ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠪᠠᠲᠤ ᠡᠵᠡᠮᠳᠡᠵᠦ᠂ ᠲᠡᠭᠦᠨ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠢ ᠭᠦᠢ᠍ᠴᠡᠳᠬᠡᠬᠦ ᠡᠯ᠎ᠡ ᠲᠠᠯ᠎ᠠ ᠪᠠ ᠪᠦᠬᠦ ᠶᠠᠪᠤᠴᠠ᠎ᠳᠤ ᠲᠣᠭᠤᠰᠢᠯᠠᠭᠤᠯᠤᠨ᠎ᠠ᠃ ᠭᠣᠤᠯ ᠡᠭᠦᠷᠭᠡ ᠬᠠᠷᠢᠭᠤᠴᠠᠯᠭ᠎ᠠ᠎ᠨᠢ᠄
ᠨᠢᠭᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠠᠵᠢᠯᠯᠠᠭ᠋ᠠᠨ᠎ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠶ᠋ᠢᠲᠡᠯᠡᠬᠦ᠂ ᠵᠠᠰᠠᠭ᠎ᠤᠨ ᠶᠠᠪᠤᠳᠠᠯ᠎ᠤᠨ ᠵᠢᠵᠢᠭᠦᠷ ᠵᠡᠷᠭᠡ ᠲᠤᠬᠠᠶ᠋ᠢᠯᠠᠭᠰᠠᠨ ᠠᠵᠢᠯ᠎ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
ᠬᠤᠶᠠᠷ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠠᠶᠤᠯ ᠭᠠᠮᠰᠢᠭ᠎ᠠᠴᠠ ᠠᠪᠤᠷᠠᠬᠤ᠂ ᠠᠪᠤᠷᠠᠨ ᠲᠤᠰᠠᠯᠠᠵᠤ ᠱᠦᠭᠦᠬᠦ᠂ ᠵᠠᠮ᠎ᠤᠨ ᠨᠡᠪᠲᠡᠷᠡᠬᠦ ᠵᠢ ᠪᠠᠲᠤᠯᠠᠬᠤ᠂ ᠪᠠᠴᠢᠮ ᠲᠡᠭᠡᠭᠡᠪᠦᠷᠢ ᠵᠡᠷᠭᠡ ᠲᠤᠬᠠᠶ᠋ᠢᠯᠠᠭᠰᠠᠨ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠵᠦ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠂ ᠴᠢᠬᠤᠯᠠ ᠴᠠᠭ ᠬᠤᠭᠤᠴᠠᠭ᠎ᠠ᠂ ᠴᠢᠬᠤᠯᠠ ᠠᠵᠢᠯᠯᠠᠭ᠎ᠠ ᠵᠡᠷᠭᠡ ᠰᠡᠷᠭᠡᠭ ᠬᠤᠭᠤᠴᠠᠭ᠋ᠠᠨ᠎ᠳᠠᠬᠢ ᠪᠠᠴᠢᠮ ᠪᠠᠶ᠋ᠢᠳᠠᠯ᠎ᠢ ᠠᠷᠠᠭ᠋ᠠᠴᠠᠭ᠋ᠠᠨ ᠰᠢᠢ᠍ᠳᠪᠦᠷᠢᠯᠡᠬᠦ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
ᠭᠤᠷᠪᠠ᠂ ᠲᠢᠩᠬᠢᠮ᠎ᠤᠨ ᠨᠢᠭᠤᠴᠠ᠎ᠳᠤ ᠬᠤᠯᠪᠣᠭᠳᠠᠬᠤ ᠠᠵᠢᠯᠯᠠᠬᠤ ᠰᠦᠯᠵᠢᠶᠡᠨ᠎ᠤ ᠰᠢᠰᠲ᠋ᠧᠮ᠎ᠤᠨ ᠡᠳᠦᠷ ᠲᠤᠲᠤᠮ᠎ᠤᠨ ᠬᠡᠷᠡᠭᠯᠡᠵᠦ ᠬᠠᠮᠢᠶᠠᠷᠬᠤ ᠠᠵᠢᠯ᠎ᠢ ᠡᠭᠦᠷᠭᠡᠯᠡᠨ᠎ᠡ᠃
ᠳᠥᠷᠪᠡ᠂ ᠠᠵᠢᠯ ᠲᠥᠷᠥᠯ᠎ᠤᠨ ᠦᠶᠯᠡᠴᠢᠯᠡᠭᠡᠨ᠎ᠤ ᠬᠢᠨᠠᠯᠲᠠ ᠲᠠᠯᠪᠢᠬᠤ ᠤᠳᠠᠰᠤ (ᠬᠠᠯᠠᠮᠰᠢᠯ ᠤᠲᠠᠰᠤ) ᠵᠢᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠮᠡᠭᠡ ᠬᠤᠯᠪᠣᠭ᠋ᠠᠨ᠎ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ ᠲᠤᠬᠠᠶ᠋ᠢᠯᠠᠭᠰᠠᠨ ᠠᠵᠢᠯ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠨ᠎ᠡ᠃
ᠲᠠᠪᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠄ ᠠᠯᠪᠠᠨ ᠭᠡᠷ᠂ ᠠᠵᠢᠯᠯᠠᠭ᠋ᠠᠨ᠎ᠢ ᠬᠢᠨᠠᠨ ᠬᠡᠮᠵᠢᠬᠦ ᠰᠠᠯᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠰᠠᠯᠠᠭ᠎ᠠ᠂ ᠪᠠᠲᠤᠯᠠᠭ᠎ᠠ ᠵᠢᠨ ᠦᠢ᠍ᠯᠡᠴᠢᠯᠡᠭᠡᠨ᠎ᠤ ᠰᠠᠯᠠᠭ᠎ᠠ᠃
ᠠᠯᠪᠠᠯᠠᠬᠤ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
ᠠᠯᠪᠠᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂ 14᠄ 30 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠳᠠ ᠵᠢᠨ ᠡᠳᠦᠷ ᠪᠠᠭᠲᠠᠬᠤ ᠦᠭᠡᠢ
ᠬᠠᠷᠢᠯᠴᠠᠬᠤ ᠤᠲᠠᠰᠤ᠄ 0471-6936998
ᠬᠠᠷᠢᠭᠤᠴᠠᠯᠭ᠋ᠠᠲᠠᠨ᠄ ᠯᠢᠦ ᠠᠢ ᠵᠢᠶᠦ᠋ᠨ