ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ
ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠤᠰ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠦᠢ᠍ᠯᠡᠴᠢᠯᠡᠭᠡ ᠣᠯᠬᠤ᠎ᠳᠤ ᠳᠥᠭᠥᠮ ᠦᠵᠡᠭᠦᠯᠬᠦ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠲᠣᠰ 《ᠵᠦᠭᠯᠡᠭᠦᠷ》᠎ᠢ ᠨᠠᠶ᠋ᠢᠷᠠᠭᠤᠯᠤᠨ ᠵᠣᠭᠢᠶᠠᠪᠠ᠃ ᠲᠣᠰ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡ ᠤᠯᠬᠤ ᠴᠢᠬᠤᠯᠠᠲᠠᠶ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠨᠢ ᠲᠣᠰ 《ᠵᠦᠭᠯᠡᠭᠦᠷ》᠎ᠢ ᠤᠩᠰᠢᠬᠤ ᠵᠢ ᠰᠠᠨᠠᠭᠤᠯᠤᠶ᠎ᠠ᠃
《ᠵᠦᠭᠯᠡᠭᠦᠷ》᠎ᠢ ᠵᠢᠯ ᠪᠦᠷᠢ᠎ᠳᠤ ᠨᠢᠭᠡ ᠤᠳᠠᠭ᠎ᠠ ᠰᠢᠨᠡᠳᠬᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ (ᠰᠦᠯᠵᠢᠶᠡᠨ᠎ᠤ ᠬᠠᠶᠢᠭ᠄ http://www.nmg.gov.cn)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠰᠦᠯᠵᠢᠶᠡᠨ ᠥᠷᠲᠡᠭᠡ (ᠰᠦᠯᠵᠢᠶᠡᠨ᠎ᠤ ᠬᠠᠶᠢᠭ :http://jtyst.nmg.gov.cn) ᠵᠢ ᠪᠠᠶ᠋ᠢᠴᠠᠭ᠋ᠠᠨ ᠦᠵᠡᠵᠦ ᠪᠣᠯᠤᠨ᠎ᠠ᠃
ᠨᠢᠭᠡ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ
(ᠨᠢᠭᠡ) ᠢᠯᠡ ᠪᠣᠯᠭ᠋ᠠᠬᠤ ᠬᠡᠪᠴᠢᠶ᠎ᠡ
ᠲᠣᠰ ᠪᠠᠶ᠋ᠢᠭᠤᠯᠭ᠎ᠠ᠎ᠨᠢ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ ᠨᠡᠶ᠋ᠢᠲᠡ᠎ᠳᠤ ᠰᠦᠢ᠍ᠳᠬᠡᠯ ᠬᠤᠷᠢᠶᠠᠬᠤ ᠥᠬᠡᠶ᠎ᠪᠠᠷ ᠢᠯᠡ ᠪᠣᠯᠭ᠋ᠠᠬᠤ ᠮᠡᠳᠡᠭᠡ ᠵᠠᠩᠭᠢ ᠵᠢᠨ ᠬᠡᠪᠴᠢᠶ᠎ᠡ ᠵᠢ ᠲᠣᠰ ᠪᠠᠶ᠋ᠢᠭᠤᠯᠭ᠎ᠠ ᠵᠢᠨ ᠨᠠᠶ᠋ᠢᠷᠠᠭᠤᠯᠤᠨ ᠵᠣᠬᠢᠶᠠᠭᠰᠠᠨ 《ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠠᠷᠴᠠᠭ》᠎ᠲᠤ ᠯᠠᠪᠯᠠᠵᠤ ᠦᠵᠡ᠃
(ᠬᠣᠶᠠᠷ) ᠢᠯᠡ ᠪᠣᠯᠭ᠋ᠠᠬᠤ ᠬᠡᠯᠪᠡᠷᠢ
ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠲᠤᠬᠠᠶ᠂ ᠲᠣᠰ ᠪᠠᠶ᠋ᠢᠭᠤᠯᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ (ᠰᠦᠯᠵᠢᠶᠡᠨ᠎ᠤ ᠬᠠᠶᠢᠭ᠄ http://www.nmg.gov.cn)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠰᠦᠯᠵᠢᠶᠡᠨ ᠥᠷᠲᠡᠭᠡ (ᠰᠦᠯᠵᠢᠶᠡᠨ᠎ᠤ ᠬᠠᠶᠢᠭ᠄ http://jtyst.nmg.gov.cn) ᠪᠤᠶᠤ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠠᠴᠢᠶᠠᠯᠠᠪᠤᠷᠢ ᠪᠣᠯᠤᠨ ᠬᠡᠯᠪᠡᠷᠢ᠎ᠪᠠᠷ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠨ᠎ᠠ᠃
(ᠭᠤᠷᠪᠠ) ᠢᠯᠡ ᠪᠣᠯᠭ᠋ᠠᠬᠤ ᠴᠠᠭ ᠬᠤᠭᠤᠴᠠᠭ᠎ᠠ
ᠲᠤᠰ ᠪᠠᠶ᠋ᠢᠭᠤᠯᠭ᠎ᠠ ᠵᠢᠨ ᠨᠡᠷ᠎ᠡ᠎ᠪᠠᠷ ᠨᠡᠶ᠋ᠢᠲᠡᠯᠡᠭᠰᠡᠨ ᠵᠢᠴᠢ ᠲᠤᠰ ᠪᠠᠶ᠋ᠢᠭᠤᠯᠭ᠎ᠠ᠎ᠠᠴᠠ ᠭᠣᠣᠯᠯᠠᠨ ᠡᠷᠬᠢᠯᠡᠭᠰᠡᠨ ᠰᠠᠯᠠᠭ᠎ᠠ ᠮᠥᠴᠢᠷ ᠪᠣᠯᠤᠨ ᠪᠤᠰᠤᠳ ᠰᠠᠯᠠᠭ᠎ᠠ ᠮᠥᠴᠢᠷ᠎ᠤᠨ ᠬᠠᠮᠲᠤᠷᠠᠨ ᠨᠡᠶ᠋ᠢᠲᠡᠯᠡᠭᠰᠡᠨ ᠵᠠᠰᠠᠭ᠎ᠤᠨ ᠣᠷᠳᠣᠨ᠎ᠤ ᠢᠯᠡ ᠪᠣᠯᠭ᠋ᠠᠬᠤ ᠮᠡᠳᠡᠭᠡ ᠵᠠᠩᠭᠢ ᠵᠢ ᠨᠡᠶ᠋ᠢᠲᠡᠯᠡᠭᠰᠡᠨ ᠪᠤᠶᠤ ᠬᠤᠪᠢᠷᠠᠭᠤᠯᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶᠢᠭ ᠵᠶ᠋ᠠᠷ ᠳᠠᠮᠵᠢᠭᠤᠯᠤᠨ ᠢᠯᠡ ᠪᠣᠯᠭ᠋ᠠᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠤᠭᠤᠴᠠᠭ᠎ᠠ ᠵᠢᠨ ᠲᠤᠬᠠᠶ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠬᠣᠶᠠᠷ᠂ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ
ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠨᠢ ᠦᠢ᠍ᠯᠡᠳᠪᠦᠷᠢᠯᠡᠯ᠂ ᠠᠮᠢᠳᠤᠷᠠᠯ᠂ ᠡᠷᠳᠡᠮ ᠰᠢᠨᠵᠢᠯᠡᠭᠡᠨ ᠵᠡᠷᠭᠡ ᠣᠨᠴᠠᠭ᠋ᠠᠢ ᠬᠡᠷᠡᠭᠴᠡᠭᠡ᠎ᠠᠴᠠ ᠪᠣᠯᠵᠤ᠂ ᠲᠤᠰ ᠪᠠᠶ᠋ᠢᠭᠤᠯᠭ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠎ᠠᠴᠠ ᠭᠠᠳᠠᠨᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠤᠯᠬᠤ ᠴᠢᠬᠤᠯᠠᠲᠠᠶ ᠪᠠᠶ᠋ᠢᠪᠠᠯ᠂ ᠲᠤᠰ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠵᠤ ᠪᠣᠯᠤᠨ᠎ᠠ᠃ ᠲᠤᠰ ᠪᠠᠶ᠋ᠢᠭᠤᠯᠭ᠎ᠠ᠎ᠨᠢ ᠲᠤᠰ ᠮᠡᠳᠡᠭᠡ ᠵᠠᠩᠭᠢ ᠵᠢ ᠡᠵᠡᠮᠰᠢᠭᠰᠡᠨ ᠪᠣᠳᠠᠲᠤ ᠪᠠᠶ᠋ᠢᠳᠠᠯ᠎ᠢ ᠦᠨᠳᠦᠰᠦᠯᠡᠨ ᠬᠠᠩᠭ᠋ᠠᠵᠤ᠂ ᠮᠡᠳᠡᠭᠡ ᠵᠠᠩᠭᠢ ᠵᠢ ᠪᠣᠯᠪᠠᠰᠤᠷᠠᠭᠤᠯᠬᠤ᠂ ᠪᠦᠷᠢᠳᠬᠡᠬᠦ᠂ ᠰᠤᠳᠤᠯᠬᠤ᠂ ᠵᠠᠳᠠᠯᠬᠤ ᠪᠤᠶᠤ ᠪᠤᠰᠤᠳ ᠠᠷᠭ᠎ᠠ᠎ᠪᠠᠷ ᠰᠢᠢ᠍ᠳᠪᠦᠷᠢᠯᠡᠬᠦ ᠦᠭᠡᠢ᠃
(ᠨᠢᠭᠡ) ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ
ᠲᠣᠰ ᠪᠠᠶ᠋ᠢᠭᠤᠯᠭ᠎ᠠ᠎ᠨᠢ 2008 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠵᠢᠩᠬᠢᠨᠢ᠎ᠪᠠᠷ ᠭᠥᠯᠢᠶᠡᠨ ᠠᠪᠴᠤ ᠰᠢᠢ᠍ᠳᠪᠦᠷᠢᠯᠡᠵᠦ᠂ ᠭᠥᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ᠎ᠨᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠬᠡᠷ;
(ᠬᠣᠶᠠᠷ) ᠭᠤᠶᠤᠴᠢᠯᠠᠬᠤ ᠬᠡᠯᠪᠡᠷᠢ
ᠲᠤᠰ ᠪᠠᠶ᠋ᠢᠭᠤᠯᠭ᠎ᠠ᠎ᠳᠤ ᠮᠡᠳᠡᠭᠡ ᠵᠠᠩᠭᠢ ᠣᠯᠬᠤ ᠭᠤᠶᠤᠴᠢᠯᠠᠯ ᠭᠠᠷᠭ᠋ᠠᠬᠤ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠬᠦᠰᠦᠨᠦᠭᠲᠦ》 (ᠳᠣᠷᠣᠭᠰᠢ 《ᠭᠤᠶᠤᠴᠢᠯᠠᠯ᠎ᠤᠨ ᠬᠦᠰᠦᠨᠦᠭᠲᠦ》 ᠭᠡᠵᠦ ᠲᠣᠪᠴᠢᠯᠠᠨ᠎ᠠ᠂ ᠳᠠᠭ᠋ᠠᠯᠳᠤᠭᠤᠯᠤᠯ᠎ᠳᠤ ᠦᠵᠡ) ᠵᠢ ᠲᠠᠭᠯᠠᠭ᠋ᠠᠷᠠᠶ᠃ 《ᠭᠤᠶᠤᠴᠢᠯᠠᠯ᠎ᠤᠨ ᠬᠦᠰᠦᠨᠦᠭᠲᠦ》 ᠵᠢ ᠪᠠᠭᠤᠯᠭ᠋ᠠᠬᠤ᠎ᠨᠢ ᠬᠦᠴᠦᠨ᠎ᠲᠠᠢ᠂ ᠬᠦᠯᠢᠶᠡᠨ ᠠᠪᠴᠤ ᠰᠢᠢ᠍ᠳᠪᠦᠷᠢᠯᠡᠬᠦ ᠪᠠᠢ᠌ᠭᠤᠯᠤᠮᠵᠢ ᠵᠢᠨ ᠭᠠᠵᠠᠷ᠎ᠠᠴᠠ ᠠᠪᠴᠤ ᠪᠣᠯᠤᠨ᠎ᠠ᠂ ᠮᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠰᠦᠯᠵᠢᠶᠡᠨ ᠥᠷᠲᠡᠭᠡ᠎ᠠᠴᠠ ᠪᠠᠭᠤᠯᠭ᠋ᠠᠵᠤ ᠪᠣᠯᠤᠨ᠎ᠠ᠃ ᠭᠤᠶᠤᠴᠢᠯᠠᠯ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ ᠭᠤᠶᠤᠴᠢᠯᠠᠭᠴᠢ᠎ᠠᠴᠠ ᠬᠡᠷᠡᠭᠰᠡᠬᠦ ᠮᠡᠳᠡᠭᠡ ᠵᠠᠩᠭᠢ ᠵᠢᠨ ᠲᠤᠬᠠᠶ ᠲᠣᠭ᠋ᠠᠴᠢᠯᠲᠠ᠎ᠪᠠᠨ ᠠᠯᠢ ᠴᠢᠳᠠᠬᠤ᠎ᠪᠠᠷ ᠨᠠᠷᠢᠨ ᠭᠦᠢ᠍ᠴᠡᠳ᠂ ᠲᠣᠳᠣᠷᠬᠠᠶ ᠪᠣᠯᠭ᠋ᠠᠭ᠋ᠠᠷᠠᠢ; ᠪᠣᠯᠤᠮᠵᠢ᠎ᠲᠠᠢ ᠪᠣᠯ᠂ ᠲᠣᠰ ᠮᠡᠳᠡᠭᠡ ᠵᠠᠩᠭᠢ ᠵᠢᠨ ᠭᠠᠷᠴᠠᠭ᠂ ᠨᠡᠢ᠌ᠲᠡᠯᠡᠭᠰᠡᠨ ᠴᠠᠭ᠂ ᠪᠢᠴᠢᠭ᠎ᠤᠨ ᠳ᠋ᠤᠭ᠋ᠠᠷ ᠪᠤᠶᠤ ᠪᠤᠰᠤᠳ ᠮᠡᠳᠡᠭᠡ ᠵᠠᠩᠭᠢ ᠵᠢᠨ ᠠᠴᠢᠶᠠᠯᠠᠪᠤᠷᠢ ᠵᠢ ᠲᠣᠭᠲᠠᠭ᠋ᠠᠬᠤ᠎ᠳᠤ ᠠᠰᠢᠭᠲᠠᠶ ᠰᠠᠨᠠᠭᠤᠯᠤᠮᠵᠢ ᠵᠢ ᠬᠠᠩᠭ᠋ᠠᠭ᠋ᠠᠷᠠᠢ᠃ ᠳᠣᠣᠷᠠᠬᠢ ᠮᠡᠲᠦ ᠠᠷᠭ᠎ᠠ ᠮᠠᠶᠢᠭ ᠵᠶ᠋ᠠᠷ ᠭᠤᠶᠤᠴᠢᠯᠠᠯ ᠭᠠᠷᠭ᠋ᠠᠵᠤ ᠪᠣᠯᠤᠨ᠎ᠠ᠄
