ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠪᠠᠶ᠋ᠢᠭᠤᠯᠤᠮᠵᠢ   -   ᠪᠠᠶ᠋ᠢᠭᠤᠯᠤᠮᠵᠢ᠎ᠶᠢᠨ ᠡᠭᠦᠷᠭᠡ ᠬᠠᠷᠢᠭᠤᠴᠠᠯᠭ᠎ᠠ
ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ
ᠨᠡᠶ᠋ᠢᠲᠡᠯᠡᠭᠰᠡᠨ ᠴᠠᠭ᠄ 2024-10-29

    ᠨᠢᠭᠡᠳᠦᠭᠡᠷ ᠵᠦᠢ᠍ᠯ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠶᠠᠪᠤᠭᠤᠯᠤᠭᠰᠠᠨ              《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ᠎ᠤᠨ ᠳᠡᠰ ᠪᠣᠯᠤᠨ᠎ᠠ᠃
    ᠭᠤᠷᠪᠠᠳᠤᠭ᠋ᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶ᠎ᠠ ᠪᠥᠬᠥᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠤ ᠨᠠᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃
ᠭᠣᠣᠯ ᠡᠭᠦᠷᠭᠡ ᠬᠠᠷᠢᠭᠤᠴᠠᠯᠭ᠎ᠠ᠎ᠨᠢ᠄
    (ᠨᠢᠭᠡ) ᠵᠠᠮ ᠬᠠᠷᠢᠯᠴᠠᠭ᠎ᠠ ᠲᠡᠭᠡᠭᠡᠪᠦᠷᠢ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠥᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠬᠠᠮᠢᠶ᠎ᠠ ᠪᠦᠬᠦᠢ ᠲᠥᠯᠥᠪᠵᠢᠭᠦᠯᠭᠡ ᠵᠢ ᠲᠣᠭᠲᠠᠭ᠋ᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠶᠡᠷᠦᠩᠬᠡᠢ᠌ᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠵᠤ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ᠎ᠢ ᠡᠭᠦᠷᠭᠡᠯᠡᠨ᠎ᠡ᠃
     (ᠬᠣᠶᠠᠷ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃  ᠬᠠᠮᠢᠶ᠎ᠠ ᠪᠦᠬᠦᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠬᠤ ᠲᠥᠷᠥᠯ ᠵᠦᠢ᠍ᠯ᠂ ᠪᠡᠯᠡ ᠮᠥᠩᠭᠥ ᠵᠢᠴᠢ ᠪᠤᠰᠤᠳ ᠡᠳ᠋᠎ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠴᠤᠭᠯᠠᠭᠤᠯᠬᠤ ᠵᠡᠷᠭᠡ᠎ᠲᠠᠢ ᠬᠣᠯᠪᠣᠭᠳᠠᠬᠤ ᠰᠠᠨᠠᠭᠤᠯᠭ᠎ᠠ ᠵᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠬᠤ ᠲᠥᠷᠥᠯ ᠵᠦᠢ᠍ᠯ᠎ᠢ ᠬᠢᠨᠠᠨ ᠬᠠᠷᠭᠤᠭᠤᠯᠵᠤ᠂ ᠵᠠᠰᠠᠭ᠎ᠤᠨ ᠣᠷᠳᠣᠨ᠎ᠤ ᠴᠢᠨᠠᠷᠲᠠᠶ ᠥᠷᠢ ᠥᠭᠴᠡᠭᠡ ᠵᠢᠨ ᠲᠦᠭᠰᠢᠭᠦᠷᠢ ᠵᠢ ᠰᠡᠷᠭᠡᠢ᠌ᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    (ᠭᠤᠷᠪᠠ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠬᠠᠮᠢᠶᠠᠷᠴᠤ ᠬᠠᠮᠠᠭ᠋ᠠᠯᠠᠬᠤ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠬᠢᠵᠠᠭ᠋ᠠᠷᠯᠠᠯ᠎ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ᠎ᠳᠤ ᠬᠣᠯᠪᠣᠭᠳᠠᠬᠤ ᠪᠠᠷᠢᠯᠭ᠎ᠠ ᠪᠣᠯᠤᠨ ᠰᠦᠢᠳᠬᠡᠯ ᠬᠤᠷᠢᠶᠠᠬᠤ ᠵᠠᠰᠠᠮᠠᠯ ᠵᠠᠮ᠎ᠤᠨ ᠬᠠᠮᠢᠶ᠎ᠠ ᠪᠦᠬᠦᠢ ᠵᠦᠢᠯᠡᠰ᠎ᠢ ᠬᠠᠮᠢᠶᠠᠷᠴᠤ᠂ ᠵᠠᠰᠠᠮᠠᠯ ᠵᠠᠮ᠎ᠤᠨ ᠠᠷᠠᠴᠢᠯᠠᠯᠲᠠ᠂ ᠵᠠᠮ᠎ᠤᠨ ᠶᠠᠪᠤᠳᠠᠯ᠂ ᠲᠡᠭᠡᠭᠡᠪᠦᠷᠢ ᠵᠢᠨ ᠡᠵᠡᠩᠨᠡᠯᠲᠡ ᠵᠢᠨ ᠦᠢ᠍ᠯᠡᠴᠢᠯᠡᠭᠡ ᠵᠡᠷᠭᠡ ᠠᠵᠢᠯ᠎ᠢ ᠵᠢᠯᠣᠭᠣᠳᠤᠨ᠎ᠠ᠃ ᠵᠠᠰᠠᠮᠠᠯ ᠵᠠᠮ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ᠎ᠤᠨ ᠲᠣᠣᠷ᠎ᠢ ᠬᠢᠨᠠᠨ ᠬᠡᠮᠵᠢᠬᠦ ᠠᠵᠢᠯ᠎ᠢ ᠡᠭᠦᠷᠭᠡᠯᠡᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ᠂ ᠤᠯᠤᠰ᠎ᠤᠨ ᠬᠢᠯᠢ ᠵᠢᠨ ᠬᠠᠮᠠᠭ᠋ᠠᠯᠠᠯᠲᠠ ᠵᠢᠨ ᠵᠠᠰᠠᠮᠠᠯ ᠵᠠᠮ᠎ᠤᠨ ᠬᠠᠮᠢᠶ᠎ᠠ ᠪᠦᠬᠦᠢ ᠠᠵᠢᠯ᠎ᠢ ᠳᠠᠭ᠋ᠠᠭ᠋ᠠᠨ ᠭᠦᠢ᠍ᠴᠡᠳᠬᠡᠨ᠎ᠡ ᠃
    (ᠳᠥᠷᠪᠡ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠵᠢ ᠵᠥᠪᠰᠢᠶᠡᠷᠡᠬᠦ᠂ ᠪᠠᠢ᠌ᠭᠤᠯᠤᠭᠰᠠᠨ ᠦᠨ᠎ᠡ ᠵᠢᠨ ᠲᠣᠭ᠎ᠠ ᠵᠢ ᠲᠣᠭᠲᠠᠭ᠋ᠠᠬᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠴᠢᠳᠠᠮᠵᠢ᠂ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    (ᠲᠠᠪᠤ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠮᠤᠵᠢ ᠠᠯᠤᠰᠯᠠᠭᠰᠠᠨ ᠠᠢ᠌ᠮᠠᠭ ᠬᠣᠲᠠ ᠠᠯᠤᠰᠯᠠᠭᠰᠠᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠣᠯᠠᠨ ᠤᠯᠤᠰ᠎ᠤᠨ ᠵᠠᠮ᠎ᠤᠨ ᠲᠡᠭᠡᠭᠡᠪᠦᠷᠢ᠂ ᠠᠶᠠᠯᠠᠯ᠎ᠤᠨ ᠵᠠᠮ᠎ᠤᠨ ᠠᠶᠠᠯᠠᠯ ᠨᠡᠪᠲᠡᠷᠡᠬᠦ ᠨᠥᠬᠥᠴᠡᠯ᠎ᠤᠨ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠪᠠᠷᠠᠭ᠎ᠠ ᠵᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠲᠠᠯᠠᠪᠤᠷ ᠦᠷᠳᠡᠬᠡ ᠵᠢᠨ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠢ᠌ᠭ᠎ᠠ ᠲᠡᠷᠭᠡ ᠬᠥᠰᠬᠡ ᠵᠢᠨ ᠶᠡᠷᠦᠩᠬᠡᠢ᠌ᠯᠡᠭᠰᠡᠨ ᠴᠢᠳᠠᠮᠵᠢ ᠵᠢ ᠪᠠᠢ᠌ᠴᠠᠭ᠋ᠠᠨ ᠬᠡᠮᠵᠢᠬᠦ᠂ ᠮᠠᠰᠢᠨ ᠲᠡᠷᠭᠡ ᠵᠢᠨ ᠵᠢᠯᠣᠭᠣᠴᠢ ᠵᠢ ᠪᠣᠯᠪᠠᠰᠤᠷᠠᠭᠤᠯᠬᠤ᠂ ᠠᠵᠢᠯᠯᠠᠭᠰᠠᠳ᠎ᠤᠨ ᠬᠠᠮᠢᠶᠠᠷᠤᠯᠲᠠ ᠵᠡᠷᠭᠡ ᠠᠵᠢᠯ ᠢ ᠬᠢᠨᠠᠯᠲᠠ ᠲᠠᠯᠪᠢᠨ ᠵᠢᠯᠣᠭᠣᠳᠤᠨ᠎ᠠ᠃ ᠨᠡᠢ᠌ᠲᠡ ᠵᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ᠎ᠪᠠᠷ ᠪᠣᠯᠵᠣᠬᠤ ᠲᠡᠷᠭᠡ ᠵᠡᠷᠭᠡ ᠬᠣᠲᠠ ᠵᠢᠨ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢ ᠵᠢᠯᠣᠭᠣᠳᠤᠨ᠎ᠠ᠃ ᠠᠶᠠᠯᠠᠯ᠎ᠤᠨ ᠵᠠᠮ᠂ ᠭᠠᠷᠠᠮ᠂ ᠣᠩᠭᠣᠴᠠ ᠵᠢᠨ ᠵᠣᠭᠰᠣᠭ᠋ᠠᠯ᠎ᠤᠨ ᠠᠷᠠᠴᠢᠯᠠᠯᠲᠠ ᠵᠢ ᠵᠢᠯᠣᠭᠣᠳᠴᠤ᠂ ᠣᠩᠭᠣᠴᠠ ᠰᠠᠯ᠎ᠢ ᠳᠠᠩᠰᠠᠯᠠᠬᠤ᠂ ᠰᠢᠯᠭ᠋ᠠᠨ ᠪᠠᠢ᠌ᠴᠠᠭ᠋ᠠᠬᠤ ᠪᠠ ᠣᠩᠭᠣᠴᠠᠴᠢᠨ᠎ᠤ ᠬᠠᠮᠢᠶᠠᠷᠤᠯᠲᠠ ᠵᠢ ᠵᠢᠯᠣᠭᠣᠳᠤᠨ᠎ᠠ᠃
    (ᠵᠢᠷᠭᠤᠭ᠎ᠠ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠠᠶᠣᠯᠭᠦᠢ ᠦᠢ᠍ᠯᠡᠳᠪᠦᠷᠢᠯᠡᠯ ᠪᠣᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠵᠠᠰᠠᠮᠠᠯ ᠵᠠᠮ ᠤᠰᠤᠨ ᠵᠠᠮ᠎ᠤᠨ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ ᠪᠣᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠵᠠᠮ᠎ᠤᠨ ᠲᠣᠣᠷ᠎ᠤ ᠠᠵᠢᠯᠯᠠᠭ᠋ᠠᠨ᠎ᠤ ᠪᠠᠢ᠌ᠳᠠᠯ᠎ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠵᠢ ᠨᠡᠢ᠌ᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠡᠳ᠋ ᠪᠠᠷᠠᠭ᠎ᠠ᠂ ᠠᠶᠠᠨᠴᠢᠳ ᠪᠠ ᠪᠠᠷᠠᠭ᠎ᠠ ᠵᠢᠨ ᠪᠠᠴᠢᠮ ᠲᠡᠭᠡᠭᠡᠪᠦᠷᠢ ᠵᠢ ᠲᠣᠬᠢᠷᠠᠭᠤᠯᠤᠨ ᠡᠵᠡᠮᠳᠡᠬᠦ ᠵᠢ ᠬᠠᠷᠢᠭᠤᠴᠠᠨ᠎ᠠ᠃
