ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠪᠠᠷᠠᠭ᠋ᠠᠨ᠎ᠤ ᠲᠡᠭᠡᠭᠡᠪᠦᠷᠢ᠄ ᠲᠣᠮᠣ ᠵᠦᠢ᠍ᠯ᠎ᠤᠨ ᠲᠡᠭᠡᠭᠡᠪᠦᠷᠢ᠎ᠳᠤ ᠶᠠᠮᠠᠷ ᠶᠠᠮᠠᠷ ᠪᠣᠳᠠᠲᠠᠢ ᠱᠠᠭ᠋ᠠᠷᠳᠠᠯᠭ᠎ᠠ ᠪᠠᠶ᠋ᠢᠬᠤ ᠪᠣᠢ?
ᠨᠡᠶ᠋ᠢᠲᠡᠯᠡᠭᠰᠡᠨ ᠴᠠᠭ᠄ 2025-02-12

     ᠵᠠᠮ ᠬᠠᠷᠢᠯᠴᠠᠭ᠎ᠠ ᠲᠡᠭᠡᠭᠡᠪᠦᠷᠢ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ ᠵᠦᠢ᠍ᠯ᠎ᠤᠨ ᠲᠡᠭᠡᠭᠡᠪᠦᠷᠢ ᠵᠢᠨ ᠬᠠᠮᠢᠶᠠᠷᠤᠯᠲᠠ ᠪᠠ ᠦᠢ᠍ᠯᠡᠴᠢᠯᠡᠭᠡ ᠵᠢ ᠵᠢᠷᠤᠮᠵᠢᠭᠤᠯᠬᠤ ᠵᠢᠨ ᠲᠥᠯᠥᠭᠡ᠂ 《〈ᠲᠣᠮᠣ ᠵᠦᠢ᠍ᠯ᠎ᠤᠨ ᠲᠡᠭᠡᠭᠡᠪᠦᠷᠢ ᠵᠢᠨ ᠵᠥᠪᠰᠢᠶᠡᠷᠡᠯ᠎ᠤᠨ ᠲᠤᠬᠠᠶ᠋ᠢᠯᠠᠭᠰᠠᠨ ᠠᠵᠢᠯ᠎ᠤᠨ ᠵᠢᠷᠤᠮᠵᠢᠯ ᠪᠠ ᠮᠡᠷᠭᠡᠵᠢᠯ᠎ᠤᠨ ᠱᠠᠭ᠋ᠠᠷᠳᠠᠯᠭ᠎ᠠ (ᠰᠠᠨᠠᠯ ᠬᠤᠷᠢᠶᠠᠬᠤ ᠨᠣᠤᠷᠠᠭ)〉 ᠵᠢᠨ ᠰᠠᠨᠠᠯ᠎ᠢ ᠬᠤᠷᠢᠶᠠᠬᠤ ᠵᠠᠬᠢᠳᠠᠯ》 ᠪᠠ         《ᠬᠡᠮᠵᠢᠶ᠎ᠡ᠎ᠠᠴᠠ ᠬᠡᠲᠦᠷᠡᠭᠰᠡᠨ ᠲᠡᠷᠭᠡ ᠬᠥᠰᠬᠡ ᠵᠢᠨ ᠵᠠᠰᠠᠮᠠᠯ ᠵᠠᠮ᠎ᠤᠨ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠲᠣᠭᠲᠠᠭ᠋ᠠᠯ᠎ᠢ ᠦᠨᠳᠦᠰᠦᠯᠡᠨ᠂ ᠡᠳᠦᠭᠡ ᠳᠣᠤᠷᠠᠬᠢ ᠮᠡᠲᠦ ᠱᠠᠭ᠋ᠠᠷᠳᠠᠯᠭ᠎ᠠ ᠵᠢ ᠭᠠᠷᠭ᠋ᠠᠪᠠ᠄
    1. ᠳᠠᠭ᠋ᠠᠭ᠋ᠠᠨ ᠲᠡᠭᠡᠭᠡᠪᠦᠷᠢᠯᠡᠭᠴᠢ᠎ᠨᠢ ᠴᠢᠷᠬᠦ ᠲᠡᠷᠭᠡ ᠵᠢᠨ ᠥᠮᠴᠢᠯᠡᠭᠴᠢ᠎ᠯᠦᠭᠡ ᠨᠢᠭᠡᠳᠦᠯᠲᠡᠶ ᠪᠠᠢ᠌ᠬᠤ ᠬᠡᠷᠡᠭᠲᠡᠶ;
    2. ᠴᠢᠷᠦᠭᠦᠯ ᠲᠡᠷᠭᠡ ᠵᠢᠨ ᠥᠮᠴᠢᠯᠡᠭᠴᠢ ᠵᠢ ᠰᠢᠰᠲ᠋ᠧᠮ ᠳᠣᠲᠣᠷ᠎ᠠ ᠨᠢᠭᠡᠨᠲᠡ ᠳᠠᠩᠰᠠᠯᠠᠭᠤᠯᠤᠭᠰᠠᠨ ᠪᠥᠭᠡᠳ ᠲᠣᠮᠣ ᠬᠡᠯᠪᠡᠷᠢ ᠵᠢᠨ ᠡᠳ᠋ ᠪᠠᠷᠠᠭ᠎ᠠ ᠲᠡᠭᠡᠭᠡᠪᠦᠷᠢᠯᠡᠬᠦ ᠬᠢᠷᠢ ᠭᠡᠮ᠎ᠢ ᠪᠦᠷᠢᠯᠳᠦᠭᠦᠯᠦᠭᠰᠡᠨ ᠠᠵᠤ ᠠᠬᠤᠶ᠋ᠢᠯᠠᠯ ᠪᠠᠢ᠌ᠬᠤ ᠬᠡᠷᠡᠭᠲᠡᠶ;
    3. ᠮᠡᠳᠡᠭᠦᠯᠦᠭᠰᠡᠨ ᠴᠢᠷᠦᠭᠦᠯ ᠲᠡᠷᠭᠡ ᠵᠢᠨ ᠥᠮᠴᠢᠯᠡᠭᠴᠢ᠎ᠨᠢ ᠳᠠᠭ᠋ᠠᠭ᠋ᠠᠨ ᠲᠡᠭᠡᠭᠡᠪᠦᠷᠢᠯᠡᠭᠴᠢ᠎ᠯᠦᠭᠡ ᠨᠢᠭᠡᠳᠦᠯᠲᠡᠶ ᠦᠭᠡᠶ  ᠪᠠᠢ᠌ᠪᠠᠯ᠂ ᠴᠢᠷᠦᠭᠦᠯ ᠲᠡᠷᠭᠡ ᠵᠢᠨ ᠥᠮᠴᠢᠯᠡᠭᠴᠢ ᠵᠢᠨ ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠰᠦᠯᠵᠢᠶᠡᠨ᠎ᠳᠤ ᠣᠷᠣᠭᠤᠯᠬᠤ ᠬᠡᠷᠡᠭᠲᠡᠶ;
    4. ᠠᠳᠠᠯᠢ ᠨᠢᠭᠡ ᠠᠶᠠᠯᠠᠯ᠎ᠤᠨ ᠬᠤᠭᠤᠴᠠᠭ᠋ᠠᠨ᠎ᠳᠤ ᠠᠳᠠᠯᠢ ᠨᠢᠭᠡᠨ ᠲᠣᠮᠣ ᠵᠦᠢ᠍ᠯ᠎ᠤᠨ ᠲᠡᠭᠡᠭᠡᠪᠦᠷᠢ ᠵᠢᠨ ᠲᠡᠷᠭᠡ ᠬᠦᠰᠭᠡ ᠵᠢᠨ ᠲᠤᠰᠢᠶᠠᠵᠤ ᠪᠣᠯᠬᠤ ᠪᠠᠷᠠᠭ᠎ᠠ ᠠᠴᠢᠶᠠᠯᠠᠵᠤ ᠪᠣᠯᠬᠤ ᠦᠶ᠎ᠡ ᠵᠢᠨ ᠭᠤᠶᠤᠴᠢᠯᠠᠯ᠎ᠤᠨ ᠲᠤᠭ᠎ᠠ ᠬᠡᠮᠵᠢᠶ᠎ᠡ ᠵᠢ 2 ᠬᠤᠪᠢ᠎ᠠᠴᠠ ᠬᠡᠲᠦᠷᠡᠭᠦᠯᠵᠦ ᠪᠣᠯᠬᠤ ᠦᠭᠡᠢ;
    5. ᠠᠳᠠᠯᠢ ᠨᠢᠭᠡᠨ ᠲᠡᠷᠭᠡ ᠬᠥᠰᠬᠡ ᠵᠢᠨ ᠭᠠᠭᠴᠠ ᠡᠳᠦᠷ᠎ᠤᠨ ᠳᠣᠲᠣᠷ᠎ᠠ ᠬᠦᠴᠦᠨ ᠦᠭᠡᠶ ᠪᠣᠯᠭ᠋ᠠᠬᠤ ᠤᠳᠠᠭ᠎ᠠ ᠵᠢ ᠭᠤᠷᠪᠠ ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠶ᠂ ᠡᠰᠡ ᠲᠡᠶ᠋ᠢᠮᠦ ᠪᠣᠯ ᠲᠤᠰᠢᠶᠠᠵᠤ ᠪᠣᠯᠬᠤ ᠦᠭᠡᠶ᠃
