ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠥᠷ ᠮᠣᠩᠭᠣᠯ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢ᠎ᠶᠢᠨ ᠠᠵᠢᠯᠯᠠᠭ᠎ᠠ᠎ᠶᠢ ᠡᠬᠢᠯᠡᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠩᠭ᠎ᠠ ᠬᠦᠴᠦᠲᠡᠢ《ᠵᠠᠮ ᠬᠠᠷᠢᠯᠴᠠᠭᠠᠨ᠎ᠤ ᠬᠥᠳᠡᠯᠭᠡᠬᠦ ᠡᠨᠧᠷᠭᠢ》ᠣᠷᠣᠭᠤᠯᠤᠨ᠎ᠠ
ᠨᠡᠶ᠋ᠢᠲᠡᠯᠡᠭᠰᠡᠨ ᠴᠠᠭ᠄ 2026-01-12

ᠶᠡᠷᠦᠩᠬᠡᠢ ᠱᠦᠵᠢ ᠰᠢ᠎ᠶᠢᠨ ᠫᠢᠩ ᠎ᠤᠨ《ᠬᠥᠳᠡᠭᠡ ᠲᠣᠰᠬᠣᠨ᠎ᠤ ᠳᠥᠷᠪᠡᠨ ᠰᠠᠢᠨᠲᠠᠢ ᠵᠠᠮ 》ᠪᠣᠯᠣᠨ ᠥᠪᠥᠷ ᠮᠣᠩᠭᠣᠯ᠎ᠳᠤ ᠲᠠᠯᠪᠢᠭ᠍ᠰᠠᠨ ᠴᠢᠬᠤᠯᠠ ᠶᠠᠷᠢᠶᠠᠨ᠎ᠤ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠂ 2025 ᠣᠨ᠎ᠤ 12 ᠳ᠋ᠤᠭ᠋ᠠᠷ ᠰᠠᠷ᠎ᠠ᠎ᠶᠢᠨ 31᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ ᠪᠣᠯᠣᠨ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ᠎ᠶᠢᠨ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠢ ᠳᠡᠭᠡᠭᠰᠢᠯᠡᠭᠦᠯᠬᠦ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》(ᠳᠣᠷᠣᠭ᠍ᠰᠢ《 ᠲᠥᠰᠥᠯ 》ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠠᠰᠤ ᠴᠢᠨᠠᠷ᠎ᠢᠶᠠᠷ ᠥᠨᠳᠥᠷ᠂ ᠲᠣᠣᠷ ᠰᠦᠯᠵᠢᠶ᠎ᠡ ᠨᠢ ᠰᠠᠭᠠᠳ ᠦᠭᠡᠢ᠂ ᠦᠢᠯᠡᠴᠢᠯᠡᠭᠡ ᠨᠢ ᠰᠢᠯᠢᠳᠡᠭ᠂ ᠵᠠᠮ᠎ᠤᠨ ᠴᠠᠷᠠᠭ᠎ᠠ ᠨᠢ ᠭᠣᠶᠣ᠌ ᠰᠠᠢᠬᠠᠨ ᠪᠠᠢᠬᠤ ᠬᠥᠭᠵᠢᠯᠲᠡ᠎ᠶᠢᠨ ᠬᠠᠷᠠᠯᠲᠠ᠎ᠶᠢ ᠪᠥᠬᠥ ᠲᠠᠯ᠎ᠠ᠎ᠪᠠᠷ ᠪᠡᠶᠡᠯᠡᠭᠦᠯᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠠᠲᠤ ᠪᠡᠬᠢ ᠵᠠᠮ ᠬᠠᠷᠢᠯᠴᠠᠭᠠᠨ᠎ᠤ ᠪᠠᠲᠤᠯᠠᠭ᠎ᠠ ᠬᠠᠩᠭᠠᠨ᠎ᠠ᠃