    (ᠳᠣᠯᠣᠭ᠎ᠠ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠬᠦᠨᠳᠦ ᠶᠡᠬᠡ ᠬᠡᠷᠡᠭ᠎ᠢ ᠪᠠᠢ᠌ᠴᠠᠭ᠋ᠠᠬᠤ ᠪᠠ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠵᠢ ᠵᠣᠬᠢᠶᠠᠨ ᠪᠠᠢ᠌ᠭᠤᠯᠵᠤ᠂ ᠲᠣᠭᠲᠠᠭ᠋ᠠᠭᠰᠠᠨ ᠬᠠᠷᠢᠶᠠᠯᠠᠯ᠎ᠤᠨ ᠬᠡᠷᠡᠭ᠎ᠢ ᠳᠠᠭ᠋ᠠᠭ᠋ᠠᠨ ᠭᠦᠢ᠍ᠴᠡᠳᠬᠡᠨ᠎ᠡ᠃
    (ᠨᠠᠢᠮᠠ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠣᠷᠴᠢᠨ ᠲᠣᠭᠣᠷᠢᠨ᠎ᠢ ᠬᠠᠮᠠᠭ᠋ᠠᠯᠠᠵᠤ ᠡᠨᠧᠷᠭᠢ ᠠᠷᠪᠢᠯᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠳᠤ ᠬᠢᠨᠠᠯᠲᠠ ᠲᠠᠯᠪᠢᠨ ᠵᠢᠯᠣᠭᠣᠳᠤᠨ᠎ᠠ᠃
    (ᠶᠢᠰᠦ) ᠪᠥᠬᠥ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠯᠭᠡᠷᠡᠭᠦᠯᠬᠦ ᠵᠢ ᠵᠢᠯᠣᠭᠣᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃
    (ᠠᠷᠪᠠ) ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠥᠭᠡᠷᠡᠴᠢᠯᠡᠯᠲᠡ ᠵᠢᠨ ᠠᠵᠢᠯ ᠪᠠ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠵᠢᠯᠣᠭᠣᠳᠤᠨ᠎ᠠ᠃
    (ᠠᠷᠪᠠᠨ ᠨᠢᠭᠡ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
    (ᠠᠷᠪᠠᠨ ᠬᠣᠶᠠᠷ) ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠃
    1. ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠬᠢᠨᠠᠨ ᠵᠥᠪᠰᠢᠶᠡᠷᠡᠬᠦ ᠵᠢ ᠬᠠᠷᠢᠭᠤᠴᠠᠨ᠂ ᠪᠠᠷᠢᠯᠭ᠎ᠠ ᠵᠢᠨ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢᠨ ᠠᠵᠢᠯ ᠲᠥᠷᠥᠯ᠎ᠤᠨ ᠬᠢᠨᠠᠨ ᠪᠠᠢ᠌ᠴᠠᠭ᠋ᠠᠭᠰᠠᠨ ᠰᠠᠨᠠᠯ᠎ᠢ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠭᠰᠠᠨ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠲᠤᠭᠲᠠᠭ᠋ᠠᠨ  ᠬᠢᠨᠠᠨ ᠵᠦᠪᠰᠢᠶᠡᠷᠡᠨ᠎ᠡ᠃
    2. ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠲᠠᠯ᠎ᠠ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠄ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠠᠵᠢᠯ ᠡᠷᠬᠡ ᠪᠣᠯᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠡᠵᠡᠩᠨᠡᠯᠲᠡ ᠬᠠᠮᠢᠶᠠᠷᠤᠯᠲᠠ ᠵᠢ ᠬᠠᠷᠢᠭᠤᠴᠠᠨ ᠵᠢᠯᠣᠭᠣᠳᠴᠤ᠂ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠬᠠᠮᠢᠶ᠎ᠠ ᠪᠦᠬᠦᠢ ᠪᠡᠯᠡᠳᠬᠡᠮᠵᠢ ᠵᠢᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠵᠢᠨ ᠠᠵᠢᠯ᠎ᠳᠤ ᠣᠷᠣᠯᠴᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃
    3. ᠤᠰᠤᠨ ᠳᠡᠭᠡᠷᠡᠬᠢ ᠵᠠᠮ ᠬᠠᠷᠢᠯᠴᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠠᠴᠠ ᠵᠢᠭ᠋ᠠᠰᠤᠨ ᠭᠠᠷᠠᠮ᠎ᠤᠨ ᠤᠰᠤᠨ ᠣᠷᠣᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠠᠴᠠ ᠤᠷᠤᠯᠳᠤᠭ᠋ᠠᠨ᠎ᠳᠤ ᠣᠷᠣᠯᠴᠠᠬᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠩᠭᠣᠴᠠ ᠰᠠᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠪᠤᠰᠤᠳ ᠣᠩᠭᠣᠴᠠ ᠰᠠᠯ ᠵᠢᠴᠢ ᠵᠥᠪᠰᠢᠶᠡᠷᠡᠭᠦᠯᠦᠭᠰᠡᠨ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢᠨ ᠵᠢᠭ᠋ᠠᠰᠤᠨ ᠣᠩᠭᠤᠴᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠣᠯᠤᠨ ᠠᠶᠠᠯᠠᠯ ᠨᠡᠪᠲᠡᠷᠡᠬᠦ ᠤᠰᠤᠨ ᠣᠷᠣᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠠᠵᠤ ᠦᠢ᠍ᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠵᠢᠨ ᠰᠠᠯᠠᠭ᠎ᠠ ᠮᠥᠴᠢᠷ᠎ᠠᠴᠠ ᠣᠩᠭᠣᠴᠠ ᠰᠠᠯ ᠦᠢ᠍ᠯᠡᠳᠬᠦ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠰᠤᠮᠤ ᠰᠢᠶᠠᠩ ᠪᠠᠯᠭ᠋ᠠᠰᠤ ᠵᠢᠨ ᠲᠡᠭᠡᠭᠡᠪᠦᠷᠢ ᠵᠢᠨ ᠪᠤᠰᠤ ᠣᠩᠭᠣᠴᠠ ᠰᠠᠯ᠎ᠢ ᠬᠣᠰᠢᠭᠤ ᠰᠢᠶᠠᠨ  (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠰᠢᠶᠠᠩ ᠪᠠᠯᠭ᠋ᠠᠰᠤ ᠵᠢᠨ ᠲᠡᠭᠡᠭᠡᠪᠦᠷᠢ ᠵᠢᠨ ᠣᠩᠭᠣᠴᠠ ᠰᠠᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠬᠣᠲᠠ ᠵᠢᠨ ᠴᠡᠴᠡᠷᠯᠢᠭ᠎ᠤᠨ ᠤᠰᠤᠨ ᠣᠷᠣᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠨ᠎ᠠ᠃
    4. ᠭᠣᠣᠯ᠎ᠤᠨ ᠵᠠᠮ᠎ᠤᠨ ᠬᠠᠢ᠌ᠷ ᠮᠠᠯᠲᠠᠬᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠄ ᠥᠪᠡᠷᠲᠡᠭᠡᠨ ᠵᠠᠰᠠᠭ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠭᠣᠣᠯ᠎ᠤᠨ ᠵᠠᠮ᠎ᠤᠨ ᠡᠯᠡᠰᠦ ᠮᠠᠯᠲᠠᠬᠤ᠎ᠨᠢ ᠠᠶᠠᠯᠠᠯ ᠨᠡᠪᠲᠡᠷᠡᠬᠦ ᠵᠢ ᠨᠥᠯᠥᠭᠡᠯᠡᠬᠦ ᠠᠮᠤᠷ ᠲᠦᠪᠰᠢᠨ᠎ᠤ ᠬᠠᠮᠢᠶᠠᠷᠤᠯᠲᠠ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠭᠣᠣᠯ᠎ᠤᠨ ᠵᠠᠮ᠎ᠤᠨ ᠡᠯᠡᠰᠦ ᠮᠠᠯᠲᠠᠬᠤ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠂ ᠭᠣᠣᠯ᠎ᠤᠨ ᠵᠠᠮ᠎ᠳᠤ ᠡᠯᠡᠰᠦ ᠮᠠᠯᠲᠠᠬᠤ ᠲᠥᠯᠥᠪᠵᠢᠭᠦᠯᠭᠡ ᠪᠣᠯᠤᠨ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ ᠵᠢ ᠵᠢᠯᠣᠭᠣᠳᠤᠨ᠎ᠠ᠃
    ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠳᠣᠣᠷᠠᠬᠢ ᠮᠡᠲᠦ ᠳᠣᠲᠣᠭ᠋ᠠᠳᠤ ᠪᠠᠢ᠌ᠭᠤᠯᠤᠮᠵᠢ ᠵᠢ ᠲᠣᠬᠢᠷᠠᠭᠤᠯᠤᠨ᠎ᠠ᠄

    (ᠨᠢᠭᠡ) ᠠᠯᠪᠠᠨ ᠭᠡᠷ᠃ ᠪᠠᠢ᠌ᠭᠤᠯᠭ᠎ᠠ ᠵᠢᠨ ᠡᠳᠦᠷ ᠲᠣᠲᠤᠮ᠎ᠤᠨ ᠠᠵᠢᠯᠯᠠᠭ᠋ᠠᠨ᠎ᠢ ᠬᠠᠷᠢᠭᠤᠴᠠᠵᠤ᠂ ᠬᠤᠷᠠᠯ᠎ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ᠎ᠤᠨ ᠶᠠᠪᠤᠳᠠᠯ᠎ᠢ ᠱᠠᠭ᠋ᠠᠷᠳᠠᠨ ᠰᠢᠢ᠍ᠳᠪᠦᠷᠢᠯᠡᠭᠦᠯᠬᠦ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠠᠵᠢᠯ᠎ᠢ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠡᠭᠦᠷᠭᠡᠯᠡᠨ᠎ᠡ᠃ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠢ ᠵᠣᠬᠢᠴᠠᠭᠤᠯᠤᠨ᠎ᠠ᠃
    (ᠬᠣᠶᠠᠷ) ᠲᠥᠷᠥ ᠵᠢᠨ ᠪᠣᠳᠣᠯᠭ᠎ᠠ ᠰᠤᠳᠤᠯᠬᠤ ᠲᠠᠰᠤᠭ ᠃ ᠲᠥᠷᠥ ᠵᠢᠨ ᠪᠣᠳᠣᠯᠭ᠎ᠠ ᠵᠢᠨ ᠪᠠᠢ᠌ᠴᠠᠭ᠋ᠠᠨ ᠰᠤᠳᠤᠯᠤᠯᠲᠠ ᠵᠢ ᠵᠣᠬᠢᠶᠠᠨ ᠪᠠᠢ᠌ᠭᠤᠯᠵᠤ᠂ ᠥᠭᠡᠷᠡᠴᠢᠯᠡᠯᠲᠡ ᠵᠢᠨ ᠵᠣᠬᠢᠴᠠᠭᠤᠯᠬᠤ ᠠᠵᠢᠯ᠎ᠢ ᠡᠭᠦᠷᠭᠡᠯᠡᠨ᠎ᠡ᠃ ᠶᠡᠷᠦᠩᠬᠡᠢ᠌ᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ᠎ᠢ ᠡᠭᠦᠷᠭᠡᠯᠡᠨ᠎ᠡ᠃ ᠠᠵᠢᠯ ᠲᠥᠷᠥᠯ᠎ᠤᠨ ᠰᠣᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠵᠢᠭ᠋ᠠᠨ ᠵᠢᠯᠣᠭᠣᠳᠤᠨ᠎ᠠ᠃
    (ᠭᠤᠷᠪᠠ) ᠠᠵᠢᠯᠲᠠᠨ᠎ᠤ ᠰᠤᠷᠭ᠋ᠠᠨ ᠬᠦᠮᠦᠵᠢᠯ᠎ᠤᠨ ᠭᠠᠵᠠᠷ᠃ ᠪᠠᠢ᠌ᠭᠤᠯᠭ᠎ᠠ ᠵᠢᠨ ᠪᠠᠢ᠌ᠭᠤᠯᠤᠮᠵᠢ ᠣᠷᠤᠨ ᠲᠣᠭ᠎ᠠ᠂ ᠠᠵᠢᠯᠲᠠᠨ᠎ᠢ ᠲᠣᠮᠢᠯᠠᠵᠤ ᠪᠠᠭᠤᠯᠭ᠋ᠠᠬᠤ᠂ ᠺᠠᠳ᠋ᠷ᠎ᠲᠤ ᠬᠢᠨᠠᠯᠲᠠ ᠲᠠᠯᠪᠢᠬᠤ᠂ ᠪᠣᠯᠪᠠᠰᠤᠷᠠᠯ ᠬᠦᠮᠦᠵᠢᠯ᠂ ᠴᠡᠯᠢᠩ ᠨᠡᠢ᠌ᠭᠡᠮ᠎ᠤᠨ ᠪᠠᠲᠤᠯᠠᠭ᠎ᠠ᠂ ᠵᠢᠯ᠎ᠤᠨ ᠰᠢᠯᠭ᠋ᠠᠨ ᠬᠢᠨᠠᠬᠤ᠂ ᠭᠠᠳᠠᠭ᠋ᠠᠲᠤ᠎ᠳᠤ ᠭᠠᠷᠬᠤ (ᠬᠢᠯᠢ) ᠵᠢ ᠬᠠᠮᠢᠶᠠᠷᠬᠤ ᠵᠡᠷᠭᠡ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠢ ᠵᠢᠨ ᠬᠠᠮᠢᠶ᠎ᠠ ᠪᠦᠬᠦᠢ ᠠᠵᠢᠯ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠤᠨ᠎ᠠ᠃ ᠠᠵᠢᠯ ᠲᠦᠷᠦᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠵᠢᠭ᠋ᠠᠨ ᠵᠢᠯᠤᠭᠤᠳᠤᠨ᠎ᠠ᠃
    (ᠳᠦᠷᠪᠡ) ᠬᠠᠤᠯᠢ ᠲᠣᠭᠲᠠᠭ᠋ᠠᠯ᠎ᠤᠨ ᠭᠠᠵᠠᠷ (ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ)᠃ ᠠᠵᠢᠯ ᠲᠥᠷᠥᠯ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠢ ᠵᠢᠭ᠋ᠠᠨ ᠵᠢᠯᠣᠭᠣᠳᠤᠨ᠂ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠤᠢ᠍ᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠢ᠌ᠭᠤᠯᠵᠤ ᠲᠤᠭᠤᠷᠪᠢᠨ ᠪᠢᠴᠢᠨ᠎ᠡ᠃ ᠬᠦᠨᠳᠦ ᠶᠡᠬᠡ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠵᠢ ᠵᠣᠬᠢᠶᠠᠨ ᠪᠠᠢ᠌ᠭᠤᠯᠵᠤ᠂ ᠬᠠᠮᠢᠶᠠᠷᠬᠤ ᠬᠠᠷᠢᠶᠠᠯᠠᠯ᠎ᠢ᠎ᠨᠢ ᠵᠢᠭ᠋ᠠᠨ ᠲᠣᠭᠲᠠᠭ᠋ᠠᠭᠰᠠᠨ ᠬᠡᠷᠡᠭ᠎ᠢ ᠳᠠᠭ᠋ᠠᠭ᠋ᠠᠨ ᠰᠢᠢ᠍ᠳᠪᠦᠷᠢᠯᠡᠨ᠎ᠡ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠵᠠᠬ᠎ᠠ ᠳᠡᠯᠭᠡᠭᠦᠷ᠎ᠤᠨ ᠭᠣᠤᠯᠴᠢ ᠴᠢᠨᠠᠷ᠎ᠤᠨ ᠥᠷᠢᠰᠥᠯᠳᠦᠭᠡᠨ᠎ᠢ ᠬᠢᠨᠠᠨ ᠪᠠᠢ᠌ᠴᠠᠭ᠋ᠠᠬᠤ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠎ᠳᠤ ᠣᠷᠣᠯᠴᠠᠬᠤ ᠵᠡᠷᠭᠡ ᠠᠵᠢᠯ᠎ᠢ ᠡᠭᠦᠷᠭᠡᠯᠡᠨ᠎ᠡ᠃ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠵᠣᠬᠢᠴᠠᠭᠤᠯᠤᠨ᠎ᠠ᠃
     (ᠲᠠᠪᠤ) ᠲᠦᠯᠦᠪᠵᠢᠭᠦᠯᠭᠡ ᠵᠢᠨ ᠭᠠᠵᠠᠷ᠃ ᠦᠪᠡᠷᠲᠡᠭᠡᠨ ᠵᠠᠰᠠᠬᠤ ᠣᠷᠤᠨ᠎ᠤ ᠵᠠᠰᠠᠮᠠᠯ ᠵᠠᠮ᠂ ᠤᠰᠤᠨ ᠵᠠᠮ᠎ᠤᠨ ᠬᠠᠮᠢᠶ᠎ᠠ ᠪᠦᠬᠦᠢ ᠲᠦᠯᠦᠪᠵᠢᠭᠦᠯᠭᠡ ᠵᠢ ᠲᠣᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠶᠡᠷᠦᠩᠬᠡᠢ᠌ᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠭᠵᠢᠯᠲᠡ ᠵᠢᠨ ᠲᠦᠯᠦᠪᠵᠢᠭᠦᠯᠭᠡ ᠵᠢ ᠵᠣᠬᠢᠶᠠᠨ ᠪᠠᠢ᠌ᠭᠤᠯᠵᠤ ᠲᠣᠭᠤᠷᠪᠢᠵᠤ᠂ ᠡᠳ᠋ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠦᠭᠵᠢᠯᠲᠡ ᠵᠢᠨ ᠲᠦᠯᠦᠪᠵᠢᠭᠦᠯᠭᠡ ᠵᠢ ᠲᠣᠭᠤᠷᠪᠢᠬᠤ᠎ᠳᠤ ᠣᠷᠤᠯᠴᠠᠨ᠎ᠠ᠃ ᠬᠠᠮᠢᠶ᠎ᠠ ᠪᠦᠬᠦᠢ ᠲᠣᠭᠲᠠᠮᠠᠯ ᠬᠦᠷᠦᠩᠭᠡ ᠵᠢᠨ ᠪᠡᠯᠡ ᠣᠷᠤᠭᠤᠯᠤᠯᠲᠠ ᠵᠢᠨ ᠬᠡᠪᠴᠢᠶ᠎ᠡ ᠪᠠ ᠴᠢᠭᠯᠡᠯ᠂ ᠵᠠᠰᠠᠭ᠎ᠤᠨ ᠣᠷᠳᠤᠨ ᠪᠣᠯᠤᠨ ᠨᠡᠢ᠌ᠭᠡᠮ᠎ᠤᠨ ᠬᠦᠷᠦᠩᠭᠡ ᠵᠢᠨ ᠬᠠᠮᠲᠤᠷᠠᠯᠴᠠᠭ᠋ᠠᠨ᠎ᠤ ᠲᠦᠷᠦᠯ ᠵᠤᠢ᠌ᠯ᠎ᠤᠨ ᠰᠠᠨᠠᠭᠤᠯᠭ᠎ᠠ ᠵᠢ ᠳᠤᠷᠠᠳᠤᠨ ᠭᠠᠷᠭ᠋ᠠᠵᠤ᠂ ᠬᠠᠮᠢᠶ᠎ᠠ ᠪᠦᠬᠦᠢ ᠪᠦᠲᠦᠭᠡᠨ ᠪᠠᠢ᠌ᠭᠤᠯᠤᠯᠲᠠ ᠵᠢᠨ ᠲᠦᠷᠦᠯ ᠵᠤᠢ᠌ᠯ ᠪᠠᠷᠢᠯᠭ᠎ᠠ ᠵᠢᠨ ᠪᠣᠯᠤᠮᠵᠢᠲᠤ ᠰᠣᠳᠤᠯᠤᠯ᠎ᠤᠨ ᠠᠵᠢᠯ᠎ᠢ ᠡᠭᠦᠷᠭᠡᠯᠡᠨ᠎ᠡ᠃ ᠵᠠᠰᠠᠮᠠᠯ ᠵᠠᠮ᠂ ᠤᠰᠤᠨ ᠵᠠᠮ᠎ᠤᠨ ᠠᠵᠢᠯ ᠲᠦᠷᠦᠯ᠎ᠤᠨ ᠣᠷᠴᠢᠨ ᠠᠬᠤᠢ ᠵᠢ ᠬᠠᠮᠠᠭ᠋ᠠᠯᠠᠬᠤ᠂ ᠡᠨ᠋ᠸᠷᠭᠢ ᠵᠢ ᠠᠷᠪᠢᠯᠠᠬᠤ᠂ ᠪᠤᠭᠢᠷᠳᠤᠯ᠎ᠢ ᠰᠡᠷᠭᠡᠢ᠌ᠯᠡᠨ ᠵᠠᠰᠠᠬᠤ᠂ ᠵᠠᠮ ᠬᠠᠷᠢᠯᠴᠠᠭ᠎ᠠ ᠵᠢᠨ ᠳᠠᠢ᠌ᠨ᠎ᠤ ᠪᠡᠯᠡᠳᠭᠡᠯ ᠵᠡᠷᠭᠡ ᠠᠵᠢᠯ᠎ᠢ ᠵᠣᠬᠢᠴᠠᠭᠤᠯᠵᠤ᠂ ᠲᠣᠭ᠎ᠠ ᠪᠦᠷᠢᠳᠭᠡᠯ᠎ᠤᠨ ᠵᠠᠳᠠᠯᠤᠯᠲᠠ ᠵᠢᠨ ᠠᠵᠢᠯ᠎ᠢ ᠡᠭᠦᠷᠭᠡᠯᠡᠨ᠎ᠡ᠃
     (ᠵᠢᠷᠭᠤᠭ᠎ᠠ) ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠃ ᠵᠠᠰᠠᠮᠠᠯ ᠵᠠᠮ᠂ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠵᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠵᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠵᠠᠰᠠᠮᠠᠯ ᠵᠠᠮ᠂ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠵᠤᠢ᠌ᠯ᠎ᠤᠨ ᠵᠢᠷᠤᠭ ᠲᠦᠯᠦᠪᠯᠡᠭᠡ ᠵᠢ ᠬᠢᠨᠠᠨ ᠵᠦᠪᠰᠢᠶᠡᠷᠡᠬᠦ᠂ ᠪᠠᠷᠢᠯᠭ᠎ᠠ ᠪᠠᠷᠢᠬᠤ ᠵᠢ ᠵᠦᠪᠰᠢᠶᠡᠷᠡᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠬᠤ᠎ᠳᠤ ᠰᠢᠯᠭ᠋ᠠᠨ ᠠᠪᠬᠤ ᠵᠡᠷᠭᠡ ᠠᠵᠢᠯ᠎ᠢ ᠬᠠᠷᠢᠭᠤᠴᠠᠵᠤ᠂ ᠪᠠᠷᠢᠯᠭ᠎ᠠ ᠵᠢᠨ ᠦᠨ᠎ᠡ᠂ ᠳᠠᠭ᠋ᠠᠭ᠋ᠠᠴᠢᠯᠠᠯᠲᠠ ᠵᠠᠷᠯᠠᠬᠤ ᠲᠠᠭ᠋ᠠᠭ᠋ᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠦᠷᠦᠯ᠎ᠤᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠳᠦᠷ ᠲᠤᠲᠤᠮ᠎ᠤᠨ ᠠᠵᠢᠯ᠎ᠢ ᠳᠠᠭ᠋ᠠᠭ᠋ᠠᠨ ᠡᠷᠬᠢᠯᠡᠨ᠎ᠡ᠃
     (ᠳᠣᠯᠤᠭ᠎ᠠ) ᠵᠠᠰᠠᠮᠠᠯ ᠵᠠᠮ᠎ᠤᠨ ᠭᠠᠵᠠᠷ᠃ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠂ ᠵᠠᠮ᠎ᠤᠨ ᠶᠠᠪᠦᠳᠠᠯ᠂ ᠰᠦᠢ᠍ᠳᠭᠡᠯ ᠬᠤᠷᠢᠶᠠᠠᠬᠤ᠂ ᠡᠵᠡᠩᠨᠡᠬᠦ ᠦᠢ᠍ᠯᠡᠴᠢᠯᠡᠭᠡ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠵᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠵᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠮᠵᠢᠶ᠎ᠡ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢ ᠬᠠᠮᠢᠶᠠᠷᠬᠤ᠂ ᠵᠠᠮ᠎ᠳᠤ ᠬᠣᠯᠪᠤᠭᠳᠠᠭᠰᠠᠨ ᠪᠠᠷᠢᠯᠭ᠎ᠠ ᠪᠠ ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠬᠠᠮᠢᠶ᠎ᠠ ᠪᠦᠬᠦᠢ ᠵᠦᠢ᠍ᠯᠡᠰ᠎ᠢ ᠬᠠᠮᠢᠶᠠᠷᠤᠨ᠎ᠠ᠃ ᠵᠠᠰᠠᠮᠠᠯ ᠵᠠᠮ᠎ᠢ ᠨᠢᠭᠡᠲᠦᠯᠲᠡᠢ ᠲᠦᠯᠦᠪᠯᠡᠨ ᠲᠣᠬᠢᠷᠠᠭᠤᠯᠬᠤ᠂ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠡᠭᠦᠷᠭᠡᠯᠡᠨ᠎ᠡ᠃ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠰᠦᠯᠵᠢᠶ᠎ᠡ ᠨᠡᠪᠲᠡᠷᠡᠭᠦᠯᠦᠨ ᠰᠦᠢ᠍ᠳᠭᠡᠯ  ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠬᠦᠳᠡᠭᠡ ᠲᠣᠰᠬᠤᠨ᠎ᠤ ᠵᠠᠰᠠᠮᠠᠯ ᠵᠠᠮ᠂ ᠤᠯᠤᠰ᠎ᠤᠨ ᠬᠢᠯᠢ ᠵᠢᠨ ᠬᠠᠮᠠᠭ᠋ᠠᠯᠠᠯᠲᠠ ᠵᠢᠨ ᠵᠠᠰᠠᠮᠠᠯ ᠵᠠᠮ᠎ᠤᠨ ᠬᠠᠮᠢᠶ᠎ᠠ ᠪᠦᠬᠦᠢ ᠠᠵᠢᠯ᠎ᠢ ᠳᠠᠭ᠋ᠠᠭ᠋ᠠᠨ ᠡᠭᠦᠷᠭᠡᠯᠡᠨ᠎ᠡ᠃
