ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ᠎ᠳᠤ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠠᠵᠢᠯ᠎ᠤᠨ ᠵᠢᠯᠣᠭᠤᠳᠤᠮᠵᠢ》 ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠭᠰᠠᠨ ᠪᠣᠶ?
ᠨᠡᠶ᠋ᠢᠲᠡᠯᠡᠭᠰᠡᠨ ᠴᠠᠭ᠄ 2025-01-24

    ᠶᠣᠰᠣ ᠬᠡᠯᠡᠵᠦ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯ᠎ᠢ ᠰᠠᠶ᠋ᠢᠲᠤᠷ ᠬᠢᠬᠦ᠎ᠳᠤ᠂ ᠳᠣᠣᠷᠠᠬᠢ ᠮᠡᠲᠦ ᠲᠠᠯ᠎ᠠ᠎ᠪᠠᠷ ᠭᠤᠣᠯᠳᠠᠭᠤᠯᠤᠨ᠎ᠠ᠄
     ᠨᠢᠭᠡ᠂ ᠪᠦᠬᠦ ᠶᠠᠪᠤᠴᠠ᠎ᠳᠤ ᠶᠣᠰᠣ ᠬᠡᠯᠡᠬᠦ ᠵᠢ ᠴᠢᠬᠤᠯᠠᠴᠢᠯᠠᠬᠤ ᠬᠡᠷᠡᠭᠳᠡᠢ᠃ ᠶᠤᠰᠤ ᠬᠡᠯᠡᠬᠦ ᠵᠢ ᠬᠠᠤᠯᠢ ᠬᠡᠷᠡᠭᠵᠢᠭᠦᠯᠬᠦ ᠪᠦᠬᠦ ᠶᠠᠪᠤᠴᠠ᠎ᠳᠤ ᠲᠣᠭᠤᠰᠢᠯᠠᠭᠤᠯᠬᠤ ᠬᠡᠷᠡᠭᠲᠡᠶ᠃ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠂ ᠵᠢᠯᠤᠭᠤᠳᠤᠯᠭ᠎ᠠ ᠦᠢ᠍ᠯᠡᠴᠢᠯᠡᠭᠡ ᠴᠤ᠌ ᠲᠡᠷᠡ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠭᠡᠰᠡᠨ ᠦᠭᠡᠢ ᠴᠥᠮ ᠪᠦᠬᠦ ᠶᠠᠪᠤᠴᠠ᠂ ᠨᠡᠪᠲᠡᠷᠬᠡᠢ ᠶᠣᠰᠣ ᠬᠡᠯᠡᠬᠦ ᠬᠡᠷᠡᠭᠲᠡᠢ᠃
     ᠬᠤᠶᠠᠷ᠂ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠢ ᠴᠢᠬᠤᠯᠠᠴᠢᠯᠠᠬᠤ ᠬᠡᠷᠡᠭᠲᠡᠶ᠃ ᠶᠣᠰᠣ ᠬᠡᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠤᠷᠢᠲᠠᠯ ᠪᠣᠯ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠦᠨᠳᠦᠰᠦᠯᠡᠯ᠎ᠢ ᠰᠠᠶ᠋ᠢᠨ ᠮᠡᠳᠡᠵᠦ᠂ ᠨᠡᠪᠲᠡᠷᠡᠯᠴᠡᠬᠦ ᠤᠷ᠎ᠠ ᠮᠡᠷᠭᠡᠵᠢᠯ᠎ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠴᠢ ᠬᠠᠮᠢᠶ᠎ᠠ ᠪᠦᠬᠦᠢ ᠤᠨᠤᠯ᠎ᠤᠨ ᠰᠤᠷᠤᠯᠴᠠᠯᠭ᠎ᠠ ᠵᠢ ᠴᠢᠩᠭ᠋ᠠᠳᠬᠠᠵᠤ᠂ ᠬᠠᠤᠯᠢᠵᠢᠯ᠎ᠤᠨ ᠰᠡᠳᠬᠢᠬᠦᠢ ᠵᠢ ᠲᠠᠰᠤᠷᠠᠯᠳᠠ ᠦᠭᠡᠢ ᠬᠥᠮᠦᠵᠢᠭᠦᠯᠵᠦ᠂ ᠬᠠᠤᠯᠢ ᠬᠡᠷᠡᠭᠵᠢᠭᠦᠯᠬᠦ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠰᠣᠯᠢᠯᠴᠠᠭ᠎ᠠ ᠨᠡᠪᠲᠡᠷᠡᠯᠴᠡᠭᠡ ᠵᠢᠨ ᠴᠢᠳᠠᠪᠤᠷᠢ ᠪᠠ ᠤᠷ᠎ᠠ ᠮᠡᠷᠭᠡᠵᠢᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ᠎ᠤᠨ ᠤᠷᠠᠯᠢᠭ᠎ᠢ ᠭᠦᠢ᠍ᠴᠡᠳ ᠡᠵᠡᠮᠰᠢᠵᠦ᠂ ᠬᠠᠤᠯᠢ ᠬᠡᠷᠡᠭᠵᠢᠭᠦᠯᠬᠦ᠎ᠳᠤ ᠬᠡᠷᠡᠭᠯᠡᠬᠦ ᠦᠭᠡ ᠵᠢ ᠵᠢᠷᠤᠮᠵᠢᠭᠤᠯᠤᠨ ᠬᠡᠷᠡᠭᠯᠡᠬᠦ ᠬᠡᠷᠡᠭᠲᠡᠢ᠃ ᠶᠣᠰᠣ ᠬᠡᠯᠡᠬᠦ᠎ᠳᠤ᠎ᠪᠠᠨ ᠠᠭᠤᠵᠢᠭᠤ ᠲᠠᠯᠪᠢᠭᠤ ᠰᠣᠯᠢᠯᠴᠠᠭ᠋ᠠᠨ᠎ᠤ ᠠᠭᠤᠷ ᠠᠮᠢᠰᠬᠤᠯ᠎ᠢ ᠴᠢᠳᠠᠮᠠᠭ᠋ᠠᠢ᠎ᠪᠠᠷ ᠪᠤᠢ ᠪᠣᠯᠭ᠋ᠠᠵᠤ᠂ ᠬᠦᠯᠢᠴᠡᠩᠭᠦᠢ᠎ᠪᠠᠷ ᠰᠡᠩᠬᠡᠷᠡᠭᠦᠯᠵᠦ᠂ ᠵᠥᠪ ᠵᠶ᠋ᠠᠷ ᠬᠦᠳᠦᠯᠦᠨ ᠵᠢᠯᠣᠭᠤᠳᠴᠤ᠂ ᠬᠠᠶ᠋ᠢᠷ᠎ᠠ ᠰᠡᠳᠬᠢᠯᠭᠡ᠎ᠪᠠᠷ᠂ ᠶᠣᠰᠣ ᠤᠴᠢᠷ᠎ᠢ ᠮᠡᠳᠡᠭᠦᠯᠬᠦ ᠬᠡᠷᠡᠭᠲᠡᠢ᠃ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠵᠤ᠂ ᠬᠠᠤᠯᠢ ᠴᠠᠭ᠋ᠠᠵᠠ᠎ᠪᠠᠷ ᠪᠠᠷᠢᠮᠵᠢᠶ᠎ᠠ ᠪᠣᠯᠭ᠋ᠠᠬᠤ ᠵᠢ ᠪᠠᠷᠢᠮᠲᠠᠯᠠᠨ᠂ ᠯᠣᠭᠢᠭ᠎ᠨᠢ ᠴᠢᠩᠭ᠎ᠠ ᠨᠢᠮᠪᠠᠶ᠂ ᠨᠤᠲᠠᠯᠠᠯ᠎ᠨᠢ ᠨᠠᠷᠢᠨ ᠨᠢᠭᠲᠠ᠂ ᠶᠣᠰᠣ ᠬᠡᠯᠡᠬᠦ᠎ᠨᠢ ᠭᠦᠢ᠍ᠴᠡᠳ ᠪᠠᠶ᠋ᠢᠯᠭ᠋ᠠᠵᠤ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ᠎ᠤ ᠰᠡᠵᠢᠭ᠎ᠢ ᠲᠠᠶ᠋ᠢᠯᠵᠤ ᠬᠠᠮᠢᠶᠠᠷᠬᠤ ᠵᠢ ᠭᠦᠢ᠍ᠴᠡᠳᠬᠡᠬᠦ ᠬᠡᠷᠡᠭᠲᠡᠶ᠃
     ᠭᠤᠷᠪᠠ᠂ ᠪᠢᠴᠢᠭ ᠬᠠᠷ᠎ᠠ ᠵᠣᠬᠢᠶᠠᠬᠤ ᠵᠢ ᠴᠢᠬᠤᠯᠠᠴᠢᠯᠠᠬᠤ ᠬᠡᠷᠡᠭᠲᠡᠶ᠃ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠪᠣᠯ ᠶᠣᠰᠣ ᠬᠡᠯᠡᠬᠦ ᠮᠠᠶᠢᠭ᠎ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠬᠤᠯᠠ ᠠᠴᠢᠶᠠᠯᠠᠪᠤᠷᠢ ᠪᠠ ᠢᠯᠡᠷᠡᠯ᠎ᠤᠨ ᠬᠡᠯᠪᠡᠷᠢ ᠮᠥᠨ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠡᠷᠡᠭ᠎ᠤᠨ ᠪᠣᠳᠠᠲᠤ ᠬᠡᠷᠡᠭ᠂ ᠭᠡᠷᠡᠴᠢ ᠪᠠᠷᠢᠮᠲᠠ᠂ ᠦᠨᠳᠦᠰᠦ ᠪᠠᠷᠢᠮᠲᠠ᠂ ᠳᠡᠰ ᠳᠠᠷᠠᠭ᠋ᠠᠯᠠᠯ ᠪᠠ ᠳ᠋ᠦᠩᠨᠡᠯᠲᠡ ᠵᠡᠷᠭᠡ ᠠᠰᠠᠭᠤᠳᠠᠯ᠎ᠤᠨ ᠲᠤᠬᠠᠶ ᠪᠦᠬᠦ ᠲᠠᠯ᠎ᠠ ᠵᠢᠨ᠂ ᠶᠡᠷᠦᠩᠬᠡᠶ᠋ᠢᠯᠡᠭᠰᠡᠨ ᠲᠤᠰᠬᠠᠯ ᠪᠠ ᠢᠯᠡᠷᠡᠯ ᠮᠥᠨ᠂ ᠪᠠᠶ᠋ᠢᠴᠠᠭ᠋ᠠᠯᠲᠠ ᠬᠢᠵᠦ ᠳᠠᠭᠤᠰᠬᠠᠬᠤ ᠮᠡᠳᠡᠭᠦᠯᠦᠯᠲᠡ᠂ ᠰᠢᠢ᠍ᠳᠬᠡᠯ᠎ᠤᠨ ᠲᠣᠭᠲᠠᠭ᠋ᠠᠯ᠎ᠤᠨ ᠪᠢᠴᠢᠭ ᠵᠡᠷᠭᠡ ᠵᠢ ᠴᠥᠮ ᠶᠣᠰᠣ ᠬᠡᠯᠡᠬᠦ ᠮᠠᠶᠢᠭ᠎ᠤᠨ ᠱᠠᠭ᠋ᠠᠷᠳᠠᠯᠭ᠎ᠠ ᠶᠣᠰᠣᠭ᠋ᠠᠷ ᠵᠢᠷᠤᠮᠵᠢᠭᠤᠯᠤᠨ ᠵᠣᠬᠢᠶᠠᠬᠤ ᠬᠡᠷᠡᠭᠲᠡᠶ᠃ ᠪᠦᠬᠦ ᠲᠠᠯ᠎ᠠ ᠵᠢᠨ᠂ ᠨᠠᠷᠢᠨ ᠨᠢᠭᠲᠠ᠂ ᠵᠢᠷᠤᠮᠵᠢᠭᠤᠨ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠪᠢᠴᠢᠭ ᠬᠠᠷ᠎ᠠ᠎ᠪᠠᠷ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
     ᠳᠥᠷᠪᠡ᠂ ᠠᠵᠢᠯ᠎ᠤᠨ ᠤᠶᠠᠯᠳᠤᠯ᠎ᠢ ᠴᠢᠬᠤᠯᠠᠴᠢᠯᠠᠬᠤ ᠬᠡᠷᠡᠭᠲᠡᠶ᠃ 《ᠶᠣᠰᠣ ᠬᠡᠯᠡᠬᠦ ᠮᠠᠶᠢᠭ᠎ᠤᠨ ᠠᠵᠢᠯ᠎ᠤᠨ ᠠᠷᠭ᠎ᠠ》 ᠵᠢ ᠬᠡᠷᠡᠭᠵᠢᠭᠦᠯᠬᠦ ᠵᠢ 《ᠬᠠᠤᠯᠢ ᠴᠠᠭ᠋ᠠᠵᠠ ᠵᠢ ᠲᠦᠭᠡᠮᠡᠯᠵᠢᠭᠦᠯᠵᠦ ᠬᠠᠤᠯᠢ ᠬᠡᠷᠡᠭᠵᠢᠭᠦᠯᠬᠦ᠎ᠠᠴᠠ ᠡᠮᠦᠨᠡᠬᠢ》 ᠠᠵᠢᠯᠯᠠᠭ᠎ᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠠ ᠬᠡᠯᠪᠡᠷᠢ ᠪᠣᠯᠭ᠋ᠠᠬᠣ᠎ᠨᠢ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠬᠠᠯᠠᠭᠤᠨ ᠳᠤᠯᠠᠭ᠋ᠠᠨ᠎ᠢ ᠢᠯᠡᠷᠡᠭᠦᠯᠬᠦ᠂ ᠵᠥᠷᠢᠴᠡᠯ ᠮᠥᠷᠭᠦᠯᠳᠦᠭᠡᠨ᠎ᠢ ᠰᠡᠷᠭᠡᠶ᠋ᠢᠯᠡᠨ ᠠᠷᠢᠯᠭ᠋ᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠤᠢ ᠪᠣᠯᠭ᠋ᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠪᠣᠳᠠᠲᠠᠶ ᠠᠵᠢᠯ᠎ᠤᠨ ᠳᠤᠮᠳᠠ᠂ ᠶᠣᠰᠣ ᠬᠡᠯᠡᠬᠦ ᠵᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠥᠬᠦ ᠶᠠᠪᠤᠴᠠ᠎ᠳᠤ ᠲᠣᠭᠤᠰᠢᠯᠠᠭᠤᠯᠵᠤ᠂ ᠨᠢᠭᠡᠳᠦᠯᠲᠡᠶ ᠲᠥᠯᠥᠪᠯᠡᠨ ᠪᠠᠶ᠋ᠢᠷᠢᠯᠠᠭᠤᠯᠵᠤ᠂ ᠠᠮᠢᠳᠤᠯᠢᠭ ᠵᠶ᠋ᠠᠷ ᠬᠡᠷᠡᠭᠵᠢᠭᠦᠯᠵᠦ᠂ ᠠᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠬᠡᠷᠡᠭᠲᠡᠶ᠃
    《ᠵᠢᠯᠣᠭᠤᠳᠤᠮᠵᠢ》 ᠵᠢᠨ ᠨᠠᠶ᠋ᠢᠳᠠᠪᠤᠷᠢᠵᠢᠭᠤᠯᠤᠯᠲᠠ ᠵᠢ ᠪᠣᠳᠠᠲᠠᠶ ᠠᠬᠢᠭᠤᠯᠬᠤ᠎ᠳᠤ᠂ ᠪᠢᠳᠡ ᠪᠠᠰᠠ ᠳᠣᠤᠷᠠᠬᠢ ᠠᠵᠢᠯ᠎ᠢ ᠥᠷᠨᠢᠭᠦᠯᠦᠨ᠎ᠡ᠄
     ᠨᠢᠭᠡ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠶ᠋ᠢᠷᠡᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠲᠠᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠤᠯᠢ ᠬᠡᠷᠡᠭᠵᠢᠭᠦᠯᠬᠦ ᠣᠨᠣᠯᠵᠢᠬᠤᠨ᠎ᠢ ᠬᠤᠪᠢᠷᠠᠭᠤᠯᠤᠨ᠂ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠰᠠᠨᠠᠭ᠋ᠠᠴᠢᠯᠠᠭ᠋ᠠᠲᠤ ᠴᠢᠨᠠᠷ ᠪᠠ ᠢᠳᠡᠪᠬᠢᠵᠢᠯ᠎ᠢ ᠴᠢᠩᠭ᠋ᠠᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠢᠲᠡᠭᠡᠭᠦᠯᠬᠦ ᠬᠦᠴᠦᠨ ᠪᠠ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠦᠨ᠎ᠡ᠃
