《ᠬᠤᠲᠠ ᠵᠢᠨ ᠨᠡᠶ᠋ᠢᠲᠡ ᠵᠢᠨ ᠮᠠᠰᠢᠨ ᠲᠡᠷᠭᠡ ᠪᠠ ᠴᠠᠬᠢᠯᠭ᠋ᠠᠨ ᠲᠡᠷᠭᠡᠨ᠎ᠤ ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ ᠵᠢᠨ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2017 ᠣᠨ᠎ᠤ 5 ᠳ᠋ᠤᠭ᠋ᠠᠷ ᠲᠣᠭ᠋ᠠᠲᠤ)᠎ᠤᠨ ᠳᠥᠴᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ᠎ᠨᠢ᠄ ᠵᠢᠯᠣᠭᠤᠴᠢ᠂ ᠠᠶᠠᠨᠴᠢᠳ᠎ᠤᠨ ᠦᠢ᠍ᠯᠡᠴᠢᠯᠡᠭᠴᠢ ᠵᠡᠷᠭᠡ ᠠᠵᠢᠯᠯᠠᠵᠦ ᠪᠠᠢ᠍ᠢ᠍ᠭ᠎ᠠ ᠬᠦᠮᠦᠰ ᠡᠵᠡᠩᠨᠡᠬᠦ ᠶᠠᠪᠤᠴᠠ᠎ᠳᠤ ᠠᠮᠤᠷ ᠲᠦᠪᠰᠢᠨ᠎ᠤ ᠠᠵᠢᠯᠯᠠᠬᠤ ᠳᠦᠷᠢᠮ᠎ᠢ ᠬᠡᠷᠡᠭᠵᠢᠭᠦᠯᠬᠦ ᠬᠡᠷᠡᠭᠲᠡᠢ᠃ ᠬᠤᠷᠢ ᠶᠢᠰᠦᠳᠦᠭᠡᠷ ᠵᠦᠢ᠍ᠯ᠎ᠳᠤ ᠲᠣᠭᠲᠠᠭ᠋ᠠᠭᠰᠠᠨ᠎ᠨᠢ᠄ ᠬᠤᠲᠠ ᠵᠢᠨ ᠣᠯᠠᠨ ᠨᠡᠶ᠋ᠢᠲᠡ ᠵᠢᠨ ᠮᠠᠰᠢᠨ ᠲᠡᠷᠭᠡ ᠪᠠ ᠴᠠᠬᠢᠯᠭ᠋ᠠᠨ ᠲᠡᠷᠭᠡᠨ᠎ᠤ ᠠᠶᠠᠨᠴᠢᠳ᠎ᠤᠨ ᠵᠥᠭᠡᠭᠡᠪᠦᠷᠢ ᠡᠷᠬᠢᠯᠡᠵᠦ ᠪᠠᠢ᠌ᠭ᠎ᠠ ᠵᠢᠯᠣᠭᠤᠴᠢ᠂ ᠠᠶᠠᠨᠴᠢᠳ᠎ᠤᠨ ᠦᠢ᠍ᠯᠡᠴᠢᠯᠡᠭᠴᠢ ᠬᠠᠮᠢᠶ᠎ᠠ ᠪᠥᠬᠦᠶ ᠦᠢ᠍ᠯᠡᠴᠢᠯᠡᠭᠡᠨ᠎ᠤ ᠪᠠᠷᠢᠮᠵᠢᠶ᠎ᠠ ᠵᠢ ᠭᠦᠢ᠍ᠴᠡᠳᠭᠡᠬᠦ ᠬᠡᠷᠡᠭᠲᠡᠶ᠃ 《ᠬᠤᠲᠠ ᠵᠢᠨ ᠣᠯᠠᠨ ᠨᠡᠶ᠋ᠢᠲᠡ ᠵᠢᠨ ᠮᠠᠰᠢᠨ ᠲᠡᠷᠭᠡ ᠪᠠ ᠴᠠᠬᠢᠯᠭ᠋ᠠᠨ ᠲᠡᠷᠭᠡᠨ᠎ᠤ ᠵᠢᠯᠣᠭᠤᠴᠢ ᠵᠢᠨ ᠠᠵᠢᠯᠯᠠᠭ᠋ᠠᠨ᠎ᠤ ᠵᠢᠷᠤᠮᠵᠢᠯ》 (JT/T934-2021)᠎ᠳᠤ᠂ ᠲᠡᠷᠭᠡ ᠬᠥᠳᠡᠯᠬᠦ᠎ᠠᠴᠠ ᠡᠮᠦᠨ᠎ᠡ ᠲᠡᠷᠭᠡᠨ᠎ᠤ ᠳᠥᠷᠪᠡᠨ ᠲᠠᠯ᠎ᠠ ᠵᠢᠴᠢ ᠲᠡᠷᠭᠡᠨ ᠳᠣᠲᠣᠷᠠᠬᠢ ᠠᠶᠠᠨᠴᠢᠳ᠎ᠢ ᠠᠩᠬᠠᠷᠤᠨ ᠠᠵᠢᠭᠯᠠᠵᠤ᠂ ᠲᠡᠷᠭᠡᠨ ᠡᠭᠦᠳᠡ᠎ᠪᠠᠨ ᠬᠠᠭ᠋ᠠᠭᠰᠠᠨᠤ ᠳᠠᠷᠠᠭ᠎ᠠ ᠲᠣᠭᠲᠠᠭᠤᠨ ᠵᠶ᠋ᠠᠷ ᠶᠠᠪᠤᠭᠤᠯᠵᠤ᠂ ᠳᠡᠰ ᠳᠠᠷᠠᠭ᠋ᠠᠯᠠᠨ ᠥᠷᠲᠡᠭᠡ᠎ᠠᠴᠠ ᠭᠠᠷᠤᠨ᠎ᠠ; ᠪᠢᠯᠧᠲ ᠬᠤᠳᠠᠯᠳᠤᠬᠤ ᠬᠥᠮᠥᠨ ᠦᠭᠡᠢ ᠲᠡᠷᠭᠡ ᠵᠢ ᠪᠠᠰᠠ ᠲᠡᠷᠭᠡ ᠬᠥᠳᠡᠯᠬᠦ᠂ ᠡᠷᠭᠢᠯᠳᠦᠭᠦᠯᠬᠦ᠂ ᠦᠷᠲᠡᠭᠡᠨ᠎ᠳᠤ ᠣᠷᠣᠵᠤ ᠭᠠᠷᠬᠤ ᠪᠠ ᠣᠨᠴᠠᠭ᠋ᠠᠢ ᠠᠶᠠᠨᠴᠢᠳ ᠲᠡᠷᠭᠡᠨ᠎ᠳᠤ ᠰᠠᠭᠤᠬᠤ ᠦᠶ᠎ᠡ᠎ᠳᠤ ᠲᠣᠭᠲᠠᠭ᠋ᠠᠯ ᠶᠣᠰᠣᠭ᠋ᠠᠷ ᠰᠠᠨᠠᠭᠤᠯᠬᠤ ᠦᠭᠡ ᠵᠢ ᠬᠡᠷᠡᠭᠯᠡᠨ᠎ᠡ᠃ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯ ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠭᠣᠤᠯ ᠴᠣᠭᠴᠠ ᠪᠣᠯᠤᠨ᠎ᠠ᠂ ᠬᠡᠰᠡᠭ ᠬᠣᠲᠠ᠎ᠨᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠬᠤᠲᠠ ᠵᠢᠨ ᠣᠯᠠᠨ ᠨᠡᠶ᠋ᠢᠲᠡ ᠵᠢᠨ ᠮᠠᠰᠢᠨ ᠲᠡᠷᠭᠡ ᠪᠠ ᠴᠠᠬᠢᠯᠭ᠋ᠠᠨ ᠲᠡᠷᠭᠡᠨ᠎ᠤ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠪᠤᠶᠤ ᠲᠡᠷᠭᠡᠨ᠎ᠳᠤ ᠰᠠᠭᠤᠬᠤ ᠳᠦᠷᠢᠮ᠎ᠢ ᠲᠣᠭᠲᠠᠭ᠋ᠠᠵᠤ᠂ ᠪᠣᠳᠠᠲᠠᠶ ᠠᠰᠠᠭᠤᠳᠠᠯ᠎ᠢ ᠬᠠᠮᠢᠶ᠎ᠠ ᠪᠦᠬᠦᠢ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠰᠠᠭᠤᠨ ᠯᠠᠪᠯᠠᠵᠤ ᠭᠦᠢ᠍ᠴᠡᠳᠬᠡᠬᠦ ᠵᠢ ᠰᠠᠨᠠᠭᠤᠯᠵᠤ ᠪᠠᠢ᠌ᠨ᠎ᠠ᠃