     (ᠨᠠᠢ᠍ᠮᠠ) ᠲᠡᠭᠡᠭᠡᠪᠦᠷᠢ ᠵᠢᠨ ᠦᠢ᠍ᠯᠡᠴᠢᠯᠡᠭᠡᠨ᠎ᠤ ᠭᠠᠵᠠᠷ (ᠣᠷᠤᠨ ᠨᠤᠲᠤᠭ᠎ᠤᠨ ᠳᠠᠯᠠᠢ ᠵᠢᠨ ᠶᠠᠪᠤᠳᠠᠯ᠎ᠤᠨ ᠭᠠᠵᠠᠷ) ᠵᠠᠰᠠᠮᠠᠯ ᠵᠠᠮ᠂ ᠤᠰᠤᠨ ᠵᠠᠮ᠎ᠤᠨ ᠲᠡᠭᠡᠭᠡᠪᠦᠷᠢ ᠵᠢᠨ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠵᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠵᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠮᠣᠵᠢ ᠪᠠ ᠠᠢ᠌ᠮᠠᠭ ᠬᠣᠲᠠ ᠠᠯᠤᠰᠯᠠᠭᠰᠠᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠣᠯᠠᠨ ᠤᠯᠤᠰ᠎ᠤᠨ ᠵᠠᠮ᠎ᠤᠨ ᠲᠡᠭᠡᠭᠡᠪᠦᠷᠢ᠂ ᠠᠶᠠᠯᠠᠯ᠎ᠤᠨ ᠵᠠᠮ᠎ᠤᠨ ᠠᠶᠠᠯᠠᠯ ᠨᠡᠪᠲᠡᠷᠡᠬᠦ ᠨᠦᠭᠦᠴᠡᠯ᠎ᠤᠨ ᠨᠦᠯᠦᠭᠡᠯᠡᠯ᠎ᠢ ᠦᠨᠡᠯᠡᠬᠦ ᠬᠠᠮᠢᠶᠠᠷᠤᠯᠲᠠ ᠵᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠡᠳ᠋ ᠪᠠᠷᠠᠭ᠋ᠠᠨ᠎ᠤ ᠲᠡᠭᠡᠭᠡᠪᠦᠷᠢ᠂ ᠠᠶᠠᠨᠴᠢᠳ᠎ᠤᠨ ᠪᠠᠷᠠᠭ᠋ᠠᠨ᠎ᠤ ᠲᠡᠭᠡᠭᠡᠪᠦᠷᠢ ᠵᠢᠨ ᠲᠠᠯᠠᠪᠠᠢ ᠦᠷᠲᠡᠭᠡᠨ᠎ᠤ ᠡᠵᠡᠩᠨᠡᠯᠲᠡ᠂ ᠮᠠᠰᠢᠨ ᠲᠡᠷᠭᠡ ᠰᠠᠯᠪᠢᠨ ᠵᠠᠰᠠᠬᠤ᠂ ᠲᠡᠭᠡᠭᠡᠪᠦᠷᠢᠯᠡᠨ ᠡᠵᠡᠩᠨᠡᠬᠦ ᠲᠡᠷᠭᠡ ᠵᠢᠨ ᠶᠡᠷᠦᠩᠬᠡᠢ ᠰᠢᠨᠵᠢ ᠴᠢᠳᠠᠮᠵᠢ ᠵᠢ ᠰᠢᠯᠭ᠋ᠠᠨ ᠰᠢᠨᠵᠢᠯᠡᠬᠦ᠂ ᠮᠠᠰᠢᠨ ᠲᠡᠷᠭᠡᠨ᠎ᠤ ᠵᠢᠯᠤᠭᠤᠴᠢ ᠵᠢᠨ ᠪᠣᠯᠪᠠᠰᠤᠷᠠᠯ᠂ ᠠᠵᠢᠯ ᠡᠷᠬᠢᠯᠡᠭᠰᠡᠳ᠎ᠤᠨ ᠬᠠᠮᠢᠶᠠᠷᠤᠯᠲᠠ ᠵᠡᠷᠭᠡ ᠠᠵᠢᠯ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠤᠨ᠎ᠠ᠃ ᠨᠡᠢ᠌ᠲᠡ ᠵᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ ᠰᠦᠯᠵᠢᠶ᠎ᠡ᠎ᠪᠠᠷ ᠪᠣᠯᠵᠤᠬᠤ ᠲᠡᠷᠭᠡ ᠵᠡᠷᠭᠡ ᠬᠣᠲᠠ ᠵᠢᠨ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢ ᠵᠢᠭ᠋ᠠᠨ ᠵᠢᠯᠤᠭᠤᠳᠤᠨ᠎ᠠ᠃ ᠭᠣᠤᠯᠳᠠᠯᠭ᠎ᠠ᠎ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠠᠶᠠᠯᠠᠯ᠎ᠤᠨ ᠵᠠᠮ᠂ ᠭᠠᠷᠠᠮ᠂ ᠭᠠᠷᠠᠮ᠎ᠤᠨ ᠠᠷᠠᠴᠢᠯᠠᠨ ᠬᠠᠮᠠᠭ᠋ᠠᠯᠠᠬᠤ ᠵᠢ ᠵᠢᠭ᠋ᠠᠨ ᠵᠢᠯᠤᠭᠤᠳᠴᠤ᠂ ᠣᠩᠭᠣᠴᠠ ᠰᠠᠯ᠎ᠢ ᠳᠠᠩᠰᠠᠯᠠᠬᠤ᠂ ᠪᠠᠢ᠌ᠴᠠᠭ᠋ᠠᠨ ᠰᠢᠯᠭ᠋ᠠᠬᠤ ᠪᠠ ᠣᠩᠭᠤᠴᠠᠴᠢᠨ᠎ᠤ ᠬᠠᠮᠢᠶᠠᠷᠤᠯᠲᠠ ᠵᠢ ᠵᠢᠭ᠋ᠠᠨ ᠵᠢᠯᠤᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠵᠢ ᠵᠠᠬᠢᠷᠤᠨ ᠬᠠᠮᠢᠶᠠᠷᠬᠤ᠂ ᠬᠣᠯᠪᠤᠭ᠋ᠠᠨ᠎ᠤ ᠠᠶᠠᠯᠠᠯ ᠵᠠᠯᠠᠬᠤ᠂ ᠠᠪᠦᠷᠡᠨ ᠲᠤᠰᠠᠯᠠᠵᠤ ᠱᠦᠭᠦᠬᠦ ᠵᠡᠷᠭᠡ ᠠᠵᠢᠯ᠎ᠢ ᠵᠢᠭ᠋ᠠᠨ ᠵᠢᠯᠤᠭᠤᠳᠤᠨ᠎ᠠ᠃
     (ᠶᠢᠰᠦ) ᠡᠳ᠋᠎ᠤᠨ ᠶᠠᠪᠤᠳᠠᠯ᠎ᠤᠨ ᠭᠠᠵᠠᠷ᠃ ᠠᠵᠢᠯ ᠲᠦᠷᠦᠯ᠎ᠤᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠎ᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯᠠᠯ ᠵᠠᠮ᠂ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠤᠭᠤᠯᠵᠤ ᠲᠣᠬᠢᠷᠠᠭᠤᠯᠬᠤ ᠠᠷᠭ᠎ᠠ ᠬᠡᠮᠵᠢᠶ᠎ᠠ ᠵᠢ ᠲᠣᠭᠤᠷᠪᠢᠵᠤ᠂ ᠦᠪᠡᠷᠲᠡᠭᠡᠨ ᠵᠠᠰᠠᠬᠤ ᠤᠷᠤᠨ᠎ᠤ ᠪᠡᠯᠡ ᠣᠷᠤᠭᠤᠯᠤᠯᠲᠠ ᠵᠢᠨ ᠲᠦᠷᠦᠯ ᠵᠤᠢ᠌ᠯ᠎ᠤᠨ ᠪᠡᠯᠡ ᠮᠦᠩᠭᠦ ᠵᠢ ᠬᠤᠷᠠᠮᠳᠤᠭᠤᠯᠤᠨ ᠭᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠡᠭᠦᠷᠭᠡᠯᠡᠵᠦ᠂ ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠵᠢᠭᠡᠯᠡᠯᠭᠡ ᠵᠢᠨ ᠲᠡᠮᠲᠡᠭᠲᠦ ᠲᠠᠷᠬᠠᠭ᠋ᠠᠬᠤ ᠰᠠᠨᠠᠭᠤᠯᠭ᠎ᠠ ᠵᠢ ᠲᠤᠷᠠᠳᠴᠤ᠂ ᠵᠠᠰᠠᠭ᠎ᠤᠨ ᠣᠷᠳᠤᠨ᠎ᠤ ᠴᠢᠨᠠᠷᠲᠠᠢ ᠦᠷᠢ ᠦᠭᠴᠡᠭᠡ ᠵᠢᠨ ᠬᠣᠯᠪᠤᠭᠳᠠᠯ ᠪᠦᠬᠦᠢ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠨ᠎ᠠ᠃ ᠲᠣᠰᠬᠠᠢ ᠪᠡᠯᠡ ᠮᠦᠩᠬᠦ᠂ ᠲᠦᠰᠦᠪ᠎ᠤᠨ ᠲᠣᠬᠢᠷᠠᠭᠤᠯᠤᠯᠲᠠ ᠵᠢᠨ ᠰᠠᠨᠠᠭᠤᠯᠭ᠎ᠠ ᠪᠠ ᠲᠦᠰᠦᠪ᠎ᠤᠨ ᠭᠦᠢ᠍ᠴᠡᠳᠭᠡᠯ᠎ᠢ ᠨᠠᠢ᠌ᠷᠠᠭᠤᠯᠤᠨ ᠵᠣᠬᠢᠶᠠᠬᠤ᠂ ᠵᠠᠰᠠᠭ᠎ᠤᠨ ᠣᠷᠳᠤᠨ᠎ᠤ ᠬᠤᠳᠠᠯᠳᠤᠨ ᠠᠪᠬᠤ᠂ ᠢᠲᠡᠭᠡᠮᠵᠢᠲᠤ ᠵᠢᠭᠡᠯᠡᠯᠭᠡ᠂ ᠭᠠᠳᠠᠭ᠋ᠠᠲᠤ ᠪᠡᠯᠡ ᠵᠢ ᠠᠰᠢᠭᠯᠠᠬᠤ ᠵᠡᠷᠭᠡ ᠠᠵᠢᠯ᠎ᠢ ᠡᠭᠦᠷᠭᠡᠯᠡᠨ᠎ᠡ᠃ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠦᠷᠲᠡᠭ᠎ᠢ ᠪᠠᠲᠤᠯᠠᠵᠤ ᠦᠷᠲᠡᠭ᠎ᠢ ᠨᠡᠮᠡᠭᠲᠡᠬᠦᠯᠬᠦ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠠᠵᠢᠯ ᠲᠦᠷᠦᠯ᠎ᠤᠨ ᠲᠣᠲᠤᠭ᠋ᠠᠲᠤ ᠵᠢᠨ ᠬᠢᠨᠠᠨ ᠪᠣᠲᠤᠬᠤ ᠠᠵᠢᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃ ᠪᠠᠢ᠌ᠭᠤᠯᠭ᠎ᠠ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠬᠠᠷᠢᠶ᠎ᠠ ᠨᠢᠭᠡᠴᠢ ᠵᠢᠨ ᠡᠳ᠋᠎ᠤᠨ ᠶᠠᠪᠤᠳᠠᠯ᠎ᠤᠨ ᠠᠵᠢᠯ᠎ᠢ ᠵᠢᠭ᠋ᠠᠨ ᠵᠢᠯᠤᠭᠤᠳᠤᠨ᠎ᠠ᠃
     (ᠠᠷᠪᠠ) ᠰᠢᠨᠵᠢᠯᠡᠭᠡ ᠮᠡᠷᠭᠡᠵᠢᠯ᠎ᠤᠨ ᠭᠠᠵᠠᠷ᠃ ᠠᠵᠢᠯ ᠲᠦᠷᠦᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠬᠤ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠲᠦᠷᠦᠯ᠎ᠤᠨ ᠲᠦᠯᠦᠪᠯᠡᠭᠡ ᠵᠢ ᠲᠣᠭᠤᠷᠪᠢᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠤᠢ᠌ᠯ᠎ᠤᠨ ᠰᠣᠳᠤᠯᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠣᠪᠢᠷᠠᠭᠤᠯᠬᠤ ᠪᠠ ᠲᠡᠯᠭᠡᠷᠡᠭᠦᠯᠦᠨ ᠬᠡᠷᠡᠭᠯᠡᠬᠦ ᠵᠢ ᠵᠣᠬᠢᠴᠠᠭᠤᠯᠤᠨ᠎ᠠ᠃ ᠪᠠᠢ᠌ᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠮᠡᠳᠡᠭᠡ ᠵᠠᠩᠬᠢᠴᠢᠯᠠᠯᠲᠠ ᠵᠢᠨ ᠪᠠᠢ᠌ᠭᠤᠯᠤᠯᠲᠠ ᠵᠢ ᠵᠢᠭ᠋ᠠᠨ ᠵᠢᠯᠤᠭᠤᠳᠤᠨ᠎ᠠ᠃ ᠪᠠᠷᠢᠮᠵᠢᠶᠠᠵᠢᠭᠰᠠᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠠᠵᠢᠯ ᠲᠦᠷᠦᠯ᠎ᠤᠨ ᠦᠢ᠍ᠯᠡᠳᠬᠦᠨ᠎ᠤ ᠶᠠᠰᠤ ᠴᠢᠨᠠᠷ ᠪᠣᠯᠤᠨ ᠬᠡᠮᠵᠢᠯᠲᠡ ᠵᠢᠨ ᠭᠡᠷᠡᠴᠢᠯᠡᠯ᠎ᠤᠨ ᠬᠠᠮᠢᠶᠠᠷᠤᠯᠲᠠ ᠵᠢᠨ ᠠᠵᠢᠯ᠎ᠢ ᠵᠢᠭ᠋ᠠᠨ ᠵᠢᠯᠤᠭᠤᠳᠤᠨ᠎ᠠ᠃
     (ᠠᠷᠪᠠᠨ ᠨᠢᠭᠡ) ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠵᠠᠰᠠᠮᠠᠯ ᠵᠠᠮ᠂ ᠤᠰᠤᠨ ᠵᠠᠮ᠎ᠤᠨ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ ᠪᠤᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠦᠰᠦᠯ᠎ᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ ᠲᠦᠷᠦᠯ᠎ᠤᠨ ᠠᠶᠤᠯᠭᠦᠢ ᠦᠢ᠍ᠯᠡᠳᠪᠦᠷᠢᠯᠡᠯ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠰᠢᠰᠲᠸᠮ᠎ᠤᠨ ᠪᠠᠢ᠌ᠭᠤᠯᠤᠯᠲᠠ᠎ᠢ ᠵᠢᠭ᠋ᠠᠨ ᠵᠢᠯᠤᠭᠤᠳᠴᠤ᠂ ᠠᠵᠢᠯ ᠲᠦᠷᠦᠯ᠎ᠤᠨ ᠠᠶᠦᠯᠭᠦᠢ ᠦᠢ᠍ᠯᠡᠳᠪᠦᠷᠢᠯᠡᠯ᠎ᠤᠨ ᠬᠠᠥᠯᠢ ᠬᠡᠷᠡᠭᠵᠢᠭᠦᠯᠬᠦ ᠠᠵᠢᠯ᠎ᠢ ᠵᠢᠭ᠋ᠠᠨ ᠵᠢᠯᠤᠭᠤᠳᠤᠨ᠎ᠠ᠃ ᠠᠶᠤᠯᠬᠦᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠢ᠌ᠭᠤᠯᠤᠨ᠎ᠠ᠃
