ᠠᠵᠢᠯ ᠲᠦᠷᠦᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠬᠢᠨᠠᠯᠲᠠ ᠲᠠᠯᠪᠢᠵᠤ ᠵᠢᠭ᠋ᠠᠨ ᠵᠢᠯᠤᠭᠤᠳᠬᠤ ᠠᠵᠢᠯ᠎ᠢ ᠬᠠᠷᠢᠭᠤᠴᠠᠵᠤ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠢ ᠲᠣᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠲᠦᠷᠦᠯ᠎ᠤᠨ ᠲᠦᠯᠦᠪᠯᠡᠭᠡ ᠵᠢ ᠲᠣᠭᠤᠷᠪᠢᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠤᠢ᠌ᠯ᠎ᠤᠨ ᠰᠣᠳᠤᠯᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠣᠪᠢᠷᠠᠭᠤᠯᠬᠤ ᠪᠠ ᠲᠡᠯᠭᠡᠷᠡᠭᠦᠯᠦᠨ ᠬᠡᠷᠡᠭᠯᠡᠬᠦ ᠵᠢ ᠵᠣᠬᠢᠴᠠᠭᠤᠯᠤᠨ᠎ᠠ᠃ ᠪᠠᠢ᠌ᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠮᠡᠳᠡᠭᠡ ᠵᠠᠩᠬᠢᠴᠢᠯᠠᠯᠲᠠ ᠵᠢᠨ ᠪᠠᠢ᠌ᠭᠤᠯᠤᠯᠲᠠ ᠵᠢ ᠵᠢᠭ᠋ᠠᠨ ᠵᠢᠯᠤᠭᠤᠳᠤᠨ᠎ᠠ᠃ ᠪᠠᠷᠢᠮᠵᠢᠶᠠᠵᠢᠭᠰᠠᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠠᠵᠢᠯ ᠲᠦᠷᠦᠯ᠎ᠤᠨ ᠦᠢ᠍ᠯᠡᠳᠬᠦᠨ᠎ᠤ ᠶᠠᠰᠤ ᠴᠢᠨᠠᠷ ᠪᠣᠯᠤᠨ ᠬᠡᠮᠵᠢᠯᠲᠡ ᠵᠢᠨ ᠭᠡᠷᠡᠴᠢᠯᠡᠯ᠎ᠤᠨ ᠬᠠᠮᠢᠶᠠᠷᠤᠯᠲᠠ ᠵᠢᠨ ᠠᠵᠢᠯ᠎ᠢ ᠵᠢᠭ᠋ᠠᠨ ᠵᠢᠯᠤᠭᠤᠳᠤᠨ᠎ᠠ᠃
ᠬᠠᠷᠢᠭᠤᠴᠠᠯᠭ᠋ᠠᠲᠠᠨ᠄ ᠢᠦᠢ ᠭᠤᠸᠠᠨ ᠨᠠᠨ
ᠠᠯᠪᠠᠨ ᠬᠠᠶᠢᠭ ᠄ ᠬᠦᠬᠡᠬᠤᠲᠠ ᠵᠢᠨ ᠰᠠᠢ᠌ᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ᠎ᠤᠨ 6 ᠳ᠋ᠤᠭ᠋ᠠᠷ ᠳᠠᠪᠬᠤᠷ
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00—12᠄ 00᠂ 14᠄ 30—17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ
ᠬᠠᠷᠢᠯᠴᠠᠬᠤ ᠤᠲᠠᠰᠤ᠄ 0471 — 6968977