ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠤᠣᠯ ᠱᠢᠵᠢᠮ᠎ᠢ ᠪᠠᠲᠤ ᠡᠵᠡᠮᠳᠡᠵᠦ᠍᠂ ᠲᠡᠭᠦᠨ᠎ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠢ ᠭᠦᠢᠴᠡᠳᠭᠡᠬᠦ᠌ ᠡᠯ᠎ᠡ ᠲᠠᠯ᠎ᠠ ᠪᠠ ᠪᠦᠬᠦ᠌ ᠶᠠᠪᠤᠴᠠ᠎ᠳᠤ ᠲᠤᠭᠤᠰᠢᠯᠠᠭᠤᠯᠤᠨ᠎ᠠ᠃ ᠭᠣᠤᠯ ᠡᠭᠦᠷᠭᠡ ᠬᠠᠷᠢᠭᠤᠴᠠᠯᠭ᠎ᠠ ᠨᠢ ᠄
1. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠲᠡᠭᠡᠭᠡᠪᠦᠷᠢ᠎ᠶ᠋ᠢᠨ ᠱᠢᠰᠲ᠋ᠧᠮᠵᠢ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠤᠯ ᠵᠢᠴᠢ ᠴᠢᠬᠤᠯᠠ ᠶᠡᠭᠡ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠮᠡᠷᠭᠡᠵᠢᠯ᠎ᠤᠨ ᠲᠤᠯᠭᠠᠭᠤᠷᠢᠯᠠᠯ ᠪᠠ ᠲᠤᠰᠠᠯᠠᠬᠤ ᠠᠵᠢᠯ᠎ᠢ ᠥᠷᠨᠢᠭᠦᠯᠦᠨ᠎ᠡ;
2. ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭ᠌ᠰᠡᠨ ᠵᠠᠮ ᠬᠠᠷᠢᠯᠴᠠᠭ᠎ᠠ᠂ ᠠᠵᠤ ᠠᠬᠤᠶ ᠬᠢᠭᠡᠳ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ ᠵᠡᠷᠭᠡ ᠰᠤᠳᠤᠯᠭᠠᠨ᠎ᠤ ᠠᠵᠢᠯ᠎ᠢ ᠥᠷᠨᠢᠭᠦᠯᠦᠨ᠎ᠡ; ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠣᠤᠷ᠂ ᠲᠡᠭᠡᠭᠡᠪᠦᠷᠢ᠎ᠶ᠋ᠢᠨ ᠵᠠᠩᠭᠢᠯᠠᠭ᠎ᠠ᠂ ᠰᠠᠭᠤᠷᠢ ᠪᠡᠯᠡᠳᠭᠡᠮᠵᠢ᠎ᠶ᠋ᠢᠨ ᠪᠠᠢᠷᠢᠯᠠᠭᠤᠯᠤᠯᠲᠠ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ ᠵᠡᠷᠭᠡ ᠳᠦᠷᠢᠮ᠂ ᠪᠠᠷᠢᠮᠵᠢᠶ᠎ᠠ᠂ ᠵᠢᠷᠤᠮᠵᠢᠯ᠂ ᠮᠡᠷᠭᠡᠵᠢᠯ᠎ᠤᠨ ᠰᠤᠳᠤᠯᠭᠠᠨ᠎ᠤ ᠠᠵᠢᠯ᠎ᠢ ᠡᠭᠦᠷᠭᠡᠯᠡᠨ᠎ᠡ;
3. ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠬᠡᠷᠡᠭ᠌ᠯᠡᠭᠡᠨ᠎ᠤ ᠰᠠᠭᠤᠷᠢ᠂ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ᠎ᠤᠨ ᠰᠤᠳᠤᠯᠭᠠᠨ᠎ᠤ ᠠᠵᠢᠯ᠎ᠢ ᠥᠷᠨᠢᠭᠦᠯᠦᠨ᠎ᠡ; ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠠᠮᠢᠶᠠᠷᠤᠯᠲᠠ᠂ ᠦᠷ᠎ᠡ ᠪᠦᠲᠦᠭᠡᠯ᠎ᠢ ᠳᠡᠯᠭᠡᠷᠡᠭᠦᠯᠬᠦ᠂ ᠪᠠᠷᠢᠮᠵᠢᠶᠠᠵᠢᠭᠤᠯᠬᠤ ᠪᠠ ᠴᠢᠳᠠᠪᠤᠷᠢᠲᠠᠨ᠎ᠢ ᠨᠡᠭᠡᠭᠡᠨ ᠬᠥᠭ᠌ᠵᠢᠭᠦᠯᠬᠦ᠌ ᠮᠡᠷᠭᠡᠵᠢᠯ᠎ᠤᠨ ᠲᠤᠯᠭᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ; 《ᠥᠪᠥᠷ ᠮᠣᠩᠭᠤᠯ᠎ᠤᠨ ᠵᠠᠰᠠᠮᠠᠯ ᠵᠠᠮ ᠬᠢᠭᠡᠳ ᠲᠡᠭᠡᠭᠡᠪᠦᠷᠢ》 ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠤᠭᠤᠴᠠᠭᠠᠨ᠎ᠤ ᠰᠡᠳᠬᠦᠯ᠎ᠤᠨ ᠬᠡᠪᠯᠡᠯ᠎ᠤᠨ ᠠᠵᠢᠯ᠎ᠢ ᠡᠭᠦᠷᠭᠡᠯᠡᠨ᠎ᠡ;
4. ᠵᠠᠰᠠᠮᠠᠯ ᠵᠠᠮ ᠤᠰᠤᠨ ᠵᠠᠮ᠎ᠤᠨ ᠢᠨᠵᠸᠨ᠋ᠸᠷᠢᠩ᠎ᠦᠨ ᠠᠵᠢᠯ ᠳᠠᠭᠤᠰᠴᠤ᠌ ᠱᠢᠯᠭᠠᠨ ᠠᠪᠴᠤ᠌ ᠪᠠᠢᠴᠠᠭᠠᠨ ᠬᠡᠮᠵᠢᠬᠦ᠂ ᠱᠢᠯᠭᠠᠨ ᠦᠨᠡᠯᠡᠬᠦ᠌ ᠴᠢᠨᠠᠷᠲᠠᠶ ᠪᠠᠢᠴᠠᠭᠠᠨ ᠬᠡᠮᠵᠢᠬᠦ᠌ ᠠᠵᠢᠯ᠎ᠢ ᠥᠷᠨᠢᠭᠦᠯᠦᠨ᠎ᠡ; ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠢᠨᠠᠨ ᠬᠡᠮᠵᠢᠬᠦ᠌ ᠠᠵᠢᠯ᠂ ᠪᠠᠷᠢᠯᠭ᠎ᠠ᠎ᠶ᠋ᠢᠨ ᠲᠥᠬᠦᠭᠡᠷᠦᠮᠵᠢ᠎ᠶ᠋ᠢ ᠬᠡᠮᠵᠢᠨ ᠲᠣᠭ᠍ᠲᠠᠭᠠᠵᠤ ᠬᠢᠨᠠᠨ ᠲᠣᠭ᠍ᠲᠠᠭᠠᠬᠤ ᠠᠵᠢᠯ᠎ᠢ ᠡᠭᠦᠷᠭᠡᠯᠡᠵᠦ᠍᠂ ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ᠎ᠶ᠋ᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠ ᠬᠢᠨᠠᠨ ᠲᠣᠭ᠍ᠲᠠᠭᠠᠬᠤ ᠮᠡᠷᠭᠡᠵᠢᠯ᠎ᠤᠨ ᠲᠤᠯᠭᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠲᠤᠱᠢᠶᠠᠭ᠍ᠰᠠᠨ ᠪᠤᠰᠤᠳ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ;
5. ᠦᠷᠭᠦᠯᠵᠢᠯᠡᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠭᠠᠨ ᠪᠠ ᠴᠢᠳᠠᠪᠤᠷᠢᠲᠠᠨ᠎ᠤ ᠡᠩᠨᠡᠭᠡ᠎ᠶ᠋ᠢ ᠬᠥᠮᠦᠵᠢᠭᠦᠯᠬᠦ᠌ ᠵᠢᠴᠢ ᠬᠠᠮᠢᠶ᠎ᠠ ᠪᠥᠬᠦᠶ ᠪᠣᠯᠪᠠᠰᠤᠷᠠᠯ᠎ᠤᠨ ᠠᠵᠢᠯ᠎ᠢ ᠥᠷᠨᠢᠭᠦᠯᠦᠨ᠎ᠡ; ᠣᠯᠠᠨ ᠤᠯᠤᠰ᠎ᠤᠨ ᠵᠠᠮ ᠬᠠᠷᠢᠯᠴᠠᠭᠠᠨ᠎ᠤ ᠰᠠᠭᠤᠷᠢ ᠪᠡᠯᠡᠳᠭᠡᠮᠵᠢ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠴᠢᠬᠤᠯᠠ ᠶᠡᠭᠡ ᠮᠡᠷᠭᠡᠵᠢᠯ᠎ᠤᠨ ᠪᠡᠷᠬᠡ ᠰᠡᠳᠦᠪ᠎ᠢ ᠰᠤᠳᠤᠯᠬᠤ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠦᠷ᠎ᠡ ᠪᠦᠲᠦᠭᠡᠯ᠎ᠢ ᠳᠡᠯᠭᠡᠷᠡᠭᠦᠯᠬᠦ᠌ ᠠᠵᠢᠯ᠎ᠢ ᠡᠭᠦᠷᠭᠡᠯᠡᠨ᠎ᠡ; ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ ᠪᠠ ᠱᠢᠨ᠎ᠡ ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠶ᠎ᠶ᠋ᠢᠨ ᠬᠥᠭᠦᠷᠭᠡ ᠳᠠᠭᠠᠤ᠎ᠶ᠋ᠢᠨ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠂ ᠲᠥᠬᠦᠮ ᠲᠡᠭᠡᠭᠡᠪᠦᠷᠢ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠤ ᠰᠤᠳᠤᠯᠭᠠᠨ᠎ᠤ ᠠᠵᠢᠯ᠎ᠢ ᠡᠭᠦᠷᠭᠡᠯᠡᠨ᠎ᠡ; ᠦᠷᠭᠦᠯᠵᠢᠯᠡᠬᠦ᠌ ᠵᠠᠮ ᠬᠠᠷᠢᠯᠴᠠᠭᠠᠨ᠎ᠤ ᠬᠤᠯᠪᠣᠭ᠍ᠳᠠᠯ ᠪᠥᠬᠦᠶ ᠣᠯᠠᠨ ᠤᠯᠤᠰ᠎ᠤᠨ ᠨᠡᠢᠲᠡ᠎ᠶ᠋ᠢᠨ ᠭᠡᠷ᠎ᠡ ᠪᠠ ᠪᠠᠷᠢᠮᠵᠢᠶ᠎ᠠ ᠲᠦᠷᠢᠮ᠎ᠤᠨ ᠰᠤᠳᠤᠯᠭᠠᠨ᠎ᠤ ᠠᠵᠢᠯ᠎ᠳᠤ ᠣᠷᠣᠯᠴᠠᠨ᠎ᠠ;
6. ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠲᠤᠱᠢᠶᠠᠭ᠍ᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠢᠭᠤᠯᠤᠮᠵᠢ᠎ᠶ᠋ᠢᠨ ᠲᠣᠬᠢᠷᠠᠭᠤᠯᠤᠯᠲᠠ᠄ ᠠᠯᠪᠠᠨ ᠬᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠵᠠᠮ ᠬᠠᠷᠢᠯᠴᠠᠭᠠᠨ᠎ᠤ ᠪᠠᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠰᠤᠳᠤᠯᠬᠤ ᠭᠠᠵᠠᠷ᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠰᠤᠳᠤᠯᠬᠤ ᠭᠠᠵᠠᠷ᠂ ᠤᠶᠤᠨᠴᠢ ᠵᠠᠮ ᠬᠠᠷᠢᠯᠴᠠᠭᠠᠨ᠎ᠤ ᠰᠤᠳᠤᠯᠭᠠᠨ᠎ᠤ ᠭᠠᠵᠠᠷ᠂ ᠲᠤᠤᠷ᠎ᠠ ᠨᠡᠭᠦᠷᠡᠰᠦᠲᠥ᠋ᠷᠥᠭ᠌ᠴᠢᠲᠤ ᠵᠠᠮ ᠬᠠᠷᠢᠯᠴᠠᠭᠠᠨ᠎ᠤ ᠰᠤᠳᠤᠯᠭᠠᠨ᠎ᠤ ᠭᠠᠵᠠᠷ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭᠠᠨ᠎ᠤ ᠭᠠᠵᠠᠷ᠂ ᠢᠨᠵᠧᠨᠧᠷᠢᠩ᠎ᠤᠨ ᠶᠠᠰᠤ ᠴᠢᠨᠠᠷ᠎ᠢ ᠪᠠᠢᠴᠠᠭᠠᠨ ᠬᠡᠮᠵᠢᠬᠦ᠌ ᠭᠠᠵᠠᠷ᠂ ᠢᠨᠵᠸᠨ᠋ᠸᠷᠢᠩ᠎ᠦᠨ ᠲᠥᠬᠦᠭᠡᠷᠦᠮᠵᠢ᠎ᠶ᠋ᠢᠨ ᠬᠡᠮᠵᠢᠯᠲᠡ᠎ᠶ᠋ᠢᠨ ᠭᠠᠵᠠᠷ᠂ ᠰᠠᠭᠤᠷᠢ ᠲᠥᠬᠦᠭᠡᠷᠦᠮᠵᠢ᠎ᠶ᠋ᠢᠨ ᠬᠤᠯᠪᠣᠭᠠᠯᠠᠨ ᠨᠡᠪᠲᠡᠷᠡᠭᠦᠯᠬᠦ᠌᠎ᠶ᠋ᠢ ᠠᠬᠢᠭᠤᠯᠬᠤ ᠰᠤᠳᠤᠯᠭᠠᠨ᠎ᠤ ᠭᠠᠵᠠᠷ᠂ ᠪᠠᠷᠠᠭᠠᠨ᠎ᠤ ᠭᠦᠢᠯᠭᠡᠭᠡᠨ᠎ᠤ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠠᠬᠢᠭᠤᠯᠬᠤ ᠰᠤᠳᠤᠯᠭᠠᠨ᠎ᠤ ᠭᠠᠵᠠᠷ᠂ ᠣᠯᠠᠨ ᠤᠯᠤᠰ᠎ᠤᠨ ᠨᠡᠢᠲᠡ᠎ᠶ᠋ᠢᠨ ᠭᠡᠷ᠎ᠡ ᠬᠢᠭᠡᠳ ᠪᠠᠷᠢᠮᠵᠢᠶᠠᠵᠢᠯ᠎ᠤᠨ ᠲᠦᠷᠢᠮ᠎ᠤᠨ ᠰᠤᠳᠤᠯᠬᠤ ᠭᠠᠵᠠᠷ᠃
ᠠᠯᠪᠠᠯᠠᠬᠤ ᠬᠠᠶᠢᠭ᠄ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠵᠢᠷᠢᠮ ᠵᠠᠮ᠎ᠤᠨ ᠬᠤᠢᠲᠤ ᠡᠭᠦᠳᠡ
ᠠᠯᠪᠠᠯᠠᠬᠤ ᠴᠠᠭ᠄ ᠠᠵᠢᠯᠯᠠᠬᠤ ᠡᠳᠦᠷ᠎ᠤᠨ 9᠄ 00 -12᠄ 00᠂ 14᠄ 30-17᠄ 30
ᠬᠠᠷᠢᠯᠴᠠᠬᠤ ᠠᠷᠭ᠎ᠠ᠄ 0471 - 6536771
ᠬᠠᠷᠢᠭᠤᠴᠠᠯᠭ᠋ᠠᠲᠠᠨ᠄ ᠵᠠᠩ ᠯᠧ