ᠵᠠᠰᠠᠮᠠᠯ ᠵᠠᠮ᠂ ᠤᠰᠤᠨ ᠵᠠᠮ᠎ᠤᠨ ᠲᠡᠭᠡᠭᠡᠪᠦᠷᠢ ᠵᠢᠨ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠵᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠵᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠮᠣᠵᠢ ᠪᠠ ᠠᠢ᠌ᠮᠠᠭ ᠬᠣᠲᠠ ᠠᠯᠤᠰᠯᠠᠭᠰᠠᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠣᠯᠠᠨ ᠤᠯᠤᠰ᠎ᠤᠨ ᠵᠠᠮ᠎ᠤᠨ ᠲᠡᠭᠡᠭᠡᠪᠦᠷᠢ᠂ ᠠᠶᠠᠯᠠᠯ᠎ᠤᠨ ᠵᠠᠮ᠎ᠤᠨ ᠠᠶᠠᠯᠠᠯ ᠨᠡᠪᠲᠡᠷᠡᠬᠦ ᠨᠦᠭᠦᠴᠡᠯ᠎ᠤᠨ ᠨᠦᠯᠦᠭᠡᠯᠡᠯ᠎ᠢ ᠦᠨᠡᠯᠡᠬᠦ ᠬᠠᠮᠢᠶᠠᠷᠤᠯᠲᠠ ᠵᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠡᠳ᠋ ᠪᠠᠷᠠᠭ᠋ᠠᠨ᠎ᠤ ᠲᠡᠭᠡᠭᠡᠪᠦᠷᠢ᠂ ᠠᠶᠠᠨᠴᠢᠳ᠎ᠤᠨ ᠪᠠᠷᠠᠭ᠋ᠠᠨ᠎ᠤ ᠲᠡᠭᠡᠭᠡᠪᠦᠷᠢ ᠵᠢᠨ ᠲᠠᠯᠠᠪᠠᠢ ᠦᠷᠲᠡᠭᠡᠨ᠎ᠤ ᠡᠵᠡᠩᠨᠡᠯᠲᠡ᠂ ᠮᠠᠰᠢᠨ ᠲᠡᠷᠭᠡ ᠰᠠᠯᠪᠢᠨ ᠵᠠᠰᠠᠬᠤ᠂ ᠲᠡᠭᠡᠭᠡᠪᠦᠷᠢᠯᠡᠨ ᠡᠵᠡᠩᠨᠡᠬᠦ ᠲᠡᠷᠭᠡ ᠵᠢᠨ ᠶᠡᠷᠦᠩᠬᠡᠢ ᠰᠢᠨᠵᠢ ᠴᠢᠳᠠᠮᠵᠢ ᠵᠢ ᠰᠢᠯᠭ᠋ᠠᠨ ᠰᠢᠨᠵᠢᠯᠡᠬᠦ᠂ ᠮᠠᠰᠢᠨ ᠲᠡᠷᠭᠡᠨ᠎ᠤ ᠵᠢᠯᠤᠭᠤᠴᠢ ᠵᠢᠨ ᠪᠣᠯᠪᠠᠰᠤᠷᠠᠯ᠂ ᠠᠵᠢᠯ ᠡᠷᠬᠢᠯᠡᠭᠰᠡᠳ᠎ᠤᠨ ᠬᠠᠮᠢᠶᠠᠷᠤᠯᠲᠠ ᠵᠡᠷᠭᠡ ᠠᠵᠢᠯ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠤᠨ᠎ᠠ᠃ ᠨᠡᠢ᠌ᠲᠡ ᠵᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ ᠰᠦᠯᠵᠢᠶ᠎ᠡ᠎ᠪᠠᠷ ᠪᠣᠯᠵᠤᠬᠤ ᠲᠡᠷᠭᠡ ᠵᠡᠷᠭᠡ ᠬᠣᠲᠠ ᠵᠢᠨ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢ ᠵᠢᠭ᠋ᠠᠨ ᠵᠢᠯᠤᠭᠤᠳᠤᠨ᠎ᠠ᠃ ᠭᠣᠤᠯᠳᠠᠯᠭ᠎ᠠ᠎ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠵᠢᠨ ᠲᠡᠭᠡᠭᠡᠪᠦᠷᠢ ᠵᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠠᠶᠠᠯᠠᠯ᠎ᠤᠨ ᠵᠠᠮ᠂ ᠭᠠᠷᠠᠮ᠂ ᠭᠠᠷᠠᠮ᠎ᠤᠨ ᠠᠷᠠᠴᠢᠯᠠᠨ ᠬᠠᠮᠠᠭ᠋ᠠᠯᠠᠬᠤ ᠵᠢ ᠵᠢᠭ᠋ᠠᠨ ᠵᠢᠯᠤᠭᠤᠳᠴᠤ᠂ ᠣᠩᠭᠣᠴᠠ ᠰᠠᠯ᠎ᠢ ᠳᠠᠩᠰᠠᠯᠠᠬᠤ᠂ ᠪᠠᠢ᠌ᠴᠠᠭ᠋ᠠᠨ ᠰᠢᠯᠭ᠋ᠠᠬᠤ ᠪᠠ ᠣᠩᠭᠤᠴᠠᠴᠢᠨᠤ ᠬᠠᠮᠢᠶᠠᠷᠤᠯᠲᠠ ᠵᠢ ᠵᠢᠭ᠋ᠠᠨ ᠵᠢᠯᠤᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠵᠢ ᠵᠠᠬᠢᠷᠤᠨ ᠬᠠᠮᠢᠶᠠᠷᠬᠤ᠂ ᠬᠣᠯᠪᠤᠭ᠋ᠠᠨ᠎ᠤ ᠠᠶᠠᠯᠠᠯ ᠵᠠᠯᠠᠬᠤ᠂ ᠠᠪᠦᠷᠡᠨ ᠲᠤᠰᠠᠯᠠᠵᠤ ᠱᠦᠭᠦᠬᠦ ᠵᠡᠷᠭᠡ ᠠᠵᠢᠯ᠎ᠢ ᠵᠢᠭ᠋ᠠᠨ ᠵᠢᠯᠤᠭᠤᠳᠤᠨ᠎ᠠ᠃
ᠬᠠᠷᠢᠭᠤᠴᠠᠯᠭ᠋ᠠᠲᠠᠨ᠄ ᠭᠦᠸᠸ ᠶᠢᠩ
ᠠᠯᠪᠠᠨ ᠬᠠᠶᠢᠭ ᠄ ᠬᠦᠬᠡᠬᠤᠲᠠ ᠵᠢᠨ ᠰᠠᠢ᠌ᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠨᠣᠮᠧᠷ ᠳ᠋ᠤᠭ᠋ᠠᠷ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ᠎ᠤᠨ 7 ᠳ᠋ᠤᠭ᠋ᠠᠷ ᠳᠠᠪᠬᠤᠷ
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂ 14᠄ 30 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ
ᠬᠠᠷᠢᠯᠴᠠᠬᠤ ᠤᠲᠠᠰᠤ᠄ 0471-6956455 0471-6968738