ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠪᠠᠶ᠋ᠢᠭᠤᠯᠤᠮᠵᠢ   -   ᠪᠠᠶ᠋ᠢᠭᠤᠯᠣᠮᠵᠢ᠎ᠶᠢᠨ ᠪᠠᠶ᠋ᠢᠷᠢᠯᠠᠭᠤᠯᠣᠯᠲᠠ
ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠠᠵᠠᠷ
ᠨᠡᠶ᠋ᠢᠲᠡᠯᠡᠭᠰᠡᠨ ᠴᠠᠭ᠄ 2024-12-19

    ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠬᠡ ᠲᠥᠷᠥᠯ ᠵᠦᠢ᠍ᠯ᠎ᠢ ᠵᠣᠬᠢᠴᠠᠭᠤᠯᠬᠤ ᠪᠠ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠲᠣᠭᠲᠠᠭ᠋ᠠᠭᠰᠠᠨ ᠡᠷᠬᠡ ᠮᠡᠳᠡᠯ ᠵᠶ᠋ᠠᠷ ᠵᠶ᠋ᠠᠨ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠪᠦᠲᠦᠭᠡᠨ ᠪᠠᠢ᠌ᠭᠤᠯᠤᠯᠲᠠ ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠠᠵᠠᠷ᠎ᠢ ᠬᠠᠷᠢᠭᠤᠴᠠᠨ᠎ᠠ᠃
    ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠲᠣᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠥᠭᠵᠢᠯᠲᠡ ᠵᠢᠨ ᠪᠠᠶ᠋ᠢᠳᠠᠯ᠎ᠢ ᠶᠡᠷᠦᠩᠬᠡᠶ᠋ᠢᠯᠡᠨ ᠵᠠᠳᠠᠯᠵᠤ᠂ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ᠎ᠤ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠬᠡᠪᠴᠢᠶ᠎ᠡ ᠪᠠ ᠴᠢᠭᠯᠡᠯ᠂ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠦ ᠵᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠥᠷᠥᠯ ᠵᠦᠢ᠍ᠯ ᠪᠠᠶ᠋ᠢᠭᠤᠯᠬᠤ᠎ᠳᠤ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠬᠢᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠠᠵᠢᠯ᠎ᠢ ᠲᠦᠷᠦᠭᠦᠯᠡᠨ ᠬᠢᠨ᠎ᠡ᠃ ᠣᠷᠣᠨ ᠨᠤᠲᠤᠭ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠷᠬᠡ ᠮᠡᠳᠡᠯ᠎ᠤᠨ ᠬᠡᠪᠴᠢᠶ᠎ᠡ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠎ᠤᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ ᠪᠠ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠠᠵᠢᠯ᠎ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠳᠤ ᠬᠢᠨᠠᠯᠲᠠ ᠲᠠᠯᠪᠢᠨ ᠵᠢᠯᠣᠭᠤᠳᠴᠤ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠤᠯᠪᠣᠭᠳᠠᠯ ᠪᠦᠬᠦᠢ ᠬᠠᠮᠢᠶᠠᠷᠤᠯᠲᠠ ᠵᠢᠨ ᠠᠵᠢᠯ᠎ᠢ ᠵᠣᠬᠢᠴᠠᠭᠤᠯᠤᠨ᠎ᠠ᠃ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ ᠣᠷᠴᠢᠨ ᠲᠣᠭᠤᠷᠢᠨ᠎ᠢ ᠵᠠᠰᠠᠬᠤ ᠠᠵᠢᠯ᠎ᠢ ᠲᠦᠷᠦᠭᠦᠯᠡᠨ ᠬᠠᠷᠢᠭᠤᠴᠠᠨ᠎ᠠ᠃
    ᠬᠠᠷᠢᠭᠤᠴᠠᠯᠭ᠋ᠠᠲᠠᠨ᠄ ᠯᠢ ᠴᠣᠤ

    ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠲᠣᠭ᠋ᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2 ᠳ᠋ᠤᠭ᠋ᠠᠷ ᠳᠠᠪᠬᠤᠷᠭ᠎ᠠ
    ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00-12᠄ 00᠂ 14᠄ 00-17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ)
    ᠬᠠᠷᠢᠯᠴᠠᠬᠤ ᠣᠳᠠᠰᠣ᠄ 0471 - 6281921

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠵᠠᠮ ᠬᠠᠷᠢᠯᠴᠠᠭ᠋ᠠᠨ᠎ᠤ ᠭᠠᠵᠠᠷ
 
            