      (ᠠᠷᠪᠠᠨ ᠬᠣᠶᠠᠷ) ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠃ ᠪᠠᠶ᠋ᠢᠭᠤᠯᠭ᠎ᠠ ᠪᠠ ᠬᠠᠷᠢᠶ᠎ᠠ ᠨᠢᠭᠡᠴᠢ ᠵᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
      (ᠠᠷᠪᠠᠨ ᠭᠤᠷᠪᠠ) ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠦᠮᠦᠰ᠎ᠤᠨ ᠠᠵᠢᠯ᠎ᠤᠨ ᠭᠠᠵᠠᠷ᠃ ᠪᠠᠢ᠌ᠭᠤᠯᠭ᠎ᠠ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠦᠮᠦᠰ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠢ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠦᠮᠦᠰ᠎ᠤᠨ ᠠᠵᠢᠯ᠎ᠢ ᠵᠢᠭ᠋ᠠᠨ ᠵᠢᠯᠣᠭᠣᠳᠤᠨ᠎ᠠ᠃
      (ᠠᠷᠪᠠᠨ ᠳᠦᠷᠪᠡ) ᠵᠠᠮ ᠬᠠᠷᠢᠯᠴᠠᠭ᠋ᠠᠨ᠎ᠤ ᠳᠠᠶ᠋ᠢᠨ᠎ᠤ ᠪᠡᠯᠡᠳᠬᠡᠯ᠎ᠤᠨ ᠭᠠᠵᠠᠷ᠃ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠳᠠᠶ᠋ᠢᠨ᠎ᠤ ᠪᠡᠯᠡᠳᠬᠡᠯ᠎ᠤᠨ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
      (ᠠᠷᠪᠠᠨ ᠲᠠᠪᠤ) ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠲᠣᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠥᠭᠵᠢᠯᠲᠡ ᠵᠢᠨ ᠪᠠᠶ᠋ᠢᠳᠠᠯ᠎ᠢ ᠶᠡᠷᠦᠩᠬᠡᠶ᠋ᠢᠯᠡᠨ ᠵᠠᠳᠠᠯᠵᠤ᠂ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠬᠡᠪᠴᠢᠶ᠎ᠡ ᠪᠠ ᠴᠢᠭᠯᠡᠯ᠂ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠦ ᠵᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠬᠡ ᠲᠥᠷᠥᠯ ᠵᠦᠢ᠍ᠯ᠎ᠢ ᠵᠣᠬᠢᠴᠠᠭᠤᠯᠬᠤ ᠪᠠ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠬᠦ ᠵᠢ ᠲᠦᠯᠬᠢᠨ ᠠᠬᠢᠭᠤᠯᠬᠤ ᠵᠢ ᠲᠦᠷᠦᠭᠦᠯᠡᠨ ᠬᠢᠨ᠎ᠡ᠃ ᠲᠣᠭᠲᠠᠭ᠋ᠠᠭᠰᠠᠨ ᠡᠷᠬᠡ ᠮᠡᠳᠡᠯ ᠵᠶ᠋ᠠᠷ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠬᠢᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠠᠵᠢᠯ᠎ᠢ ᠬᠠᠷᠢᠭᠤᠴᠠᠨ᠎ᠠ᠃ ᠣᠷᠣᠨ ᠨᠤᠲᠤᠭ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠷᠬᠡ ᠮᠡᠳᠡᠯ᠎ᠤᠨ ᠬᠡᠪᠴᠢᠶ᠎ᠡ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠎ᠤᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠠᠵᠢᠯ᠎ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠳᠤ ᠬᠢᠨᠠᠯᠲᠠ ᠲᠠᠯᠪᠢᠨ ᠵᠢᠯᠣᠭᠤᠳᠴᠤ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠤᠯᠪᠣᠭᠳᠠᠯ ᠪᠦᠬᠦᠢ ᠬᠠᠮᠢᠶᠠᠷᠤᠯᠲᠠ ᠵᠢᠨ ᠠᠵᠢᠯ᠎ᠢ ᠵᠣᠬᠢᠴᠠᠭᠤᠯᠤᠨ᠎ᠠ᠃ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ ᠣᠷᠴᠢᠨ ᠲᠣᠭᠤᠷᠢᠨ᠎ᠢ ᠵᠠᠰᠠᠬᠤ ᠠᠵᠢᠯ᠎ᠢ ᠲᠦᠷᠦᠭᠦᠯᠡᠨ ᠬᠠᠷᠢᠭᠤᠴᠠᠨ᠎ᠠ᠃   

    ᠠᠵᠢᠯᠯᠠᠬᠤ ᠬᠠᠶᠢᠭ᠄ ᠬᠦᠬᠡᠬᠤᠲᠠ ᠵᠢᠨ ᠰᠠᠢ᠌ᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂               14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠤᠲᠠᠰᠤ᠄ 0471— 6285784
    ᠬᠠᠷᠢᠭᠤᠴᠠᠯᠭ᠋ᠠᠲᠠᠨ᠄ ᠭᠣᠤ ᠱ᠌ᠢ ᠴᠢᠨ
ᠰᠢᠭᠤᠳ ᠬᠠᠷᠢᠶ᠎ᠠ ᠨᠢᠭᠡᠴᠢ᠄
    (ᠨᠢᠭᠡ)᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ
    1. ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠢ ᠲᠣᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠮᠢᠶ᠎ᠠ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠵᠢ ᠲᠤᠭᠤᠷᠪᠢᠬᠤ᠎ᠳᠤ ᠣᠷᠣᠯᠴᠠᠵᠤ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠥᠭᠵᠢᠯᠲᠡ ᠵᠢᠨ ᠲᠥᠯᠥᠪᠵᠢᠭᠦᠯᠭᠡ ᠪᠠ ᠬᠠᠮᠢᠶ᠎ᠠ ᠪᠥᠬᠥᠶ ᠲᠥᠯᠥᠪᠵᠢᠭᠦᠯᠭᠡ᠂ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠨ᠎ᠠ᠃
    2. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    3. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    4. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    5. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    6. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠠᠶᠦᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    7. ᠪᠦᠬᠦ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠥᠭᠡᠷᠡᠴᠢᠯᠡᠯᠲᠡ᠂ ᠪᠦᠷᠢᠳᠬᠡᠨ ᠵᠠᠳᠠᠯᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ᠂ ᠵᠠᠮ ᠬᠠᠷᠢᠯᠴᠠᠭ᠋ᠠᠨ᠎ᠤ ᠳᠠᠶ᠋ᠢᠨ᠎ᠤ ᠪᠡᠯᠡᠳᠬᠡᠯ᠎ᠤᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠰᠣᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠡᠭᠦᠷᠭᠡᠯᠡᠨ᠎ᠡ᠃
    8. ᠲᠢᠩᠬᠢᠮ᠎ᠤᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠢ ᠬᠢᠨᠠᠨ ᠬᠡᠮᠵᠢᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    9. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠨ ᠭᠦᠢ᠍ᠴᠡᠳᠭᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠄ ᠠᠯᠪᠠᠨ ᠭᠡᠷ᠂ ᠠᠵᠢᠯᠲᠠᠨ᠎ᠤ ᠭᠠᠵᠠᠷ (ᠨᠠᠮ ᠪᠠ ᠣᠯᠠᠨ ᠲᠦᠮᠡᠨ᠎ᠤ ᠠᠵᠢᠯ᠎ᠤᠨ ᠭᠠᠵᠠᠷ)᠂ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠲᠥᠷᠥ ᠵᠢᠨ ᠪᠣᠳᠣᠯᠭ᠎ᠠ ᠰᠤᠳᠤᠯᠬᠤ ᠲᠠᠰᠤᠭ            (ᠰᠣᠨᠢᠨ ᠮᠡᠳᠡᠭᠡ ᠤᠬᠠᠭᠤᠯᠭ᠎ᠠ ᠵᠢᠨ ᠭᠠᠵᠠᠷ)᠂ ᠬᠠᠤᠯᠢ ᠳᠦᠷᠢᠮ᠎ᠤᠨ ᠭᠠᠵᠠᠷ᠂ ᠬᠦᠭᠵᠢᠯᠲᠡ ᠵᠢᠨ ᠲᠥᠯᠥᠪᠵᠢᠭᠦᠯᠭᠡ ᠵᠢᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠭᠠᠵᠠᠷ᠂ ᠪᠠᠷᠢᠯᠭ᠎ᠠ ᠵᠢᠨ ᠮᠡᠷᠭᠡᠵᠢᠯ ᠬᠢᠭᠡᠳ ᠦᠢ᠍ᠯᠡᠳᠬᠦ ᠦᠨ᠎ᠡ ᠵᠢᠨ ᠭᠠᠵᠠᠷ᠂ ᠬᠥᠳᠡᠭᠡ ᠲᠣᠰᠬᠣᠨ ᠬᠢᠭᠡᠳ ᠬᠢᠯᠢ ᠵᠢᠨ ᠬᠠᠮᠠᠭ᠋ᠠᠯᠠᠯᠲᠠ ᠵᠢᠨ ᠵᠠᠰᠠᠮᠠᠯ ᠵᠠᠮ᠎ᠤᠨ ᠭᠠᠵᠠᠷ᠂ ᠠᠶᠠᠨᠴᠢᠳ᠎ᠤᠨ ᠲᠡᠭᠡᠭᠡᠪᠦᠷᠢ ᠵᠢᠨ ᠭᠠᠵᠠᠷ᠂ ᠪᠠᠷᠠᠭ᠎ᠠ ᠵᠢᠨ ᠲᠡᠭᠡᠭᠡᠪᠦᠷᠢ ᠵᠢᠨ ᠪᠠᠷᠠᠭ᠋ᠠᠨ᠎ᠤ ᠭᠦᠢ᠍ᠯᠭᠡᠭᠡᠨ᠎ᠤ ᠭᠠᠵᠠᠷ᠂ ᠲᠡᠷᠭᠡ ᠬᠥᠰᠬᠡ ᠵᠢᠨ ᠮᠡᠷᠭᠡᠵᠢᠯ᠎ᠤᠨ ᠭᠠᠵᠠᠷ᠂ ᠤᠰᠤᠨ ᠲᠡᠭᠡᠭᠡᠪᠦᠷᠢ ᠵᠢᠨ ᠳᠠᠯᠠᠶ ᠵᠢᠨ ᠶᠠᠪᠤᠳᠠᠯ᠎ᠤᠨ ᠣᠩᠭᠣᠴᠠ ᠪᠠᠶ᠋ᠢᠴᠠᠭ᠋ᠠᠬᠤ ᠭᠠᠵᠠᠷ᠂ ᠠᠶᠦᠯᠭᠦᠢ ᠦᠢ᠍ᠯᠡᠳᠪᠦᠷᠢᠯᠡᠯ᠎ᠤᠨ ᠭᠠᠵᠠᠷ᠃
