ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠦᠷᠦ ᠵᠢᠨ ᠪᠤᠳᠤᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠦᠮᠦᠷᠭᠡ
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠨᠢᠭᠡᠳᠦᠭᠡᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠭᠴᠢ ᠵᠢᠨ ᠦᠮᠴᠢᠯᠡᠬᠦ ᠠᠶᠠᠨᠴᠢᠳ᠎ᠤᠨ ᠲᠡᠷᠭᠡ ᠵᠢᠨ ᠲᠤᠭ᠎ᠠ ᠬᠡᠮᠵᠢᠶ᠎ᠡ ᠵᠢᠨ ᠱᠠᠭ᠋ᠠᠷᠳᠠᠯᠭ᠎ᠠ᠎ᠨᠢ ᠶᠠᠭᠤ ᠪᠤᠢ?
ᠨᠡᠶ᠋ᠢᠲᠡᠯᠡᠭᠰᠡᠨ ᠴᠠᠭ᠄ 2025-03-14

     《ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2020 ᠣᠨ᠎ᠤ 17 ᠳ᠋ᠤᠭ᠋ᠠᠷ ᠲᠣᠭ᠋ᠠᠲᠤ)᠎ᠤᠨ ᠠᠷᠪᠠᠨ ᠨᠢᠭᠡᠳᠦᠭᠡᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠡᠵᠡᠩᠨᠡᠬᠦ᠎ᠪᠠᠷ ᠭᠤᠶᠤᠴᠢᠯᠠᠬᠤ᠎ᠳᠤ ᠳᠣᠤᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄ (ᠨᠢᠭᠡ) ᠲᠡᠭᠦᠨ᠎ᠤ ᠡᠵᠡᠩᠨᠡᠬᠦ ᠲᠤᠬᠠᠢ᠌ᠯᠠᠭᠰᠠᠨ ᠠᠵᠢᠯ᠎ᠲᠠᠢ᠎ᠪᠠᠨ ᠵᠣᠬᠢᠴᠠᠭᠰᠠᠨ ᠪᠥᠭᠡᠳ ᠪᠠᠢ᠌ᠴᠠᠭ᠋ᠠᠨ ᠬᠡᠮᠵᠢᠭᠡᠳ ᠬᠢᠷᠢ ᠲᠡᠩᠴᠡᠭᠰᠡᠨ ᠠᠶᠠᠨᠴᠢᠳ᠎ᠤᠨ ᠮᠠᠰᠢᠨ ᠲᠡᠷᠭᠡ᠎ᠲᠠᠢ ᠪᠠᠢ᠌ᠬᠤ ᠬᠡᠷᠡᠭᠲᠡᠶ᠄ 1. ᠠᠶᠠᠨᠴᠢᠳ᠎ᠤᠨ ᠮᠠᠰᠢᠨ ᠲᠡᠷᠭᠡ ᠵᠢᠨ ᠮᠡᠷᠭᠡᠵᠢᠯ᠎ᠤᠨ ᠱᠠᠭ᠋ᠠᠷᠳᠠᠯᠭ᠎ᠠ᠎ᠨᠢ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠮᠡᠷᠭᠡᠵᠢᠯ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ 2. ᠠᠶᠠᠨᠴᠢᠳ᠎ᠤᠨ ᠮᠠᠰᠢᠨ ᠲᠡᠷᠭᠡ ᠵᠢᠨ ᠳᠦᠷᠦᠯ ᠬᠡᠯᠪᠡᠷᠢ ᠳᠡᠰ᠎ᠤᠨ ᠱᠠᠭ᠋ᠠᠷᠳᠠᠯᠭ᠎ᠠ᠄ ᠨᠢᠭᠡᠳᠦᠭᠡᠷ ᠳᠦᠷᠦᠯ᠂ ᠬᠣᠶᠠᠳᠤᠭ᠋ᠠᠷ ᠳᠦᠷᠦᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ ᠪᠠ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠮᠠᠰᠢᠨ ᠲᠡᠷᠭᠡ ᠵᠢᠨ ᠳᠦᠷᠦᠯ ᠬᠡᠯᠪᠡᠷᠢ ᠳᠡᠰ᠎ᠨᠢ ᠳᠤᠮᠳᠠ ᠵᠡᠷᠭᠡ᠎ᠠᠴᠠ ᠳᠡᠭᠡᠭᠰᠢ ᠬᠦᠷᠦᠭᠰᠡᠨ ᠪᠠᠢ᠌ᠬᠤ ᠬᠡᠷᠡᠭᠲᠡᠢ᠃ 3. ᠠᠶᠠᠨᠴᠢᠳ᠎ᠤᠨ ᠮᠠᠰᠢᠨ ᠲᠡᠷᠭᠡᠨ᠎ᠤ ᠲᠣᠭ᠎ᠠ ᠬᠡᠮᠵᠢᠶ᠎ᠡ ᠵᠢᠨ ᠱᠠᠭ᠋ᠠᠷᠳᠠᠯᠭ᠎ᠠ᠄  (1) ᠨᠢᠭᠡᠳᠦᠭᠡᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠭᠴᠢ ᠥᠪᠡᠷ᠎ᠲᠤ᠎ᠪᠠᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 100 ᠲᠡᠷᠭᠡ᠎ᠠᠴᠠ ᠳᠡᠭᠡᠭᠰᠢ ᠪᠠᠢ᠌ᠵᠤ᠂ ᠡᠭᠦᠨ᠎ᠳᠤ ᠳᠡᠭᠡᠳᠦ ᠵᠡᠷᠭᠡ ᠵᠢᠨ ᠠᠶᠠᠨᠴᠢᠳ᠎ᠤᠨ ᠮᠠᠰᠢᠨ ᠲᠡᠷᠭᠡ 30᠎ᠠᠴᠠ ᠳᠡᠭᠡᠭᠰᠢ ᠪᠠᠢ᠌ᠬᠤ ᠬᠡᠷᠡᠭᠲᠡᠶ; ᠡᠰᠡᠬᠦᠯ᠎ᠡ ᠥᠪᠡᠷ᠎ᠲᠤ᠎ᠪᠠᠨ ᠳᠡᠭᠡᠳᠤ ᠵᠡᠷᠭᠡ ᠵᠢᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 40᠎ᠠᠴᠠ ᠳᠡᠭᠡᠭᠰᠢ ᠪᠠᠢ᠌ᠬᠤ ᠬᠡᠷᠡᠭᠲᠡᠶ;  (2) ᠬᠣᠶᠠᠳᠤᠭ᠋ᠠᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠭᠴᠢ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 50᠎ᠠᠴᠠ ᠳᠡᠭᠡᠭᠰᠢ ᠪᠠᠢ᠌ᠵᠤ᠂ ᠡᠭᠦᠨ᠎ᠳᠤ ᠳᠤᠮᠳᠠ ᠳᠡᠭᠡᠳᠦ ᠵᠡᠷᠭᠡ ᠵᠢᠨ ᠠᠶᠠᠨᠴᠢᠳ᠎ᠤᠨ ᠮᠠᠰᠢᠨ ᠲᠡᠷᠭᠡ 15᠎ᠠᠴᠠ ᠳᠡᠭᠡᠭᠰᠢ ᠪᠠᠢ᠌ᠬᠤ ᠬᠡᠷᠡᠭᠲᠡᠶ; ᠡᠰᠡᠬᠦᠯ᠎ᠡ ᠥᠪᠡᠷ᠎ᠲᠤ᠎ᠪᠠᠨ ᠳᠡᠭᠡᠳᠤ ᠵᠡᠷᠭᠡ ᠵᠢᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 20᠎ᠠᠴᠠ ᠳᠡᠭᠡᠭᠰᠢ ᠪᠠᠢ᠌ᠬᠤ ᠬᠡᠷᠡᠭᠲᠡᠶ;     (3) ᠭᠤᠷᠪᠠᠳᠤᠭ᠋ᠠᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠭᠴᠢ ᠥᠪᠡᠷ᠎ᠲᠤ᠎ᠪᠠᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 10᠎ᠠᠴᠠ ᠳᠡᠭᠡᠭᠰᠢ ᠪᠠᠢ᠌ᠬᠤ ᠬᠡᠷᠡᠭᠲᠡᠶ; (4) ᠳᠥᠷᠪᠡᠳᠦᠭᠡᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠡᠵᠡᠩᠨᠡᠭᠴᠢ ᠥᠪᠡᠷ᠎ᠲᠤ᠎ᠪᠠᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 