ᠨᠢᠭᠡ᠂ ᠶᠡᠷᠦᠩᠬᠡᠢ ᠪᠠᠶ᠋ᠢᠳᠠᠯ
2019 ᠣᠨ᠎ᠳᠤ᠂ ᠮᠠᠨ᠎ᠤ ᠲᠢᠩᠬᠢᠮ᠎ᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》 ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠲᠣᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠣᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠪ᠎ᠤᠨ ᠠᠵᠢᠯ ᠵᠢᠴᠢ ᠣᠯᠠᠨ ᠨᠡᠶ᠋ᠢᠲᠡ ᠵᠢᠨ ᠠᠩᠬᠠᠷᠤᠯ᠎ᠤᠨ ᠲᠣᠭᠣᠷᠢᠨ᠎ᠳᠤ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠪᠥᠬᠥ ᠲᠠᠯ᠎ᠠ᠎ᠪᠠᠷ ᠠᠬᠢᠭᠤᠯᠵᠤ᠂ ᠮᠡᠳᠡᠭᠡ ᠵᠠᠩᠭᠢ ᠨᠡᠶ᠋ᠢᠲᠡᠯᠡᠬᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠪᠠ ᠬᠠᠷᠢᠭᠤ ᠥᠭᠬᠦ ᠠᠵᠢᠯ᠎ᠢ ᠴᠢᠩᠭ᠋ᠠᠳᠬᠠᠵᠤ᠂ ᠳᠦᠷᠢᠮ ᠲᠣᠭᠲᠠᠴᠠ ᠪᠠ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠥᠬᠡᠶ ᠨᠡᠮᠡᠭᠳᠡᠭᠦᠯᠵᠦ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠰᠢᠨ᠎ᠡ ᠵᠢ ᠡᠭᠦᠳᠬᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃
(ᠨᠢᠭᠡ)ᠨᠢᠭᠡᠳᠦᠯᠲᠡᠶ ᠲᠥᠯᠥᠪᠵᠢᠭᠦᠯᠵᠦ᠂ ᠭᠣᠣᠯᠳᠠᠯᠭ᠎ᠠ᠎ᠪᠠᠨ ᠲᠣᠪᠣᠶ᠋ᠢᠯᠭ᠋ᠠᠨ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠪᠠ᠃ ᠨᠢᠭᠡ᠎ᠳᠤ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠢᠯᠡ ᠪᠣᠯᠭ᠋ᠠᠬᠤ ᠵᠢ ᠴᠢᠩᠭ᠋ᠠᠳᠬᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠲᠦᠷᠢᠮ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ ᠵᠢᠴᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠢᠯᠭ᠋ᠠᠷᠠᠭᠤᠯᠬᠤ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠪᠠ᠃ ᠡᠷᠬᠡ ᠵᠢᠨ ᠨᠠᠷᠢᠨ ᠬᠠᠭᠤᠳᠠᠰᠤ ᠵᠢᠨ ᠳᠦᠷᠢᠮ᠎ᠢ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠡᠷᠬᠡ ᠲᠤᠰᠢᠶᠠᠯ ᠵᠢᠴᠢ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠂ ᠬᠡᠷᠡᠭᠵᠢᠭᠦᠯᠬᠦ ᠭᠣᠤᠯ ᠴᠣᠭᠴᠠ᠂ ᠠᠵᠢᠯᠯᠠᠭ᠋ᠠᠨ᠎ᠤ ᠴᠤᠪᠤᠷᠠᠯ᠂ ᠬᠢᠨᠠᠯᠲᠠ ᠲᠠᠯᠪᠢᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ ᠵᠢ ᠨᠡᠶ᠋ᠢᠭᠡᠮ ᠨᠡᠶ᠋ᠢᠲᠡ᠎ᠳᠤ ᠬᠠᠤᠯᠢ ᠶᠣᠰᠣᠭ᠋ᠠᠷ ᠢᠯᠡ ᠪᠣᠯᠭ᠋ᠠᠪᠠ᠃ 119 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