    ᠠᠵᠢᠯᠯᠠᠬᠤ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶᠠᠨ᠎ᠤ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂              14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠠᠷᠭ᠎ᠠ᠄ 0471 - 6968143
    ᠬᠠᠷᠢᠭᠤᠴᠠᠯᠭ᠋ᠠᠲᠠᠨ᠄ ᠢᠦᠢ ᠹᠧᠩ   

    (ᠬᠣᠶᠠᠷ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
    1. ᠲᠢᠩᠬᠢᠮ᠎ᠤᠨ ᠪᠠᠢ᠌ᠭᠤᠯᠭ᠎ᠠ ᠵᠢᠨ ᠠᠯᠪᠠᠯᠠᠬᠤ ᠠᠵᠢᠯᠯᠠᠭ᠋ᠠᠨ᠂ ᠨᠠᠮ᠎ᠤᠨ ᠪᠠᠢ᠌ᠭᠤᠯᠤᠯᠲᠠ᠂ ᠰᠠᠬᠢᠯᠭ᠎ᠠ ᠪᠠᠲᠤ ᠪᠠᠢ᠌ᠴᠠᠭ᠋ᠠᠬᠤ᠂ ᠠᠵᠢᠯᠲᠠᠨ᠎ᠤ ᠶᠠᠪᠤᠳᠠᠯ᠂ ᠡᠳ᠋᠎ᠤᠨ ᠶᠠᠪᠤᠳᠠᠯ᠂ ᠣᠯᠠᠨ ᠲᠦᠮᠡᠨ᠎ᠤ ᠪᠦᠯᠬᠦᠮ᠎ᠤᠨ ᠬᠠᠮᠢᠶ᠎ᠠ ᠪᠥᠬᠥᠶ ᠠᠵᠢᠯ᠎ᠢ ᠡᠭᠦᠷᠭᠡᠯᠡᠨ᠎ᠡ᠃
    2. ᠲᠢᠩᠬᠢᠮ᠎ᠤᠨ ᠪᠠᠢ᠌ᠭᠤᠯᠭ᠎ᠠ ᠵᠢᠨ ᠦᠨᠳᠦᠰᠦᠨ ᠪᠦᠲᠦᠭᠡᠨ ᠪᠠᠢ᠌ᠭᠤᠯᠤᠯᠲᠠ᠂ ᠤᠯᠤᠰ᠎ᠤᠨ ᠥᠮᠴᠢᠯᠡᠯᠲᠦ᠎ᠤᠨ ᠬᠥᠷᠥᠩᠭᠡ ᠵᠢᠨ ᠬᠠᠮᠢᠶᠠᠷᠤᠯᠲᠠ᠂ ᠠᠯᠪᠠᠨ᠎ᠳᠤ ᠬᠡᠷᠡᠭᠯᠡᠬᠦ ᠭᠡᠷ᠂ ᠣᠯᠠᠨ ᠨᠡᠢ᠌ᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ᠂ ᠠᠳᠠᠯ ᠠᠬᠤᠶ ᠵᠢᠨ ᠬᠠᠮᠢᠶᠠᠷᠤᠯᠲᠠ ᠵᠡᠷᠭᠡ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃
    3. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ᠂ ᠶᠡᠷᠦᠩᠬᠡᠢ᠌ᠯᠡᠭᠰᠡᠨ ᠰᠠᠯᠠᠭ᠎ᠠ᠂ ᠠᠵᠢᠯᠲᠠᠨ᠎ᠤ ᠶᠠᠪᠤᠳᠠᠯ᠎ᠤᠨ ᠦᠢᠯᠡᠴᠢᠯᠡᠭᠡᠨ᠎ᠤ ᠰᠠᠯᠠᠭ᠎ᠠ᠂ ᠡᠳ᠋᠎ᠤᠨ ᠶᠠᠪᠤᠳᠠᠯ᠎ᠤᠨ ᠦᠢᠯᠡᠴᠢᠯᠡᠭᠡᠨ᠎ᠤ ᠰᠠᠯᠠᠭ᠎ᠠ᠂ ᠠᠷᠤ ᠲᠠᠯ᠎ᠠ ᠵᠢᠨ ᠪᠠᠲᠤᠯᠠᠭ᠎ᠠ ᠵᠢᠨ ᠰᠠᠯᠠᠭ᠎ᠠ᠃
    ᠠᠵᠢᠯᠯᠠᠬᠤ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂                14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠤᠲᠠᠰᠤ᠄ 0471 - 6968595
    ᠬᠠᠷᠢᠭᠤᠴᠠᠯᠭ᠋ᠠᠲᠠᠨ᠄ ᠱᠸᠨ ᠶᠦᠩ ᠮᠢᠩ
    (ᠭᠤᠷᠪᠠ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠢ ᠬᠢᠨᠠᠨ ᠬᠡᠮᠵᠢᠬᠦ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠨ ᠵᠢᠯᠣᠭᠣᠳᠬᠤ ᠲᠥᠪ
    1. ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠠᠵᠢᠯᠯᠠᠭ᠋ᠠᠨ᠎ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠢ᠌ᠲᠡᠯᠡᠬᠦ᠂ ᠵᠠᠰᠠᠭ᠎ᠤᠨ ᠶᠠᠪᠤᠳᠠᠯ᠎ᠤᠨ ᠵᠢᠵᠢᠭᠦᠷ ᠵᠡᠷᠭᠡ ᠲᠤᠬᠠᠢ᠌ᠯᠠᠭᠰᠠᠨ ᠠᠵᠢᠯ᠎ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    2. ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠠᠶᠤᠯ ᠭᠠᠮᠰᠢᠭ᠎ᠠᠴᠠ ᠠᠪᠤᠷᠠᠬᠤ᠂ ᠠᠪᠤᠷᠠᠨ ᠲᠤᠰᠠᠯᠠᠵᠤ ᠱᠦᠭᠦᠬᠦ᠂ ᠵᠠᠮ᠎ᠤᠨ ᠨᠡᠪᠲᠡᠷᠡᠬᠦ ᠵᠢ ᠪᠠᠲᠤᠯᠠᠬᠤ᠂ ᠪᠠᠴᠢᠮ ᠲᠡᠭᠡᠭᠡᠪᠦᠷᠢ ᠵᠡᠷᠭᠡ ᠲᠤᠬᠠᠢ᠌ᠯᠠᠭᠰᠠᠨ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠵᠦ᠂ ᠴᠢᠬᠤᠯᠠ ᠶᠡᠬᠡ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠂ ᠴᠢᠬᠤᠯᠠ ᠴᠠᠭ ᠬᠤᠭᠤᠴᠠᠭ᠎ᠠ᠂ ᠴᠢᠬᠤᠯᠠ ᠠᠵᠢᠯᠯᠠᠭ᠎ᠠ ᠵᠡᠷᠭᠡ ᠰᠡᠷᠭᠡᠭ ᠬᠤᠭᠤᠴᠠᠭ᠋ᠠᠨ᠎ᠳᠠᠬᠢ ᠪᠠᠴᠢᠮ ᠪᠠᠢ᠌ᠳᠠᠯ᠎ᠢ ᠠᠷᠠᠭ᠋ᠠᠴᠠᠭ᠋ᠠᠨ ᠰᠢᠢᠳᠪᠦᠷᠢᠯᠡᠬᠦ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    3. ᠲᠢᠩᠬᠢᠮ᠎ᠤᠨ ᠨᠢᠭᠤᠴᠠ᠎ᠳᠤ ᠬᠣᠯᠪᠣᠭᠳᠠᠬᠤ ᠠᠵᠢᠯᠯᠠᠬᠤ ᠰᠦᠯᠵᠢᠶᠡᠨ᠎ᠤ ᠰᠢᠰᠲᠸᠮ᠎ᠤᠨ ᠡᠳᠦᠷ ᠲᠤᠲᠤᠮ᠎ᠤᠨ ᠬᠡᠷᠡᠭᠯᠡᠵᠦ ᠬᠠᠮᠢᠶᠠᠷᠬᠤ ᠠᠵᠢᠯ᠎ᠢ ᠡᠭᠦᠷᠭᠡᠯᠡᠨ᠎ᠡ᠃
    4. ᠳᠥᠷᠪᠡ᠂ ᠠᠵᠢᠯ ᠲᠥᠷᠥᠯ᠎ᠤᠨ ᠦᠢᠯᠡᠴᠢᠯᠡᠭᠡᠨ᠎ᠤ ᠬᠢᠨᠠᠯᠲᠠ ᠲᠠᠯᠪᠢᠬᠤ ᠤᠳᠠᠰᠤ (ᠬᠠᠯᠠᠮᠰᠢᠯ ᠤᠲᠠᠰᠤ) ᠵᠢᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ ᠲᠤᠬᠠᠢ᠌ᠯᠠᠭᠰᠠᠨ ᠠᠵᠢᠯ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    5. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠠᠵᠢᠯᠯᠠᠭ᠋ᠠᠨ᠎ᠢ ᠬᠢᠨᠠᠨ ᠬᠡᠮᠵᠢᠬᠦ ᠰᠠᠯᠠᠭ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢᠳᠪᠦᠷᠢᠯᠡᠬᠦ ᠰᠠᠯᠠᠭ᠎ᠠ᠂ ᠪᠠᠲᠤᠯᠠᠭ᠎ᠠ ᠵᠢᠨ ᠦᠢᠯᠡᠴᠢᠯᠡᠭᠡᠨ᠎ᠤ ᠰᠠᠯᠠᠭ᠎ᠠ᠃
    ᠠᠵᠢᠯᠯᠠᠬᠤ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂                    14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠤᠲᠠᠰᠤ᠄ 0471-6936998
    ᠬᠠᠷᠢᠭᠤᠴᠠᠯᠭ᠋ᠠᠲᠠᠨ᠄ ᠯᠢᠦ ᠠᠢ ᠵᠢᠶᠦ᠋ᠨ
    (ᠳᠦᠷᠪᠡ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ
    1. ᠵᠠᠰᠠᠮᠠᠯ ᠵᠠᠮ ᠤᠰᠤᠨ ᠵᠠᠮ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠵᠢ ᠲᠤᠭᠤᠷᠪᠢᠬᠤ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠦᠢᠯᠡᠰ᠎ᠤᠨ ᠬᠥᠭᠵᠢᠯᠲᠡ ᠵᠢᠨ ᠬᠠᠮᠢᠶ᠎ᠠ ᠪᠥᠬᠥᠶ ᠲᠥᠯᠥᠪᠵᠢᠭᠦᠯᠭᠡ ᠵᠢ ᠳᠤᠭᠤᠷᠪᠢᠨ ᠲᠣᠭᠲᠠᠭ᠋ᠠᠬᠤ᠎ᠳᠤ ᠣᠷᠣᠯᠴᠠᠨ᠎ᠠ᠃
    2. ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠮᠡᠳᠡᠯ᠎ᠤᠨ ᠳᠣᠲᠣᠷᠠᠬᠢ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠶᠠᠪᠤᠳᠠᠯ᠂ ᠬᠡᠮᠵᠢᠶ᠎ᠡ᠎ᠠᠴᠠ ᠭᠡᠲᠦᠷᠡᠭᠦᠯᠦᠭᠰᠡᠨ᠎ᠢ ᠵᠠᠰᠠᠬᠤ᠂ ᠰᠦᠢ᠍ᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠥᠷᠨᠢᠭᠦᠯᠦᠨ᠎ᠡ᠃
