷᠬᠢᠨ ᠭᠤᠶᠤᠴᠢᠯᠠᠨ ᠠᠪᠬᠤ ᠪᠣᠶ?
 
            