《ᠲᠥᠰᠥᠯ》᠎ᠳᠤ ᠳᠤᠷᠠᠳᠤᠭᠰᠠᠨ ᠨᠢ ᠂ 2035 ᠣᠨ ᠪᠣᠯᠬᠤ᠎ᠳᠤ᠂ 《ᠬᠡᠪᠴᠢᠶ᠎ᠡ ᠪᠦᠲᠦᠴᠡ ᠨᠢ ᠵᠦᠢ ᠵᠣᠬᠢᠰᠲᠠᠢ᠂ ᠲᠥᠬᠦᠭᠡᠷᠦᠮᠵᠢ᠎ᠶᠢᠨ ᠶᠠᠰᠤ ᠴᠢᠨᠠᠷ ᠨᠢ ᠰᠢᠯᠢᠳᠡᠭ ᠰᠠᠢᠨ᠂ ᠵᠠᠰᠠᠯᠲᠠ ᠨᠢ ᠵᠢᠷᠤᠮᠵᠢᠯ᠎ᠲᠠᠢ ᠪᠥᠭᠡᠳ ᠪᠦᠲᠦᠮᠵᠢᠲᠡᠶ᠂ ᠲᠡᠭᠡᠭᠡᠪᠦᠷᠢ᠎ᠶᠢᠨ ᠦᠢᠯᠡᠴᠢᠯᠡᠭᠡ ᠨᠢ ᠴᠢᠨᠠᠷ ᠰᠠᠢᠲᠠᠢ》ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠮ ᠲᠡᠭᠡᠭᠡᠪᠦᠷᠢ᠎ᠶᠢᠨ ᠰᠢᠰᠲᠧᠮ᠎ᠢ ᠪᠣᠶ ᠪᠣᠯᠭᠠᠵᠤ᠂ 《ᠬᠥᠳᠡᠭᠡ ᠲᠣᠰᠬᠣᠨ᠎ᠤ ᠳᠥᠷᠪᠡᠨ ᠰᠠᠢᠨᠲᠠᠢ ᠵᠠᠮ 》᠎ᠤᠨ ᠴᠢᠨᠠᠷ ᠰᠠᠢᠲᠠᠢ ᠬᠥᠭᠵᠢᠯᠲᠡ᠎ᠶᠢᠨ ᠪᠠᠢᠷᠢᠰᠢᠯ᠎ᠢ ᠦᠨᠳᠦᠰᠦᠨ᠎ᠳᠦ᠎ᠪᠡᠨ ᠪᠦᠷᠢᠯᠳᠦᠭᠦᠯᠵᠦ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠪᠠ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢᠨ ᠬᠥᠭᠵᠢᠯᠲᠡ᠎ᠶᠢᠨ ᠬᠡᠷᠡᠭᠴᠡᠭᠡ᠎ᠶᠢ ᠦᠨᠳᠦᠰᠦᠨ᠎ᠳᠦ᠎ᠪᠡᠨ ᠬᠠᠩᠭᠠᠨ᠎ᠠ᠃

ᠲᠣᠭᠲᠠᠭᠰᠠᠨ ᠬᠠᠷᠠᠯᠲᠠ᠎ᠶᠢᠨ ᠲᠣᠭᠣᠷᠢᠨ᠎ᠳᠤ᠂《ᠲᠥᠰᠥᠯ》᠎ᠳᠤ ᠵᠠᠮ᠎ᠤᠨ ᠲᠣᠣᠷ᠎ᠤᠨ ᠶᠠᠰᠤ ᠴᠢᠨᠠᠷ᠂ ᠠᠮᠤᠷ ᠲᠦᠪᠰᠢᠨ᠂ ᠲᠡᠭᠡᠭᠡᠪᠦᠷᠢ ᠂ ᠵᠠᠰᠠᠯᠲᠠ᠎ᠶᠢᠨ ᠴᠢᠳᠠᠪᠤᠷᠢ ᠂ ᠶᠠᠪᠤᠵᠤ ᠰᠠᠭᠤᠬᠤ ᠦᠢᠯᠡᠴᠢᠯᠡᠭᠡ ᠂ ᠡᠶᠡᠲᠠᠢ ᠰᠠᠢ᠌ᠬᠠᠨ ᠰᠢᠶᠠᠩ ᠪᠠᠯᠭ᠋ᠠᠰᠤ᠂ ᠠᠵᠤ ᠦᠢᠯᠡᠰ᠎ᠲᠦ ᠬᠦᠴᠦᠨ ᠨᠡᠮᠡᠷᠢᠯᠡᠬᠦ᠂ ᠠᠵᠢᠯ ᠣᠯᠭᠣᠯᠲᠠ ᠣᠷᠣᠯᠭ᠎ᠠ᠎ᠶᠢᠨ ᠨᠡᠮᠡᠭᠳᠡᠯ᠎ᠢ ᠨᠡᠮᠡᠭᠳᠡᠭᠦᠯᠬᠦ ᠵᠡᠷᠭᠡ 8 ᠶᠡᠬᠡ ᠳᠡᠭᠡᠭᠰᠢᠯᠡᠭᠦᠯᠬᠦ ᠠᠵᠢᠯᠯᠠᠭ᠎ᠠ᠎ᠶᠢ ᠪᠠᠢᠷᠢᠯᠠᠭᠤᠯᠵᠤ᠂  ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠥᠬᠥ ᠲᠠᠯ᠎ᠠ᠎ᠪᠠᠷ ᠲᠠᠰ ᠳᠡᠪᠰᠢᠬᠦ᠎ᠶᠢ ᠰᠢᠰᠲᠧᠮ᠎ᠲᠠᠢ ᠠᠬᠢᠭᠤᠯᠤᠨ᠎ᠠ᠃