1. ᠢᠨᠲ᠋ᠧᠷ ᠰᠦᠯᠵᠢᠶ᠎ᠡ᠎ᠪᠠᠷ ᠳᠠᠮᠵᠢᠨ ᠭᠤᠶᠤᠴᠢᠯᠠᠬᠤ᠃ ᠭᠤᠶᠤᠴᠢᠯᠠᠭᠴᠢ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠰᠦᠯᠵᠢᠶᠡᠨ ᠥᠷᠲᠡᠭᠡ᠎ᠳᠤ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ ᠰᠢᠰᠲ᠋ᠧᠮ᠎ᠳᠤ 《ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠨ ᠲᠤᠰᠢᠶᠠᠵᠤ ᠪᠣᠯᠤᠨ᠎ᠠ᠃
2. ᠵᠠᠬᠢᠳᠠᠯ᠂ ᠴᠠᠬᠢᠯᠭ᠋ᠠᠨ ᠮᠡᠳᠡᠭᠡ᠂ ᠹᠠᠺᠰ ᠵᠶ᠋ᠠᠷ ᠭᠤᠶᠤᠴᠢᠯᠠᠬᠤ᠃ ᠭᠤᠶᠤᠴᠢᠯᠠᠭᠴᠢ᠎ᠠᠴᠠ ᠵᠠᠬᠢᠳᠠᠯ᠎ᠤᠨ ᠬᠡᠯᠪᠡᠷᠢ᠎ᠪᠠᠷ ᠭᠤᠶᠤᠴᠢᠯᠠᠯ ᠭᠠᠷᠭ᠋ᠠᠭᠰᠠᠨ ᠪᠠᠶ᠋ᠢᠪᠠᠯ᠂ ᠵᠠᠬᠢᠳᠠᠯ᠎ᠤᠨ ᠳᠤᠭᠲᠤᠢ ᠵᠢᠨ ᠵᠡᠭᠦᠨ ᠳᠣᠣᠷ᠎ᠠ ᠥᠨᠴᠥᠭ᠎ᠲᠤ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ》 ᠭᠡᠰᠡᠨ ᠦᠰᠦᠭ᠎ᠢ ᠲᠣᠳᠤᠷᠬᠠᠢ᠌ᠯᠠᠭ᠋ᠠᠷᠠᠢ; ᠭᠤᠶᠤᠴᠢᠯᠠᠭᠴᠢ᠎ᠠᠴᠠ ᠴᠠᠬᠢᠯᠭ᠋ᠠᠨ ᠮᠡᠳᠡᠭᠡ᠂ ᠹᠠᠺᠰ ᠶᠠᠪᠤᠭᠤᠯᠬᠤ ᠠᠷᠭ᠎ᠠ ᠮᠠᠶᠢᠭ ᠵᠶ᠋ᠠᠷ ᠭᠤᠶᠤᠴᠢᠯᠠᠯ ᠭᠠᠷᠭ᠋ᠠᠪᠠᠯ᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ》 ᠭᠡᠰᠡᠨ ᠥᠰᠥᠭ᠎ᠢ ᠵᠣᠬᠢᠴᠠᠩᠭᠤᠶ᠎ᠪᠠᠷ ᠲᠣᠳᠤᠷᠬᠠᠢ᠌ᠯᠠᠭ᠋ᠠᠷᠠᠢ᠃
3. ᠨᠢᠭᠤᠷᠳᠠᠨ ᠭᠤᠶᠤᠴᠢᠯᠠᠬᠤ᠃ ᠭᠤᠶᠤᠴᠢᠯᠠᠭᠴᠢ᠎ᠨᠢ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ ᠵᠢᠨ ᠭᠠᠵᠠᠷ᠎ᠲᠤ ᠬᠦᠷᠴᠦ᠂ ᠲᠤᠬᠠᠢ ᠵᠢᠨ ᠭᠠᠵᠠᠷ᠎ᠲᠤᠨᠢ ᠭᠤᠶᠤᠴᠢᠯᠠᠯ ᠭᠠᠷᠭ᠋ᠠᠵᠤ ᠪᠣᠯᠤᠨ᠎ᠠ᠃
ᠲᠤᠰ ᠪᠠᠶ᠋ᠢᠭᠤᠯᠭ᠎ᠠ᠎ᠨᠢ ᠳ᠋ᠢᠶᠠᠩᠬᠤᠸᠠ ᠵᠢᠨ ᠠᠷᠭ᠎ᠠ ᠮᠠᠶᠢᠭ ᠵᠶ᠋ᠠᠷ ᠳᠤᠷᠠᠳᠤᠭᠰᠠᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠂ ᠭᠡᠪᠡᠴᠦ ᠭᠤᠶᠤᠴᠢᠯᠠᠭᠴᠢ᠎ᠨᠢ ᠤᠲᠠᠰᠤ᠎ᠪᠠᠷ ᠳᠠᠮᠵᠢᠭᠤᠯᠤᠨ ᠵᠣᠬᠢᠴᠠᠩᠭᠤᠶ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠎ᠢ ᠯᠠᠪᠯᠠᠨ ᠠᠰᠠᠭᠤᠵᠤ ᠪᠣᠯᠤᠨ᠎ᠠ᠃