     3. ᠡᠷᠬᠡ ᠮᠡᠳᠡᠯ᠎ᠤᠨ ᠳᠣᠲᠣᠷᠠᠬᠢ ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠪᠣᠯᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠵᠢᠨ ᠶᠠᠪᠤᠳᠠᠯ᠂ ᠤᠰᠤᠨ ᠵᠠᠮ᠎ᠤᠨ ᠲᠡᠭᠡᠭᠡᠪᠦᠷᠢ ᠵᠢᠨ ᠶᠠᠪᠤᠳᠠᠯ᠂ ᠠᠶᠠᠯᠠᠯ᠎ᠤᠨ ᠵᠠᠮ᠎ᠤᠨ ᠵᠠᠰᠠᠭ ᠵᠠᠬᠢᠷᠭ᠋ᠠᠨ᠂ ᠣᠷᠣᠨ ᠨᠤᠲᠤᠭ᠎ᠤᠨ ᠳᠠᠯᠠᠶ ᠵᠢᠨ ᠶᠠᠪᠤᠳᠠᠯ᠎ᠤᠨ ᠵᠠᠰᠠᠭ ᠵᠠᠬᠢᠷᠭ᠋ᠠᠨ᠂ ᠣᠩᠭᠣᠴᠠ ᠰᠠᠯ᠎ᠢ ᠪᠠᠢ᠌ᠴᠠᠭ᠋ᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
     4. ᠬᠠᠷᠢᠶ᠎ᠠ ᠪᠦᠬᠦᠢ ᠵᠠᠰᠠᠮᠠᠯ ᠵᠠᠮ᠎ᠤᠨ ᠬᠣᠶᠠᠷ ᠬᠠᠵᠠᠭᠤ ᠵᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃
     5. ᠪᠥᠬᠥ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠣᠷᠵᠢᠭᠤᠯᠤᠨ ᠰᠦᠢᠳᠬᠡᠯ ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠪᠤᠰᠤᠳ ᠰᠦᠢᠳᠬᠡᠯ ᠬᠤᠷᠢᠶᠠᠬᠤ ᠵᠠᠰᠠᠮᠠᠯ ᠵᠠᠮ᠎ᠤᠨ ᠰᠦᠢᠳᠬᠡᠯ ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
     6. ᠲᠤᠰ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠢ᠌ᠯᠠᠭᠰᠠᠨ ᠠᠵᠢᠯ᠎ᠤᠨ ᠵᠢᠷᠤᠮᠵᠢᠯ ᠪᠣᠯᠤᠨ ᠬᠠᠮᠢᠶᠠᠷᠤᠯᠲᠠ ᠵᠢᠨ ᠳᠦᠷᠢᠮ᠎ᠢ ᠰᠤᠳᠤᠯᠤᠨ ᠲᠣᠭᠲᠠᠭ᠋ᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭ᠋ᠠᠬᠤ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
     7. ᠲᠢᠩᠬᠢᠮ᠎ᠤᠨ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠢ ᠬᠢᠨᠠᠨ ᠬᠡᠮᠵᠢᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
    8. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄
    ᠳᠣᠲᠣᠭ᠋ᠠᠳᠤ᠎ᠳᠤ᠎ᠪᠠᠨ 15 ᠵᠢᠩᠬᠢᠨᠢ ᠰᠠᠯᠠᠭ᠋ᠠᠨ᠎ᠤ ᠲᠠᠰ᠎ᠤᠨ ᠪᠠᠢ᠌ᠭᠤᠯᠤᠮᠵᠢ ᠲᠣᠬᠢᠷᠠᠭᠤᠯᠵᠤ᠄ ᠠᠯᠪᠠᠨ ᠬᠡᠷ᠂ ᠠᠵᠢᠯᠲᠠᠨ᠎ᠤ ᠰᠠᠯᠠᠭ᠎ᠠ (ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ)᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠠᠰᠤᠭ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠵᠠᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠰᠠᠯᠠᠭ᠎ᠠ᠂ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠵᠢᠨ ᠶᠠᠪᠤᠳᠠᠯ᠎ᠤᠨ ᠰᠠᠯᠠᠭ᠎ᠠ᠂ ᠤᠰᠤᠨ ᠲᠡᠭᠡᠭᠡᠪᠦᠷᠢ ᠵᠢᠨ ᠲᠡᠯᠡᠶ ᠵᠢᠨ ᠶᠠᠪᠤᠳᠠᠯ᠎ᠤᠨ ᠣᠩᠭᠣᠴᠠ ᠪᠠᠢ᠌ᠴᠠᠭ᠋ᠠᠬᠤ ᠰᠠᠯᠠᠭ᠎ᠠ᠂ ᠰᠦᠢᠳᠬᠡᠯ ᠬᠤᠷᠢᠶᠠᠬᠤ ᠬᠠᠮᠢᠶᠠᠷᠤᠯᠲᠠ ᠵᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠣᠭ ᠲᠥᠬᠥᠭᠡᠷᠦᠮᠵᠢ ᠬᠢᠭᠡᠳ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠪᠣᠯᠤᠨ᠎ᠠ᠃
     ᠶᠡᠷᠦᠩᠬᠡᠶ ᠠᠩᠭᠢ ᠵᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠢ᠌ᠯᠠᠪᠠᠯ ᠨᠢᠭᠡᠳᠦᠭᠡᠷ ᠰᠠᠯᠪᠤᠷᠢ ᠠᠩᠭᠢ᠂ ᠬᠣᠶᠠᠳᠤᠭ᠋ᠠᠷ ᠰᠠᠯᠪᠤᠷᠢ ᠠᠩᠭᠢ ···· ᠭᠡᠬᠦ ᠮᠡᠲᠦ᠎ᠪᠠᠷ ᠠᠷᠪᠠᠨ ᠭᠤᠷᠪᠠᠳᠤᠭ᠋ᠠᠷ ᠰᠠᠯᠪᠤᠷᠢ ᠠᠩᠭᠢ ᠬᠦᠷᠲᠡᠯ᠎ᠡ ᠪᠠᠢ᠌ᠵᠤ᠂ ᠳᠡᠳ᠋ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
     13 ᠰᠠᠯᠪᠤᠷᠢ ᠠᠩᠭᠢ ᠵᠢᠨ ᠳᠣᠣᠷ᠎ᠠ᠎ᠨᠢ 158 ᠶᠡᠬᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭ᠋ᠠᠨ᠎ᠤ ᠳᠡᠰ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
     13 ᠰᠠᠯᠪᠤᠷᠢ ᠠᠩᠭᠢ᠎ᠨᠢ ᠲᠣᠰ ᠲᠣᠰ ᠵᠢᠩᠬᠢᠨᠢ ᠰᠠᠯᠠᠭ᠋ᠠᠨ᠎ᠤ ᠲᠠᠰ᠎ᠲᠠᠢ ᠲᠡᠩᠴᠡᠬᠦ 9 ᠳᠣᠲᠣᠭ᠋ᠠᠳᠤ ᠪᠠᠢ᠌ᠭᠤᠯᠤᠮᠵᠢ ᠲᠣᠬᠢᠷᠠᠭᠤᠯᠵᠤ᠂ ᠲᠤᠬᠠᠢ᠌ᠯᠠᠪᠠᠯ᠄ ᠠᠯᠪᠠᠨ ᠬᠡᠷ᠂ ᠠᠵᠢᠯᠲᠠᠨ᠎ᠤ ᠰᠠᠯᠠᠭ᠎ᠠ (ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ)᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠠᠰᠤᠭ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠰᠠᠯᠠᠭ᠎ᠠ᠂ ᠡᠳ᠋᠎ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠵᠢᠨ ᠰᠠᠯᠠᠭ᠎ᠠ᠂ ᠵᠠᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠰᠠᠯᠠᠭ᠎ᠠ᠂ ᠰᠦᠢᠳᠬᠡᠯ ᠬᠤᠷᠢᠶᠠᠬᠤ ᠬᠠᠮᠢᠶᠠᠷᠤᠯᠲᠠ ᠵᠢᠨ ᠰᠠᠯᠠᠭ᠎ᠠ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠪᠣᠯᠤᠨ᠎ᠠ᠃
     ᠠᠵᠢᠯᠯᠠᠬᠤ ᠬᠠᠶᠢᠭ᠄ ᠬᠥᠬᠡᠬᠣᠲᠠ ᠵᠢᠨ ᠢᠦᠶ ᠴᠢᠤᠸᠠᠨ ᠲᠣᠭᠣᠷᠢᠭ᠎ᠤᠨ ᠣᠷᠳᠣᠰ ᠶᠡᠬᠡ ᠵᠡᠭᠡᠯᠢ ᠵᠢᠨ ᠱ᠌ᠢ ᠳ᠋ᠦᠩ ᠵᠠᠮ᠎ᠤᠨ 6 ᠳ᠋ᠤᠭ᠋ᠠᠷ ᠨᠣᠮᠧᠷ
     ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂                   14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠠᠷᠭ᠎ᠠ ᠮᠠᠶᠢᠭ᠄ 0471 — 5973300
    ᠬᠠᠷᠢᠭᠤᠴᠠᠯᠭ᠋ᠠᠲᠠᠨ᠄ ᠸᠠᠩ ᠴᠦᠨ ᠯᠸᠢ  
    (ᠲᠠᠪᠤ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠦᠭᠵᠢᠯᠲᠡ ᠵᠢᠨ ᠰᠣᠳᠤᠯᠭ᠋ᠠᠨ᠎ᠤ ᠬᠦᠷᠢᠶᠡᠯᠡᠩ
    1. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠶᠡᠷᠦᠩᠬᠡᠢ᠌ᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮᠵᠢ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ;
     2. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠶᠡᠷᠦᠩᠬᠡᠢ᠌ᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮᠵᠢ ᠵᠢᠨ ᠬᠥᠭᠵᠢᠯᠲᠡ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠴᠢᠬᠤᠯᠠ ᠶᠡᠬᠡ ᠢᠨᠵᠧᠨᠧᠷᠢᠩ ᠪᠠ ᠴᠢᠬᠤᠯᠠ ᠶᠡᠬᠡ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠥᠷᠨᠢᠭᠦᠯᠦᠨ᠎ᠡ᠃
