《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》 ᠵᠢᠨ ᠲᠠᠪᠢᠨ ᠬᠣᠶᠠᠳᠤᠭ᠋ᠠᠷ ᠵᠦᠢ᠍ᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠡᠪᠳᠡᠨ ᠰᠦᠢ᠍ᠳᠬᠡᠵᠦ᠂ ᠳᠤᠷ᠎ᠠ᠎ᠪᠠᠷ ᠵᠶ᠋ᠠᠨ ᠰᠢᠯᠵᠢᠭᠦᠯᠵᠦ᠂ ᠪᠠᠯᠠᠯᠤᠨ ᠥᠭᠡᠷᠡᠴᠢᠯᠡᠵᠦ ᠪᠣᠯᠬᠤ ᠦᠭᠡᠶ᠃
ᠳᠡᠭᠡᠷ᠎ᠡ ᠳᠤᠷᠠᠳᠤᠭᠰᠠᠨ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠭᠡᠳᠡᠭ᠎ᠨᠢ ᠵᠠᠰᠠᠮᠠᠯ ᠵᠠᠮ᠎ᠢ ᠬᠠᠮᠠᠭ᠋ᠠᠯᠠᠬᠤ᠂ ᠠᠷᠠᠴᠢᠯᠠᠨ ᠬᠠᠮᠠᠭ᠋ᠠᠯᠠᠬᠤ ᠪᠠ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠦᠭᠡᠶ ᠨᠡᠪᠲᠡᠷᠡᠬᠦ ᠵᠢ ᠪᠠᠲᠤᠯᠠᠬᠤ᠎ᠳᠤ ᠪᠠᠶ᠋ᠢᠭᠤᠯᠤᠭᠰᠠᠨ ᠵᠠᠰᠠᠮᠠᠯ ᠵᠠᠮ᠎ᠤᠨ ᠰᠡᠷᠭᠡᠶ᠋ᠢᠯᠡᠨ ᠬᠠᠮᠠᠭ᠋ᠠᠯᠠᠬᠤ᠂ ᠤᠰᠤ ᠲᠠᠲᠠᠷᠠᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠦᠢ᠍ᠯᠡᠴᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠭᠠᠲᠤᠯᠠᠨ ᠲᠡᠭᠡᠭᠡᠪᠦᠷᠢᠯᠡᠬᠦ᠂ ᠬᠢᠨᠠᠨ ᠡᠵᠡᠮᠳᠡᠬᠦ᠂ ᠴᠢᠮᠡᠭᠡ ᠨᠡᠪᠲᠡᠷᠡᠯᠭᠡ᠂ ᠰᠦᠢ᠍ᠳᠬᠡᠯ ᠬᠤᠷᠢᠶᠠᠬᠤ ᠵᠡᠷᠭᠡ ᠲᠥᠬᠥᠭᠡᠷᠦᠮᠵᠢ᠂ ᠪᠡᠯᠡᠳᠬᠡᠮᠵᠢ ᠵᠢᠴᠢ ᠲᠤᠰᠬᠠᠶ ᠬᠡᠷᠡᠭᠯᠡᠬᠦ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠢ ᠵᠢᠭ᠋ᠠᠵᠤ ᠪᠤᠶ᠃
ᠳᠠᠯᠠᠨ ᠵᠢᠷᠭᠤᠳᠤᠭ᠋ᠠᠷ ᠵᠦᠢ᠍ᠯ᠎ᠤᠨ (ᠵᠢᠷᠭᠤᠭ᠎ᠠ) ᠳ᠋ᠤᠭ᠋ᠠᠷ᠎ᠲᠤ ᠳᠣᠤᠷᠠᠬᠢ ᠮᠡᠲᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠮ ᠬᠠᠷᠢᠯᠴᠠᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠭᠤᠷᠪᠠᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠄ (ᠵᠢᠷᠭᠤᠭ᠎ᠠ) ᠲᠤᠰ ᠬᠠᠤᠯᠢ ᠵᠢᠨ ᠲᠠᠪᠢᠨ ᠬᠣᠶᠠᠳᠤᠭ᠋ᠠᠷ ᠵᠦᠢ᠍ᠯ᠂ ᠲᠠᠪᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠵᠦ᠂ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠡᠪᠳᠡᠨ ᠰᠦᠢ᠍ᠳᠬᠡᠵᠦ᠂ ᠰᠢᠯᠵᠢᠭᠦᠯᠵᠦ᠂ ᠪᠠᠯᠠᠯᠤᠨ ᠥᠭᠡᠷᠡᠴᠢᠯᠡᠭᠰᠡᠨ ᠪᠤᠶᠤ ᠪᠠᠷᠢᠯᠭ᠎ᠠ ᠵᠢᠨ ᠡᠵᠡᠮᠰᠢᠯ᠎ᠤᠨ ᠣᠷᠣᠨ᠎ᠤ ᠲᠡᠮᠳᠡᠭ ᠪᠠᠭ᠋ᠠᠨ᠎ᠠ᠂ ᠵᠠᠭ᠋ᠠᠭ᠎ᠤᠨ ᠪᠠᠭ᠋ᠠᠨᠠᠢ ᠡᠪᠳᠡᠨ ᠰᠦᠢ᠍ᠳᠬᠡᠵᠦ᠂ ᠨᠡᠭᠦᠯᠭᠡᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠃
《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》᠎ᠤᠨ ᠬᠣᠷᠢᠨ ᠲᠠᠪᠤᠳᠤᠭ᠋ᠠᠷ ᠵᠦᠢ᠍ᠯ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠡᠪᠳᠡᠨ ᠰᠦᠢ᠍ᠳᠭᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ᠂ ᠪᠠᠯᠠᠯᠤᠨ ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠠᠰᠢᠭᠯᠠᠨ ᠬᠣᠭᠣᠯᠠᠶ ᠲᠠᠯᠪᠢᠬᠤ᠂ ᠡᠳ᠋ ᠪᠣᠳᠠᠰ ᠡᠯᠭᠦᠬᠦ ᠵᠢ ᠴᠠᠭ᠋ᠠᠵᠠᠯᠠᠨ᠎ᠠ᠃
ᠵᠢᠷᠠᠳᠤᠭ᠋ᠠᠷ ᠵᠦᠢ᠍ᠯ᠎ᠤᠨ (ᠵᠢᠷᠭᠤᠭ᠎ᠠ) ᠳ᠋ᠤᠭ᠋ᠠᠷ᠎ᠲᠤ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠰᠠᠮᠠᠯ ᠵᠠᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠄ (ᠨᠢᠭᠡ) ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠡᠪᠳᠡᠨ ᠰᠦᠢ᠍ᠳᠬᠡᠵᠦ᠂ ᠰᠢᠯᠵᠢᠭᠦᠯᠵᠦ᠂ ᠪᠠᠯᠠᠯᠤᠨ ᠥᠭᠡᠷᠡᠴᠢᠯᠡᠵᠦ᠂ ᠬᠠᠯᠬᠠᠯᠠᠭᠰᠠᠨ ᠪᠤᠶᠤ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠵᠢ ᠠᠰᠢᠭᠯᠠᠨ ᠬᠣᠭᠣᠯᠠᠶ ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠃