ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠪᠠᠲᠤ ᠡᠵᠡᠮᠳᠡᠵᠦ᠂ ᠲᠡᠭᠦᠨ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠢ ᠭᠦᠢ᠍ᠴᠡᠳᠬᠡᠬᠦ ᠡᠯ᠎ᠡ ᠲᠠᠯ᠎ᠠ ᠪᠠ ᠪᠦᠬᠦ ᠶᠠᠪᠤᠴᠠ᠎ᠳᠤ ᠲᠣᠭᠤᠰᠢᠯᠠᠭᠤᠯᠤᠨ᠎ᠠ᠃ ᠭᠣᠤᠯ ᠡᠭᠦᠷᠭᠡ ᠬᠠᠷᠢᠭᠤᠴᠠᠯᠭ᠎ᠠ᠎ᠨᠢ᠄
ᠨᠢᠭᠡ᠂ ᠵᠠᠰᠠᠮᠠᠯ ᠵᠠᠮ ᠤᠰᠤᠨ ᠵᠠᠮ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ ᠤ ᠬᠠᠤᠯᠢ ᠬᠡᠷᠡᠭᠵᠢᠭᠦᠯᠬᠦ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠵᠢ ᠲᠤᠭᠤᠷᠪᠢᠬᠤ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠤᠰᠤᠨ ᠵᠠᠮ᠎ᠤᠨ ᠦᠢ᠍ᠯᠡᠰ᠎ᠤᠨ ᠬᠥᠭᠵᠢᠯᠲᠡ ᠵᠢᠨ ᠬᠠᠮᠢᠶ᠎ᠠ ᠪᠥᠬᠦᠶ ᠲᠥᠯᠥᠪᠵᠢᠭᠦᠯᠭᠡ ᠵᠢ ᠳᠤᠭᠤᠷᠪᠢᠨ ᠲᠣᠭᠲᠠᠭ᠋ᠠᠬᠤ᠎ᠳᠤ ᠣᠷᠣᠯᠴᠠᠨ᠎ᠠ᠃
ᠬᠤᠶᠠᠷ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠮᠡᠳᠡᠯ᠎ᠤᠨ ᠳᠣᠲᠣᠷᠠᠬᠢ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠶᠠᠪᠤᠳᠠᠯ᠂ ᠬᠡᠮᠵᠢᠶ᠎ᠡ᠎ᠠᠴᠠ ᠭᠡᠲᠦᠷᠡᠭᠦᠯᠦᠭᠰᠡᠨᠢ ᠵᠠᠰᠠᠬᠤ᠂ ᠰᠦᠢ᠍ᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠥᠷᠨᠢᠭᠦᠯᠦᠨ᠎ᠡ᠃
ᠭᠤᠷᠪᠠ᠂ ᠡᠷᠬᠡ ᠮᠡᠳᠡᠯ᠎ᠤᠨ ᠳᠣᠲᠣᠷᠠᠬᠢ ᠵᠠᠰᠠᠮᠠᠯ ᠵᠠᠮ ᠤᠰᠤᠨ ᠵᠠᠮ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠵᠢᠨ ᠶᠠᠪᠤᠳᠠᠯ᠂ ᠤᠰᠤᠨ ᠵᠠᠮ ᠤᠨ ᠲᠡᠭᠡᠭᠡᠪᠦᠷᠢ ᠵᠢᠨ ᠶᠠᠪᠤᠳᠠᠯ᠂ ᠠᠶᠠᠯᠠᠯ᠎ᠤᠨ ᠵᠠᠮ᠎ᠤᠨ ᠵᠠᠰᠠᠭ ᠵᠠᠬᠢᠷᠭ᠋ᠠᠨ᠂ ᠣᠷᠣᠨ ᠨᠤᠲᠤᠭ᠎ᠤᠨ ᠳᠠᠯᠠᠶ ᠵᠢᠨ ᠶᠠᠪᠤᠳᠠᠯ᠎ᠤᠨ ᠵᠠᠰᠠᠭ ᠵᠠᠬᠢᠷᠭ᠋ᠠᠨ᠂ ᠣᠩᠭᠤᠴᠠ ᠰᠠᠯ᠎ᠢ ᠪᠠᠶ᠋ᠢᠴᠠᠭ᠋ᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
ᠳᠥᠷᠪᠡ᠂ ᠬᠠᠷᠢᠶ᠎ᠠ ᠪᠦᠬᠦᠢ ᠵᠠᠰᠠᠮᠠᠯ ᠵᠠᠮ᠎ᠤᠨ ᠬᠤᠶᠠᠷ ᠬᠠᠵᠠᠭᠤ ᠵᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃
ᠲᠠᠪᠤ᠂ ᠪᠥᠬᠦ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠣᠷᠵᠢᠭᠤᠯᠤᠨ ᠰᠦᠢ᠍ᠳᠭᠡᠯ ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠪᠤᠰᠤᠳ ᠰᠦᠶᠳᠬᠡᠯ ᠬᠤᠷᠢᠶᠠᠬᠤ ᠵᠠᠰᠠᠮᠠᠯ ᠵᠠᠮ᠎ᠤᠨ ᠰᠦᠢ᠍ᠳᠭᠡᠯ ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