    6. ᠵᠣᠷᠢᠭᠤᠳᠠ᠎ᠪᠠᠷ ᠣᠯᠠᠨ ᠤᠳᠠᠭ᠎ᠠ ᠬᠦᠴᠦᠨ ᠥᠬᠡᠶ ᠪᠣᠯᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠡᠷᠭᠡ ᠪᠠ ᠪᠠᠷᠠᠭ᠋ᠠᠨ᠎ᠤ ᠲᠤᠬᠠᠶ ᠵᠢᠨ ᠲᠠᠯᠠᠪᠤᠷ᠎ᠤᠨ ᠬᠠᠷᠭᠤᠭᠤᠯᠤᠨ ᠪᠠᠶ᠋ᠢᠴᠠᠭ᠋ᠠᠯᠲᠠ ᠪᠤᠶᠤ ᠬᠦᠨᠳᠦ ᠵᠢ ᠪᠠᠶ᠋ᠢᠴᠠᠭ᠋ᠠᠨ ᠬᠡᠮᠵᠢᠬᠦ᠎ᠳᠤ ᠬᠠᠮᠵᠢᠯᠴᠠᠬᠤ ᠵᠢ ᠲᠡᠪᠴᠢᠭᠰᠡᠨ ᠠᠵᠤ ᠠᠬᠤᠶ᠋ᠢᠯᠠᠯ᠂ ᠲᠡᠷᠭᠡ ᠬᠥᠰᠬᠡ ᠪᠠ ᠬᠦᠢ᠍ᠴᠡᠳᠬᠡᠭᠴᠢ ᠵᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠤᠨ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠵᠦ᠂ ᠪᠣᠳᠠᠲᠤ ᠬᠡᠷᠡᠭ᠎ᠢ ᠦᠨᠳᠦᠰᠦᠯᠡᠨ 《ᠭᠤᠤᠯᠳᠠᠯᠭ᠎ᠠ᠎ᠲᠠᠢ ᠠᠩᠬᠠᠷᠬᠤ》 ᠪᠤᠶᠤ 《ᠬᠠᠷ᠎ᠠ ᠲᠠᠩᠰᠠ》᠎ᠳᠤ ᠣᠷᠣᠭᠤᠯᠤᠨ᠎ᠠ᠃ ᠨᠢᠭᠡᠨᠲᠡ 《ᠭᠣᠣᠯᠳᠠᠯᠭ᠎ᠠ᠎ᠲᠠᠢ ᠠᠩᠬᠠᠷᠬᠤ》᠎ᠳᠤ ᠣᠷᠣᠭᠤᠯᠤᠭᠰᠠᠨ ᠪᠣᠯᠪᠠᠴᠤ ᠳᠠᠬᠢᠨ ᠣᠯᠠᠨᠲᠠ ᠢᠲᠡᠭᠡᠯ ᠠᠯᠳᠠᠭᠰᠠᠨ ᠮᠥᠷᠲᠡᠭᠡᠨ ᠴᠡᠭᠴᠡᠯᠡᠨ ᠰᠠᠶ᠋ᠢᠵᠢᠷᠠᠭᠤᠯᠤᠭᠰᠠᠨ ᠦᠭᠡᠢ ᠵᠢ᠎ᠨᠢ ᠪᠠᠰᠠ 《ᠬᠠᠷ᠎ᠠ ᠳᠠᠩᠰᠠ》᠎ᠳᠤ ᠨᠡᠮᠡᠵᠦ ᠣᠷᠤᠭᠤᠯᠤᠨ᠎ᠠ ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠲᠦᠷᠢᠶᠡᠰᠦᠨ ᠮᠠᠰᠢᠨ ᠲᠡᠷᠭᠡ ᠰᠦᠯᠵᠢᠶ᠎ᠡ᠎ᠪᠠᠷ ᠪᠣᠯᠵᠣᠬᠤ ᠲᠡᠷᠭᠡ᠄ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠡᠵᠡᠩᠨᠡᠯᠲᠡ ᠬᠢᠬᠦ᠎ᠪᠠᠷ ᠭᠤᠶᠤᠴᠢᠯᠠᠬᠤ᠎ᠳᠤ ᠶᠠᠮᠠᠷ ᠴᠢᠳᠠᠪᠤᠷᠢ ᠵᠢ ᠪᠦᠷᠢᠯᠳᠦᠭᠦᠯᠬᠦ ᠪᠤᠢ?
