ᠨᠢᠭᠡ᠂ ᠶᠡᠷᠦᠩᠬᠡᠢ ᠪᠠᠶ᠋ᠢᠳᠠᠯ
2020 ᠣᠨ᠎ᠳᠤ᠂ ᠮᠠᠨ᠎ᠤ ᠲᠢᠩᠬᠢᠮ᠎ᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》 ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠲᠣᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠣᠭᠤᠰᠢᠯᠠᠭᠤᠯᠤᠨ ᠨᠠᠢ᠌ᠳᠠᠪᠤᠷᠢᠯᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠪ᠎ᠤᠨ ᠠᠵᠢᠯ ᠵᠢᠴᠢ ᠣᠯᠠᠨ ᠨᠡᠶ᠋ᠢᠲᠡ ᠵᠢᠨ ᠠᠩᠬᠠᠷᠤᠯ᠎ᠤᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠪᠠ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠵᠢ ᠰᠠᠶ᠋ᠢᠲᠤᠷ ᠬᠢᠪᠡ᠃
(ᠨᠢᠭᠡ) ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠪᠡ᠃ ᠨᠢᠭᠡ᠎ᠳᠤ᠂ ᠢᠯᠡ ᠪᠣᠯᠭ᠋ᠠᠬᠤ ᠠᠭᠤᠯᠭ᠎ᠠ ᠵᠢ ᠲᠣᠳᠤᠷᠬᠠᠢ᠌ᠯᠠᠪᠠ᠃ 《ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠦᠨᠳᠦᠰᠦᠨ ᠭᠠᠷᠴᠠᠭ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ》 (ᠥᠪᠥᠷ ᠵᠠᠮ ᠲᠠᠷᠬᠠᠭ᠋ᠠᠭᠰᠠᠨ[2020]606 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠬᠠᠷᠢᠭᠤᠴᠠᠯᠭ᠋ᠠᠲᠤ ᠨᠢᠭᠡᠴᠢ ᠪᠠ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ᠎ᠠ; 2020 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠣᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢ᠍ᠯᠡᠴᠢᠯᠡᠬᠦ᠂ ᠦᠷ᠎ᠡ ᠳ᠋ᠦᠩ 《ᠲᠠᠪᠤ ᠵᠢ ᠢᠯᠡ ᠪᠣᠯᠭ᠋ᠠᠬᠤ》 ᠵᠢ ᠲᠠᠰᠤᠷᠠᠯᠲᠠ ᠥᠬᠡᠶ ᠲᠦᠯᠬᠢᠨ ᠠᠬᠢᠭᠤᠯᠪᠠ᠃ ᠬᠣᠶᠠᠷ᠎ᠲᠤ᠂ ᠮᠡᠳᠡᠭᠡ ᠵᠠᠩᠭᠢ ᠨᠡᠶ᠋ᠢᠲᠡᠯᠡᠬᠦ ᠠᠵᠢᠯ᠎ᠢ ᠰᠠᠶ᠋ᠢᠲᠤᠷ ᠬᠢᠪᠡ᠃ 《ᠲᠦᠷᠢᠮ》᠎ᠤᠨ ᠠᠷᠪᠠ ᠶᠢᠰᠦᠳᠦᠭᠡᠷ ᠵᠦᠢ᠍ᠯ᠂ ᠬᠣᠷᠢᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ᠂ ᠪᠥᠬᠥ ᠵᠢᠯ᠎ᠳᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠨᠡᠶ᠋ᠢᠲᠡᠯᠡᠭᠰᠡᠨ ᠮᠡᠳᠡᠭᠡ ᠵᠠᠩᠭᠢ ᠵᠢᠨ ᠶᠡᠷᠦᠩᠬᠡᠶ ᠬᠡᠮᠵᠢᠶ᠎ᠡ᠎ᠨᠢ 4.23 ᠲᠦᠮᠡᠨ ᠵᠤᠷᠪᠤᠰ ᠪᠠᠶ᠋ᠢᠵᠤ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠭᠠᠷᠴᠠᠭ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ 2537 ᠵᠦᠢ᠍ᠯ ᠢᠯᠡ ᠪᠣᠯᠭ᠋ᠠᠪᠠ᠂ ᠡᠭᠦᠨ᠎ᠳᠤ ᠲᠦᠷᠢᠮ ᠲᠣᠭᠲᠠᠭ᠋ᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠥᠶ ᠲᠠᠶ᠋ᠢᠯᠤᠮᠵᠢ ᠵᠢᠨ ᠪᠢᠴᠢᠭ ᠮᠠᠲ᠋ᠧᠷᠢᠶᠠᠯ᠎ᠨᠢ 27 ᠵᠦᠢ᠍ᠯ᠂ ᠲᠥᠯᠥᠪᠵᠢᠭᠦᠯᠭᠡ ᠵᠢᠴᠢ ᠪᠠᠷᠢᠮᠵᠢᠶ᠎ᠠ ᠵᠢᠨ ᠵᠢᠷᠤᠮᠵᠢᠯ᠎ᠨᠢ 1 ᠵᠦᠢ᠍ᠯ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠴᠢ ᠵᠠᠳᠠᠯᠤᠯᠲᠠ ᠵᠢᠨ ᠠᠯᠪᠠᠨ ᠮᠡᠳᠡᠭᠡ᠎ᠨᠢ 61 ᠵᠦᠢ᠍ᠯ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠵᠡᠷᠭᠡ ᠬᠠᠮᠢᠶ᠎ᠠ ᠪᠥᠬᠥᠶ ᠮᠡᠳᠡᠭᠡ ᠵᠠᠩᠭᠢ᠎ᠨᠢ 22648 ᠵᠦᠢ᠍ᠯ᠂ ᠠᠮᠤᠷ ᠲᠦᠪᠰᠢᠨ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠮᠡᠳᠡᠭᠡ ᠵᠠᠩᠭᠢ᠎ᠨᠢ 15 ᠵᠦᠢ᠍ᠯ᠂ ᠡᠳ᠋᠎ᠤᠨ ᠵᠠᠰᠠᠭ᠎ᠤᠨ ᠲᠥᠰᠦᠪ ᠪᠠ ᠲᠥᠰᠦᠪ᠎ᠤᠨ ᠭᠦᠢ᠍ᠴᠡᠳᠭᠡᠯ ᠵᠢᠴᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠮᠡᠳᠡᠭᠡ ᠵᠠᠩᠭᠢ᠎ᠨᠢ 978 ᠵᠦᠢ᠍ᠯ ᠪᠣᠶ᠃ ᠭᠤᠷᠪᠠ᠎ᠳᠤ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠎ᠢ ᠴᠢᠩᠭ᠎ᠠ ᠮᠥᠷᠳᠡᠨ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠢᠯᠡ ᠪᠣᠯᠭ᠋ᠠᠵᠤ᠂ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠬᠣᠯᠪᠣᠭᠳᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠤᠨ ᠲᠣᠭᠣᠷᠢᠨ᠎ᠳᠤ᠂ ᠲᠢᠩᠬᠢᠮ᠎ᠤᠨ ᠪᠠᠭᠤᠯᠭ᠋ᠠᠭᠰᠠᠨ 《ᠠᠵᠢᠯ᠎ᠤᠨ ᠭᠣᠣᠯᠳᠠᠯᠭ᠎ᠠ ᠵᠢᠴᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ》᠎ᠤᠨ ᠠᠭᠤᠯᠭ᠎ᠠ᠎ᠲᠠᠢ ᠤᠶᠠᠯᠳᠤᠭᠤᠯᠤᠨ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠳᠤ ᠲᠣᠬᠢᠷᠠᠭᠤᠯᠤᠯᠲᠠ ᠬᠢᠵᠦ᠂ 《ᠭᠤᠷᠪᠠᠨ ᠶᠡᠬᠡ ᠰᠢᠪᠲᠤᠯᠤᠯᠲᠠ ᠵᠢᠨ ᠳᠠᠶ᠋ᠢᠯᠠᠯᠳᠤᠭ᠋ᠠᠨ》᠂ 《ᠬᠣᠶᠠᠷ᠎ᠢ ᠰᠤᠭᠤᠴᠢᠵᠤ ᠨᠢᠭᠡ ᠵᠢ ᠢᠯᠡ ᠪᠣᠯᠭ᠋ᠠᠬᠤ》᠂ 《ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ》᠂ 《ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ》᠂ 《ᠳᠠᠭ᠋ᠠᠭ᠋ᠠᠴᠢᠯᠠᠯᠲᠠ ᠣᠯᠤᠭᠰᠠᠨ ᠨᠡᠢ᠌ᠲᠡᠯᠡᠯ》 ᠵᠡᠷᠭᠡ ᠪᠤᠯᠤᠩ ᠵᠶ᠋ᠠᠷ ᠳᠠᠮᠵᠢᠭᠤᠯᠤᠨ᠂ ᠮᠡᠳᠡᠭᠳᠡᠯ ᠠᠯᠪᠠᠨ ᠵᠠᠷ᠂ ᠠᠵᠢᠯ᠎ᠤᠨ ᠪᠠᠶ᠋ᠢᠳᠠᠯ ᠵᠡᠷᠭᠡ ᠮᠡᠳᠡᠭᠡ ᠵᠠᠩᠭᠢ ᠵᠢ 17055 ᠵᠣᠷᠪᠤᠰ ᠨᠡᠢ᠌ᠲᠡᠯᠡᠪᠡ᠃ ᠲᠥᠷᠥ ᠵᠢᠨ ᠪᠣᠳᠣᠯᠭ᠎ᠠ ᠵᠢ ᠲᠣᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠢ ᠪᠥᠬᠥ ᠲᠠᠯ᠎ᠠ᠎ᠪᠠᠷ ᠢᠯᠡ ᠪᠣᠯᠭ᠋ᠠᠪᠠ᠃ ᠳᠥᠷᠪᠡ᠎ᠳᠤ᠂ ᠬᠠᠷᠢᠯᠴᠠᠨ ᠰᠤᠯᠢᠯᠴᠠᠬᠤ ᠵᠢ ᠰᠠᠶ᠋ᠢᠲᠤᠷ ᠬᠢᠪᠡ᠃ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠭᠰᠠᠨ᠂ ᠨᠡᠶ᠋ᠢᠭᠡᠮ᠎ᠠᠴᠠ ᠥᠷᠭᠡᠨ ᠵᠶ᠋ᠠᠷ ᠮᠡᠳᠡᠬᠦ ᠴᠢᠬᠤᠯᠠᠲᠠᠶ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ ᠵᠢ ᠤᠷᠢᠳᠴᠢᠯᠠᠨ ᠢᠯᠡ ᠪᠣᠯᠭ᠋ᠠᠵᠤ᠂ ᠰᠦᠯᠵᠢᠶᠡᠨ ᠳᠡᠭᠡᠷ᠎ᠡ ᠰᠠᠨᠠᠯ ᠬᠤᠷᠢᠶᠠᠬᠤ 3 ᠬᠤᠭᠤᠴᠠᠭ᠎ᠠ᠂ ᠪᠠᠶ᠋ᠢᠴᠠᠭ᠋ᠠᠯᠲᠠ ᠵᠢᠨ ᠠᠰᠠᠭᠤᠯᠲᠠ ᠵᠢᠨ ᠬᠠᠭᠤᠳᠠᠰᠤ 2 ᠬᠤᠭᠤᠴᠠᠭ᠎ᠠ ᠥᠷᠨᠢᠭᠦᠯᠦᠨ᠂ ᠰᠠᠨᠠᠯ ᠰᠠᠨᠠᠭᠤᠯᠭ᠎ᠠ ᠵᠢ 11 ᠵᠤᠷᠪᠤᠰ ᠭᠥᠯᠢᠶᠡᠨ ᠠᠪᠬᠤ ᠵᠢᠨ ᠬᠠᠮᠲᠤ᠂ ᠰᠠᠨᠠᠯ ᠬᠤᠷᠢᠶᠠᠭᠰᠠᠨ ᠵᠢᠴᠢ ᠬᠦᠯᠢᠶᠡᠨ ᠠᠪᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠨᠡᠢ᠌ᠲᠡᠯᠡᠪᠡ; ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠶ᠋ᠢᠷᠴᠠᠭ 80᠂ ᠰᠦᠯᠵᠢᠶᠡᠨ ᠳᠡᠭᠡᠷᠡᠬᠢ ᠯᠠᠪᠯᠠᠭ᠎ᠠ 101᠂ ᠵᠠᠬᠢᠳᠠᠯ ᠰᠤᠷᠪᠤᠯᠵᠢᠯᠠᠭ᠎ᠠ ᠵᠠᠭ᠋ᠠᠯᠳᠤᠯᠭ᠎ᠠ 112᠎ᠳᠤ ᠴᠥᠮ ᠴᠠᠭ ᠲᠤᠬᠠᠶ᠎ᠳᠤᠨᠢ ᠬᠠᠷᠢᠭᠤᠯᠲᠠ ᠥᠭᠪᠡ᠃
(ᠬᠣᠶᠠᠷ) ᠭᠤᠶᠤᠴᠢᠯᠠᠯ ᠵᠶ᠋ᠡᠷ ᠢᠯᠡ ᠪᠣᠯᠭ᠋ᠠᠬᠤ ᠵᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠭᠡᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠥᠪᠥᠷ ᠵᠠᠰᠠᠭ ᠠᠯᠪᠠᠨ ᠥᠰᠥᠭ [2020]20 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠬᠠᠷᠢᠭᠤ ᠥᠭᠬᠦ ᠲᠠᠰ ᠳᠠᠷᠠᠭ᠋ᠠᠯᠠᠯ ᠵᠢᠴᠢ ᠬᠠᠷᠢᠭᠤ ᠥᠭᠬᠦ ᠬᠡᠪ ᠵᠠᠭᠪᠤᠷ᠎ᠢ ᠳᠣᠭᠢᠷᠠᠭᠤᠯᠤᠨ ᠲᠡᠭᠦᠯᠳᠡᠷᠵᠢᠭᠦᠯᠵᠦ᠂ ᠭᠤᠶᠤᠴᠢᠯᠠᠯ ᠵᠶ᠋ᠠᠷ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠨᠡᠶ᠋ᠢᠲᠡ ᠣᠯᠠᠨ᠎ᠤ ᠪᠠᠶ᠋ᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠬᠦ ᠵᠢ ᠦᠨᠡᠨ ᠬᠦ᠌ ᠪᠠᠲᠤᠯᠠᠪᠠ᠃ ᠪᠥᠬᠥ ᠵᠢᠯ᠎ᠳᠤ 9 ᠬᠤᠪᠢ ᠭᠤᠶᠤᠴᠢᠯᠠᠯ ᠵᠶ᠋ᠠᠷ ᠢᠯᠡ ᠪᠣᠯᠭ᠋ᠠᠬᠤ ᠵᠢ ᠭᠥᠯᠢᠶᠡᠨ ᠠᠪᠴᠤ ᠰᠢᠢ᠍ᠳᠪᠦᠷᠢᠯᠡᠵᠤ᠂ ᠣᠳᠣᠬᠠᠨ᠎ᠳᠤ ᠴᠥᠮ ᠰᠢᠢ᠍ᠳᠪᠦᠷᠢᠯᠡᠵᠤ ᠳᠠᠭᠤᠰᠬᠠᠪᠠ᠃
(ᠭᠤᠷᠪᠠ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠰᠠᠭᠤᠷᠢ ᠬᠠᠮᠢᠶᠠᠷᠤᠯᠲᠠ ᠵᠢ ᠴᠢᠩᠭ᠋ᠠᠳᠬᠠᠪᠠ᠃ ᠨᠢᠭᠡ᠎ᠳᠤ᠂ ᠮᠡᠳᠡᠭᠡ ᠵᠠᠩᠭᠢ ᠵᠢ ᠵᠣᠬᠢᠶᠠᠬᠤ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠠᠯᠪᠠᠨ ᠰᠢᠰᠲ᠋ᠧᠮ᠎ᠤᠨ ᠠᠯᠪᠠᠨ ᠪᠢᠴᠢᠭ ᠲᠤᠭᠤᠷᠪᠢᠬᠤ ᠲᠠᠪᠴᠠᠩ᠎ᠢ ᠲᠡᠭᠦᠯᠳᠡᠷᠵᠢᠭᠦᠯᠵᠦ᠂ ᠠᠯᠪᠠᠨ ᠪᠢᠴᠢᠭ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠂ ᠭᠤᠶᠤᠴᠢᠯᠠᠯ ᠵᠶ᠋ᠠᠷ ᠢᠯᠡ ᠪᠣᠯᠭ᠋ᠠᠬᠤ᠂ ᠢᠯᠡ ᠪᠣᠯᠭ᠋ᠠᠬᠤ ᠥᠬᠡᠶ ᠵᠡᠷᠭᠡ ᠰᠢᠨᠵᠢ ᠴᠢᠨᠠᠷ᠎ᠢ ᠴᠢᠩᠭ᠎ᠠ ᠲᠣᠳᠣᠷᠬᠠᠶ᠋ᠢᠯᠠᠵᠤ᠂ ᠠᠵᠢᠯ᠎ᠤᠨ ᠨᠢᠭᠤᠴᠠ ᠵᠢᠨ ᠰᠢᠨᠵᠢ ᠴᠢᠨᠠᠷ᠎ᠢ ᠣᠨᠣᠪᠴᠢᠲᠠᠶ ᠡᠵᠡᠮᠰᠢᠵᠦ᠂ ᠪᠢᠴᠢᠭ ᠮᠠᠲ᠋ᠧᠷᠢᠶᠠᠯ᠎ᠲᠠᠢ ᠬᠠᠮᠲᠤᠳᠤᠨᠢ ᠮᠡᠳᠡᠭᠦᠯᠦᠨ ᠵᠦᠪᠰᠢᠶᠡᠷᠡᠭᠦᠯᠪᠡ᠃ ᠬᠣᠶᠠᠷ᠎ᠲᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠲᠥᠷᠥ ᠵᠢᠨ ᠪᠣᠳᠣᠯᠭ᠎ᠠ ᠲᠣᠭᠲᠠᠭ᠋ᠠᠬᠤ ᠠᠵᠢᠯ᠎ᠯᠤᠭ᠎ᠠ ᠵᠡᠷᠭᠡ᠎ᠪᠡᠷ ᠲᠣᠬᠢᠷᠠᠭᠤᠯᠵᠤ᠂ ᠵᠡᠷᠭᠡ᠎ᠪᠡᠷ ᠬᠢᠨᠠᠨ ᠭᠠᠷᠤᠨ ᠥᠰᠥᠭ ᠵᠢᠷᠤᠵᠤ᠂ ᠲᠥᠷᠥ ᠵᠢᠨ ᠪᠣᠳᠣᠯᠭ᠎ᠠ ᠵᠢ ᠲᠤᠶ᠋ᠢᠯ᠎ᠤᠨ ᠣᠨᠣᠪᠴᠢᠲᠠᠶ ᠲᠠᠶ᠋ᠢᠯᠪᠤᠷᠢᠯᠠᠬᠤ᠂ ᠠᠭᠤᠯᠤᠭᠳᠠᠬᠤᠨ᠎ᠢ ᠢᠯᠡ ᠲᠣᠳᠣ᠂ ᠳᠣᠬᠢᠶ᠎ᠠ ᠵᠢ ᠲᠣᠳᠣᠷᠬᠠᠶ ᠪᠠᠶ᠋ᠢᠯᠭ᠋ᠠᠬᠤ ᠵᠢ ᠦᠨᠡᠨ ᠬᠦ᠌ ᠪᠠᠲᠤᠯᠠᠪᠠ᠃
(ᠳᠦᠷᠪᠠ) ᠢᠯᠡ ᠪᠣᠯᠭ᠋ᠠᠬᠤ ᠲᠠᠪᠴᠠᠩ᠎ᠤᠨ ᠪᠠᠶ᠋ᠢᠭᠤᠯᠤᠯᠲᠠ ᠵᠢ ᠴᠢᠬᠤᠯᠠᠴᠢᠯᠠᠪᠠ᠃ ᠨᠢᠭᠡ᠎ᠳᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠢ ᠲᠡᠭᠦᠯᠳᠡᠷᠵᠢᠭᠦᠯᠪᠡ᠃ ᠢᠯᠡ ᠪᠣᠯᠭ᠋ᠠᠭᠰᠠᠨ ᠮᠡᠳᠡᠭᠡ ᠵᠠᠩᠭᠢ ᠵᠢ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠵᠤ᠂ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠢᠨᠡᠳᠬᠡᠬᠦ ᠵᠢ ᠪᠡᠶᠡᠯᠡᠭᠦᠯᠦᠨ᠂ ᠮᠡᠳᠡᠭᠡ ᠵᠠᠩᠭᠢ ᠵᠢᠨ ᠵᠥᠪ ᠣᠨᠣᠪᠴᠢᠲᠠᠶ ᠡᠷᠬᠡ ᠰᠦᠷ᠎ᠲᠠᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠣᠯᠠᠨ ᠨᠡᠶ᠋ᠢᠲᠡ ᠵᠢᠨ ᠬᠡᠷᠡᠭᠯᠡᠬᠦ᠎ᠳᠤ ᠳᠥᠭᠥᠮ ᠪᠠᠢ᠌ᠯᠭ᠋ᠠᠪᠠ᠃ ᠲᠡᠭᠦᠨ᠎ᠢ ᠨᠡᠶ᠋ᠢᠭᠡᠮ ᠨᠡᠶ᠋ᠢᠲᠡ ᠵᠢᠨ ᠳᠥᠭᠥᠮ ᠳᠥᠲᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠭᠣᠣᠯᠳᠠᠯᠭ᠎ᠠ᠎ᠲᠠᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠪᠦᠬᠦ ᠲᠠᠯ᠎ᠠ᠎ᠪᠠᠷ ᠣᠯᠬᠤ ᠡᠷᠬᠡ ᠰᠦᠷᠲᠦ ᠠᠷᠭ᠎ᠠ ᠵᠠᠮ ᠪᠣᠯᠭ᠋ᠠᠪᠠ᠃ ᠬᠣᠶᠠᠷ᠎ᠲᠤ᠂ ᠨᠢᠭᠡ ᠴᠣᠭᠴᠠᠵᠢᠭᠤᠯᠤᠭᠰᠠᠨ ᠬᠠᠷᠢᠯᠴᠠᠨ ᠰᠣᠯᠢᠯᠴᠠᠬᠤ ᠲᠠᠪᠴᠠᠩ᠎ᠢ ᠲᠠᠰ ᠳᠡᠪᠰᠢᠭᠦᠯᠦᠨ ᠥᠭᠡᠷᠡᠴᠢᠯᠡᠪᠡ᠃ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠨᠢᠭᠡᠳᠦᠯᠲᠡᠶ ᠪᠡᠶ᠎ᠡ ᠭᠠᠷᠤᠯ᠎ᠤᠨ ᠭᠡᠷᠡᠴᠢᠯᠡᠭᠡ ᠵᠢᠨ ᠰᠢᠰᠲ᠋ᠧᠮᠵᠢ᠎ᠲᠠᠢ ᠵᠣᠯᠭ᠋ᠠᠭᠤᠯᠵᠤ᠂ ᠫᠤᠷᠲ᠋ᠧᠯ ᠰᠦᠯᠵᠢᠶ᠎ᠡ ᠵᠢᠨ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠶ᠋ᠢᠷᠴᠠᠭ᠂ ᠰᠦᠯᠵᠢᠶᠡᠨ ᠳᠡᠭᠡᠷᠡᠬᠢ ᠯᠠᠪᠯᠠᠭ᠎ᠠ᠂ ᠵᠠᠬᠢᠳᠠᠯ ᠰᠤᠷᠪᠤᠯᠵᠢᠯᠠᠯ ᠵᠠᠭ᠋ᠠᠯᠳᠤᠯᠭ᠎ᠠ ᠵᠡᠷᠭᠡ ᠬᠠᠷᠢᠯᠴᠠᠨ ᠬᠥᠳᠡᠯᠦᠯᠴᠡᠬᠦ ᠦᠢ᠍ᠯᠡᠴᠢᠯᠡᠭᠡᠨ᠎ᠤ ᠨᠢᠭᠡᠳᠦᠯᠲᠡᠶ ᠳᠠᠩᠰᠠᠯᠠᠬᠤ᠂ ᠨᠢᠭᠡᠳᠦᠯᠲᠡᠶ ᠲᠡᠮᠳᠡᠭᠯᠡᠬᠦ᠂ ᠨᠢᠭᠡᠳᠦᠯᠲᠡᠶ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡᠳᠦᠯᠲᠡᠶ ᠭᠦᠢ᠍ᠴᠡᠳᠭᠡᠬᠦ᠂ ᠨᠢᠭᠡᠳᠦᠯᠲᠡᠶ ᠬᠠᠷᠢᠭᠤ ᠲᠤᠰᠬᠠᠬᠤ ᠵᠢ ᠪᠡᠶᠡᠯᠡᠭᠦᠯᠵᠦ᠂ ᠨᠢᠭᠡ ᠥᠷᠲᠡᠭᠡ ᠮᠠᠶᠢᠭ᠎ᠤᠨ ᠬᠠᠷᠢᠯᠴᠠᠨ ᠬᠥᠳᠡᠯᠦᠯᠴᠡᠬᠦ ᠦᠢ᠍ᠯᠡᠴᠢᠯᠡᠭᠡᠨ᠎ᠤ ᠬᠠᠮᠵᠢᠯᠴᠠᠬᠤ ᠦᠢ᠍ᠯᠡᠴᠢᠯᠡᠭᠡ ᠵᠢ ᠬᠠᠩᠭ᠋ᠠᠪᠠ᠃
ᠬᠣᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠪᠠᠶ᠋ᠢᠳᠠᠯ

ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠶ᠋ᠢᠳᠠᠯ






ᠳᠦᠷᠪᠡ᠂ ᠵᠠᠰᠠᠭ᠎ᠤᠨ ᠣᠷᠳᠤᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠠᠰᠠᠭ ᠵᠠᠬᠢᠷᠭ᠋ᠠᠨ᠎ᠤ ᠳᠠᠬᠢᠨ ᠵᠦᠪᠯᠡᠭᠰᠡᠨ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ

ᠲᠠᠪᠤ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ ᠵᠢᠴᠢ ᠦᠭᠡᠷᠡᠴᠢᠯᠡᠨ ᠰᠠᠶ᠋ᠢᠵᠢᠷᠠᠭᠤᠯᠤᠭᠰᠠᠨ ᠪᠠᠶ᠋ᠢᠳᠠᠯ
ᠨᠢᠭᠡ᠎ᠳᠤ᠂ ᠬᠡᠰᠡᠭ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠨᠢ ᠪᠠᠭᠤᠯᠭ᠋ᠠᠬᠤ ᠠᠷᠭ᠎ᠠ ᠵᠠᠮ ᠬᠠᠩᠭ᠋ᠠᠭᠰᠠᠨ ᠥᠬᠡᠶ ᠠᠰᠠᠭᠤᠳᠠᠯ᠎ᠤᠨ ᠲᠤᠬᠠᠶ᠂ ᠣᠳᠣᠬᠠᠨ᠎ᠳᠤ ᠮᠠᠨ᠎ᠤ ᠲᠢᠩᠬᠢᠮ᠎ᠤᠨ ᠫᠣᠷᠲ᠋ᠤᠯ ᠰᠦᠯᠵᠢᠶ᠎ᠡ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠪᠤᠯᠤᠩ᠎ᠤᠨ ᠰᠡᠭᠦᠯ᠎ᠳᠤ ᠴᠥᠮ WORD ᠬᠡᠪᠯᠡᠯ ᠪᠤᠶᠤ PDF ᠬᠡᠪᠯᠡᠯ᠎ᠤᠨ ᠪᠠᠭᠤᠯᠭ᠋ᠠᠬᠤ ᠴᠥᠷᠬᠡᠯᠡᠭᠡ ᠵᠢ ᠬᠠᠩᠭ᠋ᠠᠵᠤ᠂ ᠣᠯᠠᠨ ᠲᠦᠮᠡᠨ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠢ ᠪᠠᠭᠤᠯᠭ᠋ᠠᠭᠰᠠᠨ᠎ᠤ ᠳᠠᠷᠠᠭ᠎ᠠ ᠬᠡᠷᠡᠭᠯᠡᠬᠦ ᠵᠢᠨ ᠬᠠᠮᠲᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠬᠠᠷᠢᠯᠴᠠᠨ ᠬᠣᠯᠪᠣᠬᠤ ᠵᠢ ᠪᠡᠶᠡᠯᠡᠭᠦᠯᠵᠦ ᠪᠣᠯᠤᠨ᠎ᠠ᠃ ᠬᠣᠶᠠᠷ᠎ᠲᠤ᠂ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠤᠨ ᠠᠵᠢᠯ ᠶᠠᠪᠤᠳᠠᠯ ᠭᠦᠢ᠍ᠴᠡᠳᠭᠡᠬᠦ᠎ᠳᠤ ᠦᠢ᠍ᠯᠡᠴᠢᠯᠡᠬᠦ ᠵᠦᠭᠯᠡᠭᠦᠷ᠎ᠨᠢ ᠪᠥᠬᠥ ᠲᠠᠯ᠎ᠠ ᠵᠢᠨ ᠪᠢᠰᠢ ᠪᠠᠶ᠋ᠢᠬᠤ ᠠᠰᠠᠭᠤᠳᠠᠯ᠎ᠤᠨ ᠲᠤᠬᠠᠶ᠂ ᠠᠵᠢᠯ ᠶᠠᠪᠤᠳᠠᠯ ᠭᠦᠢ᠍ᠴᠡᠳᠭᠡᠬᠦ᠎ᠳᠤ ᠦᠢ᠍ᠯᠡᠴᠢᠯᠡᠬᠦ ᠵᠦᠢ᠍ᠯᠡᠰ᠎ᠢ ᠪᠥᠬᠥ ᠲᠠᠯ᠎ᠠ᠎ᠪᠠᠷ ᠡᠮᠬᠢᠯᠡᠬᠦ᠂ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠤᠨ ᠠᠭᠤᠯᠭ᠎ᠠ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠭᠦᠢ᠍ᠴᠡᠳᠭᠡᠬᠦ ᠨᠥᠬᠥᠴᠡᠯ᠂ ᠦᠨᠳᠦᠰᠦᠯᠡᠯ᠂ ᠳᠡᠰ ᠳᠠᠷᠠᠭ᠋ᠠᠯᠠᠯ ᠵᠡᠷᠭᠡ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ᠂ ᠪᠣᠳᠠᠲᠤ ᠪᠠᠶ᠋ᠢᠳᠠᠯ᠎ᠢ ᠦᠨᠳᠦᠰᠦᠯᠡᠨ ᠪᠠᠭᠤᠯᠭ᠋ᠠᠬᠤ ᠵᠠᠭᠪᠤᠷ᠎ᠢ ᠬᠠᠩᠭ᠋ᠠᠨ᠎ᠠ᠃
ᠵᠢᠷᠭᠤᠭ᠎ᠠ᠂ ᠮᠡᠳᠡᠭᠦᠯᠬᠦ ᠴᠢᠬᠤᠯᠠᠲᠠᠢ ᠪᠤᠰᠤᠳ ᠵᠦᠢ᠍ᠯᠡᠰ
ᠦᠭᠡᠢ᠃