     3. ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ᠌ᠯᠡᠭᠰᠡᠨ ᠵᠠᠮ ᠬᠠᠷᠢᠯᠴᠠᠭ᠎ᠠ᠂ ᠣᠶᠤᠨᠴᠢ ᠵᠠᠮ ᠬᠠᠷᠢᠯᠴᠠᠭ᠎ᠠ᠂ ᠪᠣᠬᠢᠷᠳᠤᠯ ᠦᠭᠡᠢ ᠵᠠᠮ ᠬᠠᠷᠢᠯᠴᠠᠭ᠎ᠠ᠂ ᠠᠮᠤᠷ ᠠᠮᠤᠭᠤᠯᠠᠩ ᠵᠠᠮ ᠬᠠᠷᠢᠯᠴᠠᠭ᠋ᠠᠨ᠎ᠤ ᠳᠤᠮᠳᠠ ᠣᠷᠳᠣ ᠬᠤᠭᠤᠴᠠᠭ᠋ᠠᠨ᠎ᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ᠂ ᠠᠵᠤ ᠠᠬᠤᠢ ᠬᠢᠭᠡᠳ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠢ᠌ᠭᠤᠯᠤᠯ᠎ᠤᠨ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ᠃ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠲᠣᠣᠷ ᠰᠦᠯᠵᠢᠶ᠎ᠡ᠂ ᠲᠡᠭᠡᠭᠡᠪᠦᠷᠢ ᠵᠢᠨ ᠵᠠᠩᠭᠢᠯᠠᠭ᠎ᠠ᠂ ᠲᠡᠭᠡᠭᠡᠪᠦᠷᠢ ᠵᠢᠨ ᠨᠡᠪᠲᠡᠷᠡᠬᠦ ᠵᠠᠮ᠂ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠪᠠᠢ᠌ᠷᠢᠯᠠᠭᠤᠯᠤᠯᠲᠠ᠂ ᠲᠥᠪᠯᠡᠷᠡᠭᠦᠯᠬᠦ ᠲᠠᠷᠬᠠᠭ᠋ᠠᠬᠤ ᠲᠡᠭᠡᠭᠡᠪᠦᠷᠢᠯᠡᠬᠦ ᠰᠢᠰᠲ᠋ᠧᠮᠵᠢ ᠵᠢᠨ ᠪᠠᠢ᠌ᠭᠤᠯᠤᠯᠲᠠ᠂ ᠡᠯ᠎ᠡ ᠵᠦᠢ᠍ᠯ᠎ᠤᠨ ᠲᠡᠭᠡᠭᠡᠪᠦᠷᠢ ᠵᠢᠨ ᠠᠷᠭ᠎ᠠ ᠮᠠᠶᠢᠭ᠎ᠢ ᠣᠷᠭ᠋ᠠᠨᠢᠭ ᠵᠶ᠋ᠠᠷ ᠵᠣᠯᠭ᠋ᠠᠭᠤᠯᠬᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠡᠷᠭᠡ ᠵᠢᠨ ᠳᠦᠷᠢᠮ᠂ ᠪᠠᠷᠢᠮᠵᠢᠶ᠎ᠠ᠂ ᠵᠢᠷᠤᠮᠵᠢᠯ᠂ ᠮᠡᠷᠭᠡᠵᠢᠯ᠎ᠤᠨ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ᠃
     4. ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠡᠷᠡᠭᠯᠡᠭᠡᠨ᠎ᠤ ᠰᠠᠭᠤᠷᠢ᠂ ᠵᠠᠩᠭᠢᠯᠠᠭ᠎ᠠ ᠵᠢᠨ ᠨᠡᠢ᠌ᠲᠡᠴᠢ ᠴᠢᠨᠠᠷᠲᠠᠢ ᠮᠡᠷᠭᠡᠵᠢᠯ᠎ᠤᠨ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ; ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ᠂ ᠦᠷ᠎ᠡ ᠪᠦᠲᠦᠭᠡᠯ᠎ᠤᠨ ᠳᠡᠯᠭᠡᠷᠡᠭᠦᠯᠦᠯᠲᠡ᠂ ᠪᠠᠷᠢᠮᠵᠢᠶᠠᠵᠢᠭᠤᠯᠤᠯᠲᠠ ᠪᠠ ᠴᠢᠳᠠᠪᠤᠷᠢᠲᠠᠨ᠎ᠤ ᠨᠡᠭᠡᠭᠡᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ; 《ᠥᠪᠥᠷ ᠮᠣᠩᠭᠣᠯ᠎ᠤᠨ ᠵᠠᠰᠠᠮᠠᠯ ᠵᠠᠮ ᠬᠢᠭᠡᠳ ᠲᠡᠭᠡᠭᠡᠪᠦᠷᠢ》 ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠭᠤᠴᠠᠭ᠋ᠠᠲᠤ ᠰᠡᠳᠬᠦᠯ᠎ᠤᠨ ᠬᠡᠪᠯᠡᠯ᠎ᠤᠨ ᠠᠵᠢᠯ᠎ᠢ ᠡᠭᠦᠷᠭᠡᠯᠡᠨ᠎ᠡ᠃
     5. ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠲᠤᠰᠢᠶᠠᠵᠤ ᠳᠠᠭᠤᠰᠤᠭᠰᠠᠨ ᠪᠠᠷᠢᠯᠭ᠎ᠠ ᠵᠢ ᠰᠢᠯᠭ᠋ᠠᠨ ᠬᠤᠷᠢᠶᠠᠵᠤ ᠪᠠᠢ᠌ᠴᠠᠭ᠋ᠠᠨ ᠬᠡᠮᠵᠢᠬᠦ᠂ ᠰᠢᠯᠭ᠋ᠠᠨ ᠪᠠᠲᠤᠯᠠᠬᠤ ᠴᠢᠨᠠᠷᠲᠠᠢ ᠪᠠᠢ᠌ᠴᠠᠭ᠋ᠠᠨ ᠬᠡᠮᠵᠢᠬᠦ ᠠᠵᠢᠯ᠎ᠢ ᠥᠷᠨᠢᠭᠦᠯᠦᠨ᠎ᠡ; ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠠᠵᠢᠯ᠂ ᠪᠠᠷᠢᠯᠭ᠎ᠠ ᠵᠢᠨ ᠲᠥᠬᠦᠭᠡᠷᠦᠮᠵᠢ ᠵᠢᠨ ᠬᠡᠮᠵᠢᠯᠲᠡ ᠵᠢ ᠰᠢᠯᠭ᠋ᠠᠨ ᠲᠣᠭᠲᠠᠭ᠋ᠠᠵᠤ ᠬᠠᠷᠭᠤᠭᠤᠯᠬᠤ ᠠᠵᠢᠯ᠎ᠢ ᠡᠭᠦᠷᠭᠡᠯᠡᠵᠦ᠂ ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠ ᠬᠢᠨᠠᠨ ᠲᠣᠭᠲᠠᠭ᠋ᠠᠬᠤ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
     ᠪᠠᠶ᠋ᠢᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠬᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠵᠠᠮ ᠬᠠᠷᠢᠯᠴᠠᠭ᠋ᠠᠨ᠎ᠤ ᠪᠠᠶ᠋ᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠵᠢᠨ ᠰᠤᠳᠤᠯᠭ᠋ᠠᠨ᠎ᠤ ᠲᠥᠪ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠰᠤᠳᠤᠯᠭ᠋ᠠᠨ᠎ᠤ ᠲᠥᠪ᠂ ᠤᠶᠤᠨᠲᠤ ᠵᠠᠮ ᠬᠠᠷᠢᠯᠴᠠᠭ᠋ᠠᠨ᠎ᠤ ᠰᠤᠳᠤᠯᠭ᠋ᠠᠨ᠎ᠤ ᠲᠥᠪ᠂ ᠲᠤᠤᠷ᠎ᠠ ᠨᠡᠭᠦᠷᠡᠰᠦᠲᠥ᠋ᠷᠥᠭᠴᠢᠲᠤ ᠵᠠᠮ ᠬᠠᠷᠢᠯᠴᠠᠭ᠋ᠠᠨ᠎ᠤ ᠰᠤᠳᠤᠯᠭ᠋ᠠᠨ᠎ᠤ ᠲᠥᠪ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠂ ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠲᠥᠪ᠂ ᠢᠨᠵᠧᠨᠧᠷᠢᠩ᠎ᠤᠨ ᠲᠥᠬᠦᠭᠡᠷᠦᠮᠵᠢ ᠵᠢᠨ ᠬᠡᠮᠵᠢᠯᠲᠡ ᠵᠢᠨ ᠲᠥᠪ᠃
    ᠠᠵᠢᠯᠯᠠᠬᠤ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠵᠢᠷᠢᠮ ᠵᠠᠮ ᠬᠢᠭᠡᠳ ᠬᠣᠢ᠌ᠲᠤ ᠬᠣᠶᠠᠳᠤᠭ᠋ᠠᠷ ᠲᠣᠭᠣᠷᠢᠯ ᠵᠠᠮ᠎ᠤᠨ ᠠᠭᠤᠯᠵᠠᠷ᠎ᠤᠨ ᠡᠮᠦᠨ᠎ᠡ 300 ᠮᠧᠲᠷ᠎ᠤᠨ ᠪᠠᠷᠠᠭᠤᠨ ᠭᠤᠳᠤᠮᠵᠢ ᠵᠢᠨ ᠳᠣᠲᠣᠷ᠎ᠠ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂                  14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
    ᠬᠠᠷᠢᠯᠴᠠᠬᠤ ᠬᠡᠯᠪᠡᠷᠢ᠄ 0471-6536771
    ᠬᠠᠷᠢᠭᠤᠴᠠᠯᠭ᠋ᠠᠲᠠᠨ᠄ ᠵᠠᠩ ᠬᠣᠩ ᠸᠧᠢ
    (ᠵᠢᠷᠭᠤᠭ᠎ᠠ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠦᠷᠲᠡᠭᠡ
    1. ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠢ᠌ᠴᠠᠭ᠋ᠠᠨ ᠬᠡᠮᠵᠢᠬᠦ ᠵᠡᠷᠭᠡ ᠲᠠᠯ᠎ᠠ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠳᠦᠷᠢᠮ ᠪᠣᠯᠣᠨ ᠪᠠᠷᠢᠮᠵᠢᠶ᠎ᠠ ᠵᠢ ᠲᠤᠭᠤᠷᠪᠢᠨ ᠪᠢᠴᠢᠬᠦ ᠠᠵᠢᠯ᠎ᠳᠤ ᠣᠷᠤᠯᠴᠠᠬᠤ ᠵᠢᠨ ᠬᠠᠮᠲᠤ ᠬᠠᠮᠢᠶ᠎ᠠ ᠪᠦᠬᠦᠢ ᠠᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠣᠷᠣᠯᠴᠠᠨ᠎ᠠ;
     2. ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠢ᠌ᠴᠠᠭ᠋ᠠᠨ ᠬᠡᠮᠵᠢᠬᠦ ᠠᠵᠢᠯ ᠲᠥᠷᠥᠯ᠎ᠤᠨ ᠬᠠᠮᠢᠶᠠᠷᠤᠯᠲᠠ ᠵᠡᠷᠭᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ;
     3. ᠲᠢᠩᠬᠢᠮ᠎ᠤᠨ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠤ ᠬᠢᠨᠠᠨ ᠬᠡᠮᠵᠢᠯᠲᠡ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ;
     4. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
     ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠰᠠᠯᠠᠭ᠎ᠠ᠂ ᠬᠢᠨᠠᠨ ᠬᠠᠮᠢᠶᠠᠷᠴᠤ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠰᠠᠯᠠᠭ᠎ᠠ᠃
     ᠠᠵᠢᠯᠯᠠᠬᠤ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠥᠯᠥᠨ ᠬᠣᠢ᠌ᠲᠤ ᠵᠠᠮ᠎ᠤᠨ 105 ᠳ᠋ᠤᠭ᠋ᠠᠷ ᠨᠣᠮᠧᠷ
     ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂                  14᠄ 30 —  17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠎ᠠᠴᠠ ᠭᠠᠳᠠᠨ᠎ᠠ
     ᠬᠠᠷᠢᠯᠴᠠᠬᠤ ᠬᠡᠯᠪᠡᠷᠢ᠄ 0471-6550407
     ᠬᠠᠷᠢᠭᠤᠴᠠᠯᠭ᠋ᠠᠲᠠᠨ᠄ ᠵᠠᠩ ᠯᠧ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ
ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ
 
            