1᠎ᠠᠴᠠ ᠳᠡᠭᠡᠭᠰᠢ ᠪᠠᠢ᠌ᠬᠤ ᠬᠡᠷᠡᠭᠲᠡᠶ; (5) ᠮᠤᠵᠢ ᠵᠢᠨ ᠬᠣᠭᠣᠷᠣᠨᠳᠣ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠳᠤᠮᠳᠠ ᠳᠡᠭᠡᠳᠦ ᠲᠠᠰ᠎ᠤᠨ ᠠᠶᠠᠨᠴᠢᠳ᠎ᠤᠨ ᠮᠠᠰᠢᠨ ᠲᠡᠷᠭᠡ 20᠎ᠠᠴᠠ ᠳᠡᠭᠡᠭᠰᠢ ᠪᠠᠢ᠌ᠬᠤ ᠬᠡᠷᠡᠭᠲᠡᠶ; (6) ᠮᠤᠵᠢ ᠵᠢᠨ ᠳᠣᠲᠣᠷᠠᠬᠢ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠥᠪᠡᠷ᠎ᠲᠤ᠎ᠪᠠᠨ ᠡᠵᠡᠩᠨᠡᠯᠲᠡ ᠵᠢᠨ ᠠᠶᠠᠨᠴᠢᠳ᠎ᠤᠨ ᠮᠠᠰᠢᠨ ᠲᠡᠷᠭᠡ 10᠎ᠠᠴᠠ ᠳᠡᠭᠡᠭᠰᠢ ᠪᠠᠢ᠌ᠬᠤ ᠬᠡᠷᠡᠭᠲᠡᠢ᠃ (ᠬᠣᠶᠠᠷ) ᠠᠶᠠᠨᠴᠢᠳ᠎ᠤᠨ ᠵᠥᠭᠡᠭᠡᠪᠦᠷᠢ ᠡᠵᠡᠩᠨᠡᠬᠦ ᠵᠢᠯᠣᠭᠣᠴᠢ᠎ᠨᠢ 《ᠵᠠᠮ ᠲᠡᠭᠡᠭᠡᠪᠦᠷᠢ ᠵᠢᠨ ᠠᠵᠢᠯ ᠡᠷᠭᠢᠯᠡᠭᠰᠡᠳ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ (ᠭᠤᠷᠪᠠ) ᠠᠶᠤᠯᠭᠦᠢ ᠦᠢ᠍ᠯᠡᠳᠪᠦᠷᠢᠯᠡᠯ᠎ᠤᠨ ᠪᠦᠷᠢᠨ ᠲᠡᠭᠦᠯᠳᠡᠷ ᠬᠠᠮᠢᠶᠠᠷᠤᠯᠲᠠ ᠵᠢᠨ ᠲᠥᠷᠢᠮ᠎ᠲᠠᠢ ᠪᠠᠢ᠌ᠬᠤ᠂ ᠡᠭᠦᠨ᠎ᠳᠤ ᠠᠶᠤᠯᠭᠦᠢ ᠦᠢ᠍ᠯᠡᠳᠪᠦᠷᠢᠯᠡᠯ᠎ᠤᠨ ᠠᠵᠢᠯᠯᠠᠬᠤ ᠲᠥᠷᠢᠮ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠥᠷᠢᠮ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠪᠠᠢ᠌ᠴᠠᠭ᠋ᠠᠯᠲᠠ᠂ ᠵᠢᠯᠣᠭᠣᠴᠢ ᠪᠠ ᠲᠡᠷᠭᠡ ᠬᠥᠰᠬᠡ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠥᠷᠢᠮ ᠪᠠᠭᠲᠠᠨ᠎ᠠ᠃  ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ ᠡᠵᠡᠩᠨᠡᠬᠦ᠎ᠪᠠᠷ ᠭᠤᠶᠤᠴᠢᠯᠠᠬᠤ᠎ᠳᠤ᠂ ᠪᠠᠰᠠ ᠲᠣᠳᠣᠷᠬᠠᠶ ᠵᠠᠮ ᠱᠤᠭᠤᠮ ᠪᠣᠯᠤᠨ ᠥᠷᠲᠡᠭᠡ ᠴᠡᠭ᠎ᠤᠨ ᠲᠥᠰᠦᠯ᠎ᠲᠠᠢ ᠪᠠᠢ᠌ᠬᠤ ᠬᠡᠷᠡᠭᠲᠡᠶ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠠᠷᠠᠭ᠋ᠠᠨ᠎ᠤ ᠲᠡᠭᠡᠭᠡᠪᠦᠷᠢ᠄ ᠲᠣᠮᠣ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠣᠯᠠᠨ ᠵᠦᠢ᠍ᠯ ᠪᠠᠷᠠᠭ᠎ᠠ ᠵᠢ ᠲᠡᠭᠡᠭᠡᠵᠦ ᠪᠣᠯᠣᠨ᠎ᠠ ᠤᠤ?