     ᠬᠤᠶᠠᠷ᠂ ᠨᠡᠢ᠍ᠢ᠍ᠯᠡᠬᠦᠯᠦᠨ ᠠᠭᠤᠰᠤᠯᠴᠠᠬᠤ ᠵᠢ ᠴᠢᠬᠤᠯᠠᠴᠢᠯᠠᠨ᠎ᠠ᠃ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠦᠯᠲᠡ ᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ 《ᠭᠤᠷᠪᠠᠨ ᠵᠦᠢ᠍ᠯ᠎ᠤᠨ ᠳᠦᠷᠢᠮ》᠎ᠲᠠᠢ ᠤᠶᠠᠯᠳᠤᠭᠤᠯᠵᠤ᠂ ᠪᠦᠬᠦ ᠶᠠᠪᠤᠴᠠ᠎ᠳᠤ ᠶᠣᠰᠣ ᠬᠡᠯᠡᠬᠦ ᠵᠢ ᠴᠢᠬᠤᠯᠠᠴᠢᠯᠠᠵᠤ᠂ ᠪᠢᠴᠢᠭ ᠬᠠᠷ᠎ᠠ ᠵᠣᠬᠢᠶᠠᠬᠤ ᠵᠢ ᠵᠢᠷᠤᠮᠵᠢᠭᠤᠯᠵᠤ᠂ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠦᠯᠲᠡ᠎ᠳᠤ ᠪᠠᠲᠤᠯᠠᠭ᠎ᠠ ᠬᠠᠩᠭ᠋ᠠᠨ᠎ᠠ᠃
     ᠭᠤᠷᠪᠠ᠂ ᠳ᠋ᠦᠩᠨᠡᠨ ᠳᠡᠭᠡᠭᠰᠢᠯᠡᠭᠦᠯᠬᠦ ᠵᠢ ᠴᠢᠩᠭ᠋ᠠᠷᠠᠭᠤᠯᠤᠨ᠎ᠠ᠃ ᠶᠣᠰᠣ ᠬᠡᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠠᠵᠢᠯ᠎ᠤᠨ ᠲᠤᠷᠰᠢᠯᠭ᠎ᠠ ᠵᠢᠨ ᠳ᠋ᠦᠩᠨᠡᠯᠲᠡ ᠪᠠ ᠰᠣᠯᠢᠯᠴᠠᠭ᠎ᠠ ᠬᠢᠵᠦ ᠳᠡᠯᠭᠡᠷᠡᠭᠦᠯᠬᠦ ᠵᠢ ᠴᠢᠩᠭ᠋ᠠᠳᠬᠠᠵᠤ᠂ ᠨᠡᠪᠲᠡᠷᠡᠯᠴᠡᠬᠦ ᠤᠷ᠎ᠠ ᠮᠡᠷᠭᠡᠵᠢᠯ᠂ ᠰᠡᠳᠬᠢᠴᠡ ᠵᠢᠨ ᠮᠡᠳᠡᠯᠭᠡ ᠵᠡᠷᠭᠡ ᠵᠢ ᠬᠠᠤᠯᠢ ᠬᠡᠷᠡᠭᠵᠢᠭᠦᠯᠬᠦ ᠠᠵᠢᠯᠲᠠᠨ᠎ᠤ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠵᠣᠷᠢᠭᠤᠳᠠ ᠡᠪᠳᠡᠨ ᠰᠦᠢ᠍ᠳᠭᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ᠂ ᠪᠠᠯᠠᠯᠤᠨ ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠠᠰᠢᠭᠯᠠᠨ ᠬᠤᠭᠤᠯᠠᠶ ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠎ᠳᠤ ᠶᠠᠮᠠᠷ ᠶᠠᠮᠠᠷ ᠰᠢᠢ᠍ᠳᠬᠡᠯ ᠥᠭᠬᠦ ᠪᠤᠢ?