ᠬᠢᠷᠢ ᠬᠡᠮ᠎ᠤᠨ ᠰᠢᠯᠭ᠋ᠠᠯᠲᠠ᠄ ᠵᠠᠮ᠎ᠤᠨ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠣᠴᠢ ᠵᠢᠨ ᠠᠵᠢᠯ ᠡᠷᠬᠢᠯᠡᠬᠦ ᠬᠢᠷᠢ ᠬᠡᠮ᠎ᠤᠨ ᠪᠣᠯᠪᠠᠰᠤᠷᠠᠯ᠎ᠤᠨ ᠰᠤᠷᠭ᠋ᠠᠭᠴᠢ᠎ᠨᠢ ᠶᠠᠮᠠᠷ ᠶᠠᠮᠠᠷ ᠨᠥᠬᠥᠴᠡᠯ᠎ᠳᠤ ᠨᠡᠢ᠌ᠴᠡᠬᠦ ᠬᠡᠷᠡᠭᠲᠡᠶ ᠪᠤᠢ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄【ᠵᠢᠷᠤᠭᠲᠤ ᠲᠠᠢ᠌ᠯᠤᠮᠵᠢ】 ᠬᠡᠳᠦᠨ ᠰᠠᠭᠤᠳᠠᠯᠲᠤ ᠲᠡᠷᠭᠡ᠎ᠨᠢ ᠵᠠᠬᠢᠶᠠᠯᠠᠬᠤ ᠠᠶᠠᠨᠴᠢᠳ᠎ᠤᠨ ᠵᠥᠭᠡᠭᠡᠪᠦᠷᠢ ᠡᠵᠡᠩᠨᠡᠵᠦ ᠪᠣᠯᠬᠤ ᠪᠣᠶ?
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠄【ᠵᠢᠷᠤᠭᠲᠤ ᠲᠠᠢ᠌ᠯᠤᠮᠵᠢ】《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶᠡᠨ᠎ᠳᠤ ᠶᠣᠰᠣ ᠬᠡᠯᠡᠬᠦ ᠮᠠᠶᠢᠭ ᠵᠶ᠋ᠠᠷ ᠬᠠᠤᠯᠢ ᠬᠡᠷᠡᠭᠵᠢᠭᠦᠯᠬᠦ ᠠᠵᠢᠯ᠎ᠢ ᠳᠡᠯᠭᠡᠷᠡᠭᠦᠯᠬᠦ ᠵᠢᠯᠣᠭᠤᠳᠤᠮᠵᠢ》 ᠵᠢᠨ ᠠᠬᠤᠢ ᠪᠠᠢ᠌ᠳᠠᠯ᠎ᠤᠨ ᠦᠨᠳᠦᠰᠦᠯᠡᠯ᠎ᠨᠢ ᠶᠠᠭᠤ ᠪᠣᠢ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠡᠵᠡᠩᠨᠡᠯᠲᠡ ᠵᠢᠨ ᠴᠢᠨᠠᠷᠲᠠᠢ ᠠᠶᠠᠨᠴᠢᠳ᠎ᠤᠨ ᠮᠠᠰᠢᠨ ᠲᠡᠷᠭᠡ ᠵᠢᠨ ᠡᠵᠡᠩᠨᠡᠯᠲᠡ ᠵᠢᠨ ᠬᠤᠭᠤᠴᠠᠭ᠎ᠠ᠎ᠨᠢ ᠬᠡᠳᠦᠢ ᠤᠷᠳᠤ ᠪᠤᠢ?
 
            