(ᠭᠤᠷᠪᠠ) ᠰᠢᠢ᠍ᠳᠪᠦᠷᠢᠯᠡᠭᠦᠯᠬᠦ᠎ᠪᠠᠷ ᠭᠤᠶᠤᠴᠢᠯᠠᠬᠤ
ᠲᠤᠰ ᠪᠠᠶ᠋ᠢᠭᠤᠯᠭ᠎ᠠ᠎ᠨᠢ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠯ᠎ᠳᠤ ᠬᠠᠷᠢᠭᠤᠯᠲᠠ ᠥᠭᠭᠦᠨ᠎ᠡ᠃ ᠬᠡᠷᠪᠡ ᠬᠠᠷᠢᠭᠤᠯᠲᠠ ᠥᠭᠬᠦ ᠬᠤᠭᠤᠴᠠᠭ᠎ᠠ ᠵᠢ ᠦᠨᠡᠬᠡᠷ ᠤᠷᠲᠤᠳᠬᠠᠬᠤ ᠴᠢᠬᠤᠯᠠᠲᠠᠶ ᠪᠠᠶ᠋ᠢᠪᠠᠯ᠂ ᠭᠤᠶᠤᠴᠢᠯᠠᠭᠴᠢ᠎ᠳᠤ ᠮᠡᠳᠡᠭᠳᠡᠨ᠎ᠡ᠃ ᠬᠠᠷᠢᠭᠤᠯᠲᠠ ᠥᠭᠬᠦ ᠬᠤᠭᠤᠴᠠᠭ᠎ᠠ ᠵᠢ ᠬᠠᠮᠤᠭ᠎ᠤᠨ ᠤᠷᠳᠦᠳᠤᠪᠠᠨ 20 ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠤᠢ᠍ᠭᠡᠢ᠃ ᠲᠤᠰ ᠪᠠᠶ᠋ᠢᠭᠤᠯᠭ᠎ᠠ᠎ᠨᠢ ᠭᠤᠶᠤᠴᠢᠯᠠᠯ᠎ᠢ ᠬᠦᠯᠢᠶᠡᠨ ᠠᠪᠤᠭᠰᠠᠨ ᠡᠮᠦᠨ᠎ᠡ ᠬᠣᠢ᠌ᠨᠠᠬᠢ ᠳᠡᠰ ᠳᠠᠷᠠᠭ᠎ᠠ ᠵᠢ ᠦᠨᠳᠦᠰᠦᠯᠡᠨ ᠭᠤᠶᠤᠴᠢᠯᠠᠯ᠎ᠢ ᠰᠢᠢ᠍ᠳᠪᠦᠷᠢᠯᠡᠵᠦ᠂ ᠭᠠᠭᠴᠠ ᠵᠦᠢ᠍ᠯ᠎ᠤᠨ ᠭᠤᠶᠤᠴᠢᠯᠠᠯ᠎ᠳᠤ ᠪᠡᠶ᠎ᠡ᠎ᠪᠠᠨ ᠳᠠᠭ᠋ᠠᠭ᠋ᠠᠭᠰᠠᠨ ᠬᠡᠳᠦᠨ ᠵᠦᠢ᠍ᠯ᠎ᠤᠨ ᠭᠤᠶᠤᠴᠢᠯᠠᠯ᠎ᠢ ᠵᠡᠷᠭᠡ᠎ᠪᠡᠷ ᠳᠤᠷᠠᠳᠤᠭᠰᠠᠨ ᠪᠠᠶ᠋ᠢᠪᠠᠯ᠂ ᠪᠥᠬᠥᠳᠡ ᠵᠢ ᠰᠢᠢ᠍ᠳᠪᠦᠷᠢᠯᠡᠵᠦ ᠳᠠᠭᠤᠰᠤᠭᠰᠠᠨ᠎ᠤ ᠲᠠᠷᠠᠭ᠎ᠠ ᠨᠢᠭᠡᠳᠦᠯᠲᠡᠶ ᠬᠠᠷᠢᠭᠤᠯᠲᠠ ᠥᠭᠭᠦᠨ᠎ᠡ᠃ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠭᠤᠶᠤᠴᠢᠯᠠᠭᠴᠢ᠎ᠳᠤ ᠠᠳᠠᠯᠢ ᠪᠤᠰᠤ ᠭᠤᠶᠤᠴᠢᠯᠠᠯ᠎ᠢ ᠲᠣᠰ ᠲᠣᠰ ᠭᠤᠶᠤᠴᠢᠯᠠᠬᠤ ᠵᠢ ᠰᠠᠨᠠᠭᠤᠯᠤᠨ᠎ᠠ᠃ ᠭᠤᠶᠤᠴᠢᠯᠠᠭᠴᠢ ᠵᠢᠨ ᠬᠠᠩᠭ᠋ᠠᠭᠰᠠᠨ ᠭᠤᠶᠤᠴᠢᠯᠠᠯ᠎ᠤᠨ ᠴᠢᠬᠤᠯᠠ ᠨᠥᠬᠥᠴᠡᠯ᠎ᠨᠢ ᠪᠦᠷᠢᠨ ᠪᠤᠰᠤ᠂ ᠣᠨᠣᠪᠴᠢᠲᠠᠶ ᠪᠤᠰᠤ᠂ ᠪᠣᠳᠠᠲᠠᠶ ᠮᠡᠳᠡᠭᠡ ᠵᠠᠩᠭᠢ ᠵᠢᠨ ᠠᠭᠤᠯᠭ᠎ᠠ ᠵᠢ ᠲᠣᠭᠲᠠᠭ᠋ᠠᠬᠤ᠎ᠳᠤ ᠪᠡᠷᠬᠡᠲᠡᠶ ᠪᠠᠢ᠌ᠪᠠᠯ᠂ ᠲᠤᠰ ᠪᠠᠶ᠋ᠢᠭᠤᠯᠭ᠎ᠠ᠎ᠨᠢ ᠭᠤᠶᠤᠴᠢᠯᠠᠭᠴᠢ ᠵᠢ ᠨᠥᠬᠥᠪᠥᠷᠢᠯᠡᠬᠦ ᠪᠤᠶᠤ ᠵᠠᠯᠠᠷᠠᠭᠤᠯᠬᠤ ᠵᠢ ᠱᠠᠭ᠋ᠠᠷᠳᠠᠨ᠎ᠠ᠃ ᠬᠠᠷᠢᠭᠤᠯᠲᠠ ᠥᠭᠬᠦ ᠪᠣᠳᠠᠲᠠᠶ ᠠᠷᠭ᠎ᠠ ᠮᠠᠶᠢᠭ᠎ᠨᠢ ᠳᠣᠤᠷᠠᠬᠢ ᠮᠡᠲᠦ᠄
1. ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠬᠡᠪᠴᠢᠶᠡᠨ᠎ᠳᠤ ᠬᠠᠷᠢᠶᠠᠯᠠᠭᠳᠠᠪᠠᠯ᠂ ᠭᠤᠶᠤᠴᠢᠯᠠᠭᠴᠢ᠎ᠳᠤ ᠲᠣᠰ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠣᠯᠬᠤ ᠠᠷᠭ᠎ᠠ ᠮᠠᠶᠢᠭ ᠪᠠ ᠠᠷᠭ᠎ᠠ ᠵᠠᠮ᠎ᠢ ᠮᠡᠳᠡᠭᠳᠡᠨ᠎ᠡ᠃
2. ᠢᠯᠡ ᠪᠣᠯᠭ᠋ᠠᠬᠤ ᠥᠬᠡᠶ ᠬᠡᠪᠴᠢᠶᠡᠨ᠎ᠳᠤ ᠬᠠᠷᠢᠶᠠᠯᠠᠭᠳᠠᠪᠠᠯ᠂ ᠭᠤᠶᠤᠴᠢᠯᠠᠭᠴᠢ᠎ᠳᠤ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠨ᠎ᠠ᠃
3. ᠲᠤᠰ ᠪᠠᠶ᠋ᠢᠭᠤᠯᠭ᠎ᠠ ᠵᠢᠨ ᠢᠯᠡ ᠪᠣᠯᠭ᠋ᠠᠬᠤ᠎ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠨᠢ ᠪᠠᠢ᠌ᠬᠤ ᠦᠭᠡᠢ ᠪᠣᠯ᠂ ᠭᠤᠶᠤᠴᠢᠯᠠᠭᠴᠢ᠎ᠳᠤ ᠮᠡᠳᠡᠭᠳᠡᠵᠦ᠂ ᠲᠣᠰ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠᠢ᠌ᠭᠤᠯᠭ᠎ᠠ ᠵᠢ ᠲᠣᠭᠲᠠᠭ᠋ᠠᠵᠤ ᠴᠢᠳᠠᠪᠠᠯ᠂ ᠭᠤᠶᠤᠴᠢᠯᠠᠭᠴᠢ᠎ᠳᠤ ᠢᠯᠡ ᠪᠣᠯᠭ᠋ᠠᠬᠤ ᠪᠠᠶ᠋ᠢᠭᠤᠯᠭ᠎ᠠ ᠵᠢᠨ ᠨᠡᠷᠡᠶ᠋ᠢᠳᠦᠯ᠂ ᠬᠠᠷᠢᠯᠴᠠᠬᠤ ᠠᠷᠭ᠎ᠠ ᠮᠠᠶᠢᠭ᠎ᠢ ᠬᠡᠯᠡᠵᠦ ᠥᠭᠭᠦᠨ᠎ᠡ᠃
4. ᠭᠤᠶᠤᠴᠢᠯᠠᠭᠰᠠᠨ ᠠᠭᠤᠯᠭ᠎ᠠ᠎ᠨᠢ ᠲᠣᠳᠣᠷᠬᠠᠶ ᠦᠭᠡᠢ ᠪᠠᠢ᠌ᠪᠠᠯ᠂ ᠭᠤᠶᠤᠴᠢᠯᠠᠭᠴᠢ᠎ᠳᠤ ᠨᠥᠬᠥᠪᠥᠷᠢᠯᠡᠨ ᠵᠠᠯᠠᠷᠠᠭᠤᠯᠬᠤ ᠵᠢ ᠮᠡᠳᠡᠭᠳᠡᠵᠦ᠂ ᠭᠤᠶᠤᠴᠢᠯᠠᠭᠴᠢ ᠬᠤᠭᠤᠴᠠᠭ᠎ᠠ ᠬᠡᠲᠦᠷᠡᠲᠡᠯ᠎ᠡ ᠨᠥᠬᠥᠪᠥᠷᠢᠯᠡᠨ ᠵᠠᠯᠠᠷᠠᠭᠤᠯᠤᠭᠰᠠᠨ ᠦᠭᠡᠢ ᠪᠠᠶ᠋ᠢᠪᠠᠯ᠂ ᠭᠤᠶᠤᠴᠢᠯᠠᠯ ᠵᠶ᠋ᠠᠨ ᠬᠠᠶᠠᠭᠰᠠᠨ ᠵᠶ᠋ᠠᠷ ᠦᠵᠡᠨ᠎ᠡ᠃
5. ᠲᠤᠰ ᠪᠠᠶ᠋ᠢᠭᠤᠯᠭ᠎ᠠ᠎ᠨᠢ ᠢᠯᠡ ᠪᠣᠯᠭ᠋ᠠᠬᠤ᠎ᠪᠠᠷ ᠭᠤᠶᠤᠴᠢᠯᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠨᠢ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠨᠢᠭᠤᠴᠠ᠎ᠳᠤ ᠬᠣᠯᠪᠣᠭᠳᠠᠵᠤ᠂ ᠢᠯᠡ ᠪᠣᠯᠭ᠋ᠠᠭᠰᠠᠨ᠎ᠤ ᠲᠠᠷᠠᠭ᠎ᠠ ᠭᠤᠷᠪᠠᠳᠠᠬᠢ ᠡᠲᠡᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠮᠡᠳᠡᠬᠦ᠎ᠳᠤ ᠭᠦᠷᠪᠡᠯ᠂ ᠭᠤᠷᠪᠠᠳᠠᠬᠢ ᠡᠲᠡᠭᠡᠳ᠎ᠤᠨ ᠰᠠᠨᠠᠯ᠎ᠢ ᠪᠢᠴᠢᠭ ᠵᠶ᠋ᠠᠷ ᠬᠤᠷᠢᠶᠠᠨ᠎ᠠ; ᠭᠤᠷᠪᠠᠳᠠᠬᠢ ᠡᠲᠡᠭᠡᠳ᠎ᠠᠴᠠ ᠢᠯᠡ ᠪᠣᠯᠭ᠋ᠠᠬᠤ ᠵᠢ ᠵᠥᠪᠰᠢᠶᠡᠷᠡᠬᠦ ᠦᠭᠡᠢ ᠪᠣᠯ᠂ ᠢᠯᠡ ᠪᠣᠯᠭ᠋ᠠᠵᠤ ᠪᠣᠯᠬᠤ ᠦᠭᠡᠢ᠃ ᠭᠡᠪᠡᠴᠦ ᠲᠤᠰ ᠪᠠᠶ᠋ᠢᠭᠤᠯᠭ᠎ᠠ ᠢᠯᠡ ᠪᠣᠯᠭ᠋ᠠᠬᠤ ᠦᠭᠡᠢ ᠪᠣᠯ ᠣᠯᠠᠨ ᠨᠡᠢ᠍ᠢ᠍ᠲᠡ ᠵᠢᠨ ᠠᠰᠢᠭ ᠲᠤᠰᠠ᠎ᠳᠤ ᠬᠦᠨᠳᠦ ᠶᠡᠬᠡ ᠨᠥᠯᠦᠭᠡ ᠤᠴᠠᠷᠠᠭᠤᠯᠵᠤ ᠮᠡᠳᠡᠨ᠎ᠡ ᠭᠡᠵᠦ ᠦᠵᠡᠪᠡᠯ᠂ ᠢᠯᠡ ᠪᠣᠯᠭ᠋ᠠᠬᠤ ᠵᠢᠨ ᠬᠠᠮᠲᠤ᠂ ᠢᠯᠡ ᠪᠣᠯᠭ᠋ᠠᠬᠤ᠎ᠪᠠᠷ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠭᠤᠯᠭ᠎ᠠ ᠪᠣᠯᠤᠨ ᠤᠴᠢᠷ ᠰᠢᠯᠲᠠᠭ᠋ᠠᠨ ᠵᠶ᠋ᠠᠨ ᠭᠤᠷᠪᠠᠳᠠᠬᠢ ᠡᠲᠡᠭᠡᠳ᠎ᠲᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃
6. ᠢᠯᠡ ᠪᠣᠯᠭ᠋ᠠᠬᠤ᠎ᠪᠠᠷ ᠭᠤᠶᠤᠴᠢᠯᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠳᠤ ᠢᠯᠡ ᠪᠣᠯᠭ᠋ᠠᠵᠤ ᠪᠣᠯᠬᠤ ᠦᠭᠡᠢ ᠠᠭᠤᠯᠭ᠎ᠠ ᠠᠭᠤᠯᠵᠤ᠂ ᠭᠡᠪᠡᠴᠦ ᠢᠯᠭ᠋ᠠᠨ ᠰᠢᠢ᠍ᠳᠪᠦᠷᠢᠯᠡᠵᠦ ᠳᠡᠶ᠋ᠢᠯᠬᠦ᠎ᠳᠤ ᠬᠦᠷᠪᠡᠯ᠂ ᠭᠤᠶᠤᠴᠢᠯᠠᠭᠴᠢ᠎ᠳᠤ ᠬᠡᠰᠡᠭ ᠵᠢ᠎ᠨᠢ ᠢᠯᠡ ᠪᠣᠯᠭ᠋ᠠᠵᠤ ᠪᠣᠯᠬᠤ ᠵᠢᠴᠢ ᠣᠯᠬᠤ ᠠᠷᠭ᠎ᠠ ᠮᠠᠶᠢᠭ ᠪᠠ ᠠᠷᠭ᠎ᠠ ᠵᠠᠮ᠎ᠢ᠎ᠨᠢ ᠬᠡᠯᠡᠵᠦ ᠥᠭᠬᠦ ᠬᠡᠷᠡᠭᠲᠡᠶ; ᠢᠯᠡ ᠪᠣᠯᠭ᠋ᠠᠬᠤ ᠦᠭᠡᠢ ᠬᠡᠰᠡᠭ᠎ᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
7. ᠠᠳᠠᠯᠢ ᠨᠢᠭᠡᠨ ᠭᠤᠶᠤᠴᠢᠯᠠᠭᠴᠢ᠎ᠠᠴᠠ ᠲᠤᠰ ᠪᠠᠶ᠋ᠢᠭᠤᠯᠭ᠎ᠠ᠎ᠳᠤ ᠠᠳᠠᠯᠢ ᠨᠢᠭᠡᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ ᠭᠠᠷᠭ᠋ᠠᠵᠤ᠂ ᠨᠢᠭᠡᠨᠲᠡ ᠬᠠᠷᠢᠭᠤᠯᠲᠠ ᠥᠭᠭᠦᠭᠰᠡᠨ ᠪᠠᠶ᠋ᠢᠪᠠᠯ᠂ ᠳᠠᠪᠬᠤᠷᠳᠠᠭᠤᠯᠤᠨ ᠬᠠᠷᠢᠭᠤᠯᠲᠠ ᠥᠭᠬᠦ ᠦᠭᠡᠢ᠃
ᠲᠤᠰ ᠪᠠᠶ᠋ᠢᠭᠤᠯᠭ᠎ᠠ᠎ᠨᠢ ᠭᠤᠶᠤᠴᠢᠯᠠᠯ ᠶᠣᠰᠣᠭ᠋ᠠᠷ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠬᠠᠩᠭ᠋ᠠᠬᠤ᠎ᠪᠠᠷ ᠭᠠᠷᠣᠭᠰᠠᠨ ᠬᠠᠢ᠌ᠬᠤ᠂ ᠪᠠᠭᠤᠯᠭ᠋ᠠᠬᠤ᠂ ᠰᠢᠦᠳᠠᠨ ᠵᠶ᠋ᠠᠷ ᠢᠯᠡᠭᠡᠬᠦ ᠵᠡᠷᠭᠡ ᠥᠪᠡᠷ᠎ᠤᠨ ᠥᠷᠲᠡᠭ᠎ᠤᠨ ᠵᠠᠷᠤᠳᠠᠯ᠂ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠠ ᠪᠠᠷᠢᠮᠵᠢᠶ᠎ᠠ ᠵᠢ᠎ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠦᠨ᠎ᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠷᠪᠠ᠂ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠪᠠᠶ᠋ᠢᠭᠤᠯᠤᠮᠵᠢ ᠵᠢᠴᠢ ᠬᠠᠷᠢᠯᠴᠠᠬᠤ ᠠᠷᠭ᠎ᠠ ᠮᠠᠶᠢᠭ