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠠᠶᠠᠨᠴᠢᠳ᠎ᠠᠴᠠ ᠠᠭ᠋ᠠᠷ ᠲᠣᠬᠢᠷᠠᠭᠤᠯᠤᠭᠤᠷ᠎ᠤᠨ ᠰᠦᠢ᠍ᠳᠭᠡᠯ ᠬᠤᠷᠢᠶᠠᠬᠤ ᠠᠵᠢᠯᠯᠠᠭ᠎ᠠ᠎ᠨᠢ ᠵᠦᠢ ᠵᠣᠬᠢᠰᠲᠠᠢ ᠤᠤ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠥᠷᠲᠡᠭᠡ᠎ᠠᠴᠠ ᠭᠠᠷᠬᠤ ᠠᠶᠠᠨᠴᠢᠳ᠎ᠤᠨ ᠮᠠᠰᠢᠨ ᠲᠡᠷᠭᠡ ᠵᠢᠨ ᠡᠭᠡᠯᠵᠢ ᠮᠡᠳᠡᠭᠦᠯᠬᠦ ᠭᠠᠷ ᠭᠦᠢᠴᠡᠳᠬᠡᠯ᠎ᠤᠨ ᠪᠠᠢ᠌ᠴᠠᠭ᠋ᠠᠯᠲᠠ᠎ᠳᠤ ᠭᠣᠤᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠬᠤ ᠪᠣᠶ?
ᠬᠢᠷᠢ ᠬᠡᠮ᠎ᠤᠨ ᠰᠢᠯᠭ᠋ᠠᠯᠲᠠ᠄ ᠲᠣᠮᠣ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ (A1) ᠵᠢᠨ ᠮᠠᠰᠢᠨᠲᠤ ᠲᠡᠷᠭᠡᠨ᠎ᠤ ᠵᠢᠯᠣᠭᠤᠴᠢ ᠵᠢᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠵᠢᠯᠣᠭᠤᠴᠢ ᠬᠡᠷᠪᠡ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠰᠠᠨᠠᠭ᠎ᠠ᠎ᠲᠠᠢ ᠪᠣᠯ ᠵᠠᠮ ᠲᠡᠭᠡᠭᠡᠪᠦᠷᠢ ᠵᠢᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠢ ᠬᠡᠷᠬᠢᠨ ᠭᠤᠶᠤᠴᠢᠯᠠᠨ ᠠᠪᠬᠤ ᠪᠣᠶ?
ᠪᠠᠷᠠᠭ᠋ᠠᠨ᠎ᠤ ᠲᠡᠭᠡᠭᠡᠪᠦᠷᠢ᠄ ᠲᠣᠮᠣ ᠵᠦᠢ᠍ᠯ᠎ᠤᠨ ᠲᠡᠭᠡᠭᠡᠪᠦᠷᠢ᠎ᠳᠤ ᠶᠠᠮᠠᠷ ᠶᠠᠮᠠᠷ ᠪᠣᠳᠠᠲᠠᠢ ᠱᠠᠭ᠋ᠠᠷᠳᠠᠯᠭ᠎ᠠ ᠪᠠᠶ᠋ᠢᠬᠤ ᠪᠣᠢ?
 
            