ᠠᠶᠠᠨᠴᠢᠳ᠎ᠤᠨ ᠵᠥᠭᠡᠭᠡᠪᠦᠷᠢ ᠵᠢᠨ ᠬᠠᠮᠢᠶᠠᠷᠤᠯᠲᠠ᠄ ᠭᠤᠷᠪᠠᠳᠤᠭ᠋ᠠᠷ ᠲᠥᠷᠥᠯ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠡᠵᠡᠩᠨᠡᠬᠦ ᠠᠶᠠᠨᠴᠢᠳ᠎ᠤᠨ ᠵᠥᠭᠡᠭᠡᠪᠦᠷᠢ ᠵᠢᠨ ᠡᠵᠡᠩᠨᠡᠭᠴᠢ ᠵᠢᠨ ᠦᠮᠴᠢᠯᠡᠬᠦ ᠠᠶᠠᠨᠴᠢᠳ᠎ᠤᠨ ᠮᠠᠰᠢᠨ ᠲᠡᠷᠭᠡ ᠵᠢᠨ ᠲᠤᠭ᠎ᠠ ᠬᠡᠮᠵᠢᠶ᠎ᠡ ᠵᠢᠨ ᠱᠠᠭ᠋ᠠᠷᠳᠠᠯᠭ᠎ᠠ᠎ᠨᠢ ᠶᠠᠭᠤ ᠪᠤᠢ?
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠧᠺᠲᠷᠣᠨ ᠭᠡᠷᠡᠴᠢ ᠦᠨᠡᠮᠯᠡᠯ᠎ᠤᠨ ᠦᠨᠡᠮᠯᠡᠯ ᠵᠶ᠋ᠠᠨ ᠦᠵᠡᠭᠦᠯᠬᠦ ᠠᠷᠭ᠎ᠠ ᠵᠠᠮ?
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠤᠨ ᠭᠡᠷᠡᠴᠢ ᠦᠨᠡᠮᠯᠡᠯ ᠵᠢ ᠠᠮᠵᠢᠯᠲᠠ᠎ᠲᠠᠢ ᠦᠵᠡᠭᠦᠯᠵᠦ ᠲᠡᠢ᠌ᠯᠦᠭᠰᠡᠨ ᠦᠭᠡᠢ ᠪᠠᠶ᠋ᠢᠪᠠᠯ᠂ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠭᠤᠶᠤᠴᠢᠯᠠᠨ ᠠᠪᠬᠤ ᠪᠣᠶ?
ᠪᠠᠷᠠᠭ᠋ᠠᠨ᠎ᠤ ᠲᠡᠭᠡᠭᠡᠪᠦᠷᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠡᠯᠸᠺᠲᠷᠣᠨ ᠭᠡᠷᠡᠴᠢ ᠦᠨᠡᠮᠯᠡᠯ᠎ᠤᠨ ᠬᠡᠷᠡᠭᠯᠡᠯᠲᠡ?
 
            