ᠠᠵᠢᠯ᠎ᠤᠨ ᠪᠠᠶ᠋ᠢᠭᠤᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠭᠡᠷ᠃
ᠴᠢᠮᠡᠭᠡ ᠨᠡᠪᠲᠡᠷᠡᠯᠭᠡ ᠵᠢᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠡᠮᠦᠨ᠎ᠡ ᠵᠡᠭᠡᠯᠢ ᠵᠢᠨ 68 ᠳ᠋ᠤᠭ᠋ᠠᠷ ᠨᠣᠮᠧᠷ
ᠰᠢᠤᠳᠠᠨ ᠨᠣᠮᠧᠷ᠄ 010020
ᠬᠠᠷᠢᠯᠴᠠᠬᠤ ᠤᠲᠠᠰᠤ᠄ 0471 — 6285784
ᠹᠠᠺᠰ᠎ᠤᠨ ᠨᠣᠮᠧᠷ᠄ 0471 — 6285784
ᠢᠮᠧᠯ᠄ bgs@nmjt. gov.c n
ᠬᠦᠯᠢᠶᠡᠨ ᠠᠪᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠳᠡ ᠵᠢᠨ ᠡᠮᠦᠨ᠎ᠡ 9᠄ 00 — 12᠄ 00᠂ ᠦᠳᠡ ᠬᠣᠶ᠋ᠢᠨᠠᠬᠢ 2᠄ 30 — 5᠄ 30 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠦᠭᠡᠢ)᠃
ᠳᠥᠷᠪᠡ᠂ ᠬᠢᠨᠠᠯᠲᠠ ᠲᠠᠯᠪᠢᠬᠤ ᠪᠠ ᠵᠠᠭ᠋ᠠᠯᠳᠤᠬᠤ
(ᠨᠢᠭᠡ) ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠲᠤᠰ ᠪᠠᠢ᠌ᠭᠤᠯᠭ᠎ᠠ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠶ ᠭᠡᠵᠦ ᠦᠵᠡᠭᠰᠡᠨ ᠪᠠᠶ᠋ᠢᠪᠠᠯ᠂ ᠲᠣᠰ ᠪᠠᠢ᠍ᠭᠤᠯᠤᠯᠭᠠᠳᠤ ᠤᠲᠠᠰᠤ᠎ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠵᠠᠭ᠋ᠠᠯᠳᠤᠬᠤ ᠤᠲᠠᠰᠤ᠄ 0471-696858
(ᠬᠣᠶᠠᠷ) ᠠᠷᠠᠳ ᠢᠷᠭᠡᠨ᠂ ᠬᠠᠤᠯᠢ ᠵᠢᠨ ᠡᠷᠬᠡᠲᠡᠨ ᠪᠣᠶᠤ ᠪᠣᠰᠤᠳ ᠵᠣᠬᠢᠶᠠᠨ ᠪᠠᠢ᠌ᠭᠤᠯᠤᠯᠲᠠ᠎ᠨᠢ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠬᠢᠨᠠᠨ ᠪᠠᠢ᠌ᠴᠠᠭ᠋ᠠᠬᠤ ᠰᠠᠯᠠᠭ᠎ᠠ ᠮᠦᠴᠢᠷ᠎ᠲᠤ ᠢᠯᠡᠴᠢᠯᠡᠨ ᠮᠡᠳᠡᠭᠦᠯᠬᠦ ᠪᠣᠶᠤ ᠬᠠᠤᠯᠢ ᠴᠠᠭ᠋ᠠᠵᠠ ᠵᠢᠨ ᠠᠷᠭ᠎ᠠ ᠵᠠᠮ ᠵᠶ᠋ᠠᠷ ᠰᠢᠢ᠍ᠳᠪᠦᠷᠢᠯᠡᠵᠦ ᠪᠣᠯᠤᠨ᠎ᠠ᠃
ᠳᠠᠭ᠋ᠠᠯᠳᠠᠭᠤᠯᠤᠯ᠄ http://jtyst.nmg.gov.cn/uploadfiles/201603/28/2016032815222518899230.doc