ᠡᠯ᠎ᠡ ᠵᠦᠢᠯ᠎ᠦᠨ ᠡᠭᠦᠷᠭᠡ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠎ᠶᠢ ᠪᠠᠲᠤᠯᠠᠬᠤ᠎ᠶᠢᠨ ᠲᠥᠯᠥᠭᠡ᠂《ᠲᠥᠰᠥᠯ》ᠨᠢ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠂ ᠪᠡᠯᠡ ᠮᠥᠩᠭᠥ᠎ᠶᠢᠨ ᠪᠠᠲᠤᠯᠠᠭ᠎ᠠ ᠵᠡᠷᠭᠡ 5 ᠲᠠᠯ᠎ᠠ᠎ᠠᠴᠠ ᠪᠠᠲᠤᠯᠠᠭ᠎ᠠ᠎ᠶᠢᠨ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠳᠤ ᠪᠠᠲᠤ ᠪᠡᠬᠢ ᠡᠯᠧᠮᠧᠨ᠋ᠲ᠎ᠦᠨ ᠪᠠᠲᠤᠯᠠᠭ᠎ᠠ᠎ᠶᠢ ᠬᠠᠩᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠵᠠᠮ᠎ᠤᠨ ᠲᠣᠤᠷ᠎ᠤᠨ ᠣᠷᠴᠢᠨ ᠲᠣᠭᠤᠷᠢᠨ᠎ᠤ ᠺᠢᠯᠣᠮᠧᠲᠷ᠎ᠤᠨ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠠᠢᠭᠤᠯᠪᠠ
S43 ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠤᠨ ᠲᠦᠷᠭᠡᠨ᠎ᠤ ᠵᠠᠰᠠᠮᠠᠯ ᠵᠠᠮ ᠲᠡᠷᠭᠡ ᠨᠡᠪᠲᠡᠷᠡᠪᠡ
ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠤ ᠲᠡᠮᠦᠷ ᠵᠠᠮ ᠨᠡᠪᠲᠡᠷᠡᠪᠡ! ᠬᠡᠳᠦᠨ ᠪᠦᠯᠦᠭ ᠳ᠋ᠡᠢ᠌ᠲ᠋ᠠ ᠎ᠠᠴᠠ ᠲᠠᠨ᠎ᠢ ᠳᠠᠭ᠋ᠠᠭᠤᠯᠤᠨ ᠣᠢ᠌ᠯᠠᠭ᠋ᠠᠭᠤᠯᠤᠶ᠎ᠠ
ᠥᠪᠥᠷ ᠮᠣᠩᠭᠤᠯ᠄ ᠭᠤᠷᠪᠠᠨ ᠵᠦᠶ᠋ᠯ᠎ᠤᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠠᠵᠢᠯ᠎ᠤᠨ ᠵᠦᠭ᠌ᠯᠡᠭᠦᠷ᠎ᠢ ᠨᠡᠢᠲᠡᠯᠡᠵᠦ᠍ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠱᠢᠰᠲ᠋ᠧᠮ᠎ᠲᠠᠢ᠎ᠪᠠᠷ ᠠᠬᠢᠭᠤᠯᠵᠤ ᠪᠤᠢ
ᠪᠦᠬᠦ᠌ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭ᠌ᠰᠡᠨ ᠤᠷᠳᠤ᠎ᠨᠢ 6603 ᠺᠢᠯᠤᠮᠧᠲᠷ᠎ᠲᠤ ᠬᠦᠷᠪᠡ
 
            