ᠵᠢᠷᠭᠤᠭ᠎ᠠ᠂ ᠲᠤᠰ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠵᠢᠷᠤᠮᠵᠢᠯ ᠪᠣᠯᠤᠨ ᠬᠠᠮᠢᠶᠠᠷᠤᠯᠲᠠ ᠵᠢᠨ ᠳᠦᠷᠢᠮ᠎ᠢ ᠰᠤᠳᠤᠯᠤᠨ ᠲᠣᠭᠲᠠᠭ᠋ᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭ᠋ᠠᠬᠤ ᠵᠡᠷᠭᠡ ᠠᠵᠢᠯ ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠳᠣᠯᠤᠭ᠎ᠠ᠂ ᠲᠢᠩᠬᠢᠮ᠎ᠤᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠢ ᠬᠢᠨᠠᠨ ᠬᠡᠮᠵᠢᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠤᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
ᠨᠠᠢ᠍ᠮᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠄ ᠳᠣᠲᠣᠭ᠋ᠠᠳᠤ᠎ᠳᠤ᠎ᠪᠠᠨ 15 ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ ᠲᠣᠬᠢᠷᠠᠭᠤᠯᠵᠤ᠄ ᠠᠯᠪᠠᠨ ᠬᠡᠷ᠂ ᠠᠵᠢᠯᠲᠠᠨ᠎ᠤ ᠰᠠᠯᠠᠭ᠎ᠠ (ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ)᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠠᠰᠤᠭ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠵᠠᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠰᠠᠯᠠᠭ᠎ᠠ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠵᠢᠨ ᠶᠠᠪᠤᠳᠠᠯ᠎ᠤᠨ ᠰᠠᠯᠠᠭ᠎ᠠ᠂ ᠤᠰᠤᠨ ᠲᠡᠭᠡᠭᠡᠪᠦᠷᠢ ᠵᠢᠨ ᠲᠡᠯᠡᠶ ᠵᠢᠨ ᠶᠠᠪᠤᠳᠠᠯ᠎ᠤᠨ ᠣᠩᠭᠤᠴᠠ ᠪᠠᠶ᠋ᠢᠴᠠᠭ᠋ᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠵᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠬᠢᠭᠡᠳ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠪᠣᠯᠤᠨ᠎ᠠ᠃
ᠶᠡᠷᠦᠩᠬᠡᠶ ᠠᠩᠭᠢ ᠵᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠶ᠋ᠢᠯᠠᠪᠠᠯ ᠨᠢᠭᠡᠳᠦᠭᠡᠷ ᠰᠠᠯᠪᠤᠷᠢ ᠠᠩᠭᠢ᠂ ᠬᠤᠶᠠᠳᠤᠭ᠋ᠠᠷ ᠰᠠᠯᠪᠤᠷᠢ ᠠᠩᠭᠢ ᠁ ᠭᠡᠬᠦ ᠮᠡᠲᠦ᠎ᠪᠠᠷ ᠠᠷᠪᠠᠨ ᠭᠤᠷᠪᠠᠳᠤᠭ᠋ᠠᠷ ᠰᠠᠯᠪᠤᠷᠢ ᠠᠩᠭᠢ ᠬᠦᠷᠲᠡᠯ᠎ᠡ ᠪᠠᠶ᠋ᠢᠵᠤ᠂ ᠳᠡᠳ᠋ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
13 ᠰᠠᠯᠪᠤᠷᠢ ᠠᠩᠭᠢ ᠵᠢᠨ ᠳᠣᠣᠷ᠎ᠠ᠎ᠨᠢ 158 ᠶᠡᠭᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭ᠋ᠠᠨ᠎ᠤ ᠳᠡᠰ ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
