ᠠᠵᠢᠯ ᠲᠦᠷᠦᠯ᠎ᠤᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠎ᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯᠠᠯ ᠵᠠᠮ᠂ ᠤᠰᠤᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠤᠭᠤᠯᠵᠤ ᠲᠣᠬᠢᠷᠠᠭᠤᠯᠬᠤ ᠠᠷᠭ᠎ᠠ ᠬᠡᠮᠵᠢᠶ᠎ᠠ ᠵᠢ ᠲᠣᠭᠤᠷᠪᠢᠵᠤ᠂ ᠦᠪᠡᠷᠲᠡᠭᠡᠨ ᠵᠠᠰᠠᠬᠤ ᠤᠷᠤᠨ᠎ᠤ ᠪᠡᠯᠡ ᠣᠷᠤᠭᠤᠯᠤᠯᠲᠠ ᠵᠢᠨ ᠲᠦᠷᠦᠯ ᠵᠤᠢ᠌ᠯ᠎ᠤᠨ ᠪᠡᠯᠡ ᠮᠦᠩᠭᠦ ᠵᠢ ᠬᠤᠷᠠᠮᠳᠤᠭᠤᠯᠤᠨ ᠭᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠡᠭᠦᠷᠭᠡᠯᠡᠵᠦ᠂ ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠵᠢᠭᠡᠯᠡᠯᠭᠡ ᠵᠢᠨ ᠲᠡᠮᠲᠡᠭᠲᠦ ᠲᠠᠷᠬᠠᠭ᠋ᠠᠬᠤ ᠰᠠᠨᠠᠭᠤᠯᠭ᠎ᠠ ᠵᠢ ᠲᠤᠷᠠᠳᠴᠤ᠂ ᠵᠠᠰᠠᠭ᠎ᠤᠨ ᠣᠷᠳᠤᠨ᠎ᠤ ᠴᠢᠨᠠᠷᠲᠠᠢ ᠦᠷᠢ ᠦᠭᠴᠡᠭᠡ ᠵᠢᠨ ᠬᠣᠯᠪᠤᠭᠳᠠᠯ ᠪᠦᠬᠦᠢ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠨ᠎ᠠ᠃ ᠲᠣᠰᠬᠠᠢ ᠪᠡᠯᠡ ᠮᠦᠩᠬᠦ᠂ ᠲᠦᠰᠦᠪ᠎ᠤᠨ ᠲᠣᠬᠢᠷᠠᠭᠤᠯᠤᠯᠲᠠ ᠵᠢᠨ ᠰᠠᠨᠠᠭᠤᠯᠭ᠎ᠠ ᠪᠠ ᠲᠦᠰᠦᠪ᠎ᠤᠨ ᠭᠦᠢ᠍ᠴᠡᠳᠭᠡᠯ᠎ᠢ ᠨᠠᠢ᠌ᠷᠠᠭᠤᠯᠤᠨ ᠵᠣᠬᠢᠶᠠᠬᠤ᠂ ᠵᠠᠰᠠᠭ᠎ᠤᠨ ᠣᠷᠳᠤᠨ᠎ᠤ ᠬᠤᠳᠠᠯᠳᠤᠨ ᠠᠪᠬᠤ᠂ ᠢᠲᠡᠭᠡᠮᠵᠢᠲᠤ ᠵᠢᠭᠡᠯᠡᠯᠭᠡ᠂ ᠭᠠᠳᠠᠭ᠋ᠠᠲᠤ ᠪᠡᠯᠡ ᠵᠢ ᠠᠰᠢᠭᠯᠠᠬᠤ ᠵᠡᠷᠭᠡ ᠠᠵᠢᠯ᠎ᠢ ᠡᠭᠦᠷᠭᠡᠯᠡᠨ᠎ᠡ᠃ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠦᠷᠲᠡᠭ᠎ᠢ ᠪᠠᠲᠤᠯᠠᠵᠤ ᠦᠷᠲᠡᠭ᠎ᠢ ᠨᠡᠮᠡᠭᠲᠡᠬᠦᠯᠬᠦ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠠᠵᠢᠯ ᠲᠦᠷᠦᠯ᠎ᠤᠨ ᠲᠣᠲᠤᠭ᠋ᠠᠲᠤ ᠵᠢᠨ ᠬᠢᠨᠠᠨ ᠪᠣᠲᠤᠬᠤ ᠠᠵᠢᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃ ᠪᠠᠢ᠌ᠭᠤᠯᠭ᠎ᠠ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠬᠠᠷᠢᠶ᠎ᠠ ᠨᠢᠭᠡᠴᠢ ᠵᠢᠨ ᠡᠳ᠋᠎ᠤᠨ ᠶᠠᠪᠤᠳᠠᠯ᠎ᠤᠨ ᠠᠵᠢᠯ᠎ᠢ ᠵᠢᠭ᠋ᠠᠨ ᠵᠢᠯᠤᠭᠤᠳᠤᠨ᠎ᠠ᠃
ᠬᠠᠷᠢᠭᠤᠴᠠᠯᠭ᠋ᠠᠲᠠᠨ᠄ ᠯᠢᠶᠠᠩ ᠵᠧᠨ ᠪᠥᠸᠧ
ᠠᠯᠪᠠᠨ ᠬᠠᠶᠢᠭ : ᠬᠦᠬᠡᠬᠤᠲᠠ ᠵᠢᠨ ᠰᠠᠢ᠌ᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ᠎ᠤᠨ 9 ᠳ᠋ᠤᠭ᠋ᠠᠷ ᠳᠠᠪᠬᠤᠷ
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠷᠯᠦᠭᠡ ᠵᠢᠨ 9᠄ 00— 12᠄ 00᠂ ᠦᠳᠡ ᠵᠢᠨ ᠬᠣᠶ᠋ᠢᠨᠠᠬᠢ 14᠄ 30—17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ
ᠬᠠᠷᠢᠯᠴᠠᠬᠤ ᠤᠲᠠᠰᠤ᠄ 0471 — 6962208