13 ᠰᠠᠯᠪᠤᠷᠢ ᠠᠩᠭᠢ᠎ᠨᠢ ᠲᠣᠰ ᠲᠣᠰ ᠵᠢᠩᠬᠢᠨᠢ ᠰᠠᠯᠠᠭ᠋ᠠᠨ᠎ᠤ ᠲᠠᠰ᠎ᠲᠠᠢ ᠲᠡᠩᠴᠡᠬᠦ 9 ᠳᠣᠲᠣᠭ᠋ᠠᠳᠤ ᠪᠠᠶ᠋ᠢᠭᠤᠯᠤᠮᠵᠢ ᠲᠣᠬᠢᠷᠠᠭᠤᠯᠵᠤ᠂ ᠲᠤᠬᠠᠶ᠋ᠢᠯᠠᠪᠠᠯ᠄ ᠠᠯᠪᠠᠨ ᠬᠡᠷ᠂ ᠠᠵᠢᠯᠲᠠᠨ᠎ᠤ ᠰᠠᠯᠠᠭ᠎ᠠ (ᠨᠠᠮ ᠪᠠ ᠣᠯᠠᠨ ᠲᠦᠮᠡᠨ ᠤ ᠠᠵᠢᠯ᠎ᠤᠨ ᠰᠠᠯᠠᠭ᠎ᠠ)᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠠᠰᠤᠭ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠰᠠᠯᠠᠭ᠎ᠠ᠂ ᠡᠳ᠋᠎ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠵᠢᠨ ᠰᠠᠯᠠᠭ᠎ᠠ᠂ ᠵᠠᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠰᠠᠯᠠᠭ᠎ᠠ᠂ ᠰᠦᠢ᠍ᠳᠭᠡᠯ ᠬᠤᠷᠢᠶᠠᠬᠤ ᠬᠠᠮᠢᠶᠠᠷᠤᠯᠲᠠ ᠵᠢᠨ ᠰᠠᠯᠠᠭ᠎ᠠ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠪᠣᠯᠤᠨ᠎ᠠ᠃
ᠠᠯᠪᠠᠯᠠᠬᠤ ᠬᠠᠶᠢᠭ᠄ ᠬᠥᠬᠡᠬᠤᠲᠠ ᠵᠢᠨ ᠢᠦᠶ ᠴᠢᠤᠸᠠᠨ ᠲᠣᠭᠤᠷᠢᠭ᠎ᠤᠨ ᠣᠷᠳᠣᠰ ᠶᠡᠭᠡ ᠵᠡᠭᠡᠯᠢ ᠵᠢᠨ ᠱ᠌ᠢ ᠳ᠋ᠦᠩ ᠵᠠᠮ᠎ᠤᠨ 6 ᠳ᠋ᠤᠭ᠋ᠠᠷ ᠨᠣᠮᠧᠷ
ᠠᠯᠪᠠᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂ 14᠄ 30 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ
ᠬᠠᠷᠢᠯᠴᠠᠬᠤ ᠤᠲᠠᠰᠤ᠄ ᠶᠡᠷᠦᠩᠬᠡᠶ ᠠᠩᠭᠢ᠄ 0471 - 6397766
ᠨᠢᠭᠡᠳᠦᠭᠡᠷ ᠰᠠᠯᠪᠤᠷᠢ ᠠᠩᠭᠢ᠄ 0471 - 5974288
ᠬᠤᠶᠠᠳᠤᠭ᠋ᠠᠷ ᠰᠠᠯᠪᠤᠷᠢ ᠠᠩᠭᠢ᠄ 0472 - 3123844
ᠭᠤᠷᠪᠠᠳᠤᠭ᠋ᠠᠷ ᠰᠠᠯᠪᠤᠷᠢ ᠠᠩᠭᠢ᠄ 0470 - 8222589
ᠳᠥᠷᠪᠡᠳᠦᠭᠡᠷ ᠰᠠᠯᠪᠤᠷᠢ ᠠᠩᠭᠢ᠄ 0482 - 8214328
ᠲᠠᠪᠤᠳᠤᠭ᠋ᠠᠷ ᠰᠠᠯᠪᠤᠷᠢ ᠠᠩᠭᠢ᠄ 0475 - 8240175
ᠵᠢᠷᠭᠤᠳᠤᠭ᠋ᠠᠷ ᠰᠠᠯᠪᠤᠷᠢ ᠠᠩᠭᠢ᠄ 0476 - 8302039
ᠳᠣᠯᠣᠳᠤᠭ᠋ᠠᠷ ᠰᠠᠯᠪᠤᠷᠢ ᠠᠩᠭᠢ᠄ 0479 - 8288134
ᠨᠠᠢ᠍ᠮᠠᠳᠤᠭ᠋ᠠᠷ ᠰᠠᠯᠪᠤᠷᠢ ᠠᠩᠭᠢ᠄ 0474 - 8811460
ᠶᠢᠰᠦᠳᠦᠭᠡᠷ ᠰᠠᠯᠪᠤᠷᠢ ᠠᠩᠭᠢ᠄ 0477 - 2290750
ᠠᠷᠪᠠᠳᠤᠭ᠋ᠠᠷ ᠰᠠᠯᠪᠤᠷᠢ ᠠᠩᠭᠢ᠄ 0478 - 8761992
ᠠᠷᠪᠠᠨ ᠨᠢᠭᠡᠳᠦᠭᠡᠷ ᠰᠠᠯᠪᠤᠷᠢ ᠠᠩᠭᠢ᠄ 0473 - 2042004
ᠠᠷᠪᠠᠨ ᠬᠤᠶᠠᠳᠤᠭ᠋ᠠᠷ ᠰᠠᠯᠪᠤᠷᠢ ᠠᠩᠭᠢ᠄ 0483-8336954
ᠠᠷᠪᠠᠨ ᠭᠤᠷᠪᠠᠳᠤᠭ᠋ᠠᠷ ᠰᠠᠯᠪᠤᠷᠢ ᠠᠩᠭᠢ᠄ 15754914221 (ᠰᠢᠶᠣᠣ ᠯᠢᠩ ᠲᠦᠩ)
ᠬᠠᠷᠢᠭᠤᠴᠠᠯᠭ᠋ᠠᠲᠠᠨ᠄ ᠸᠠᠩ ᠴᠦᠨ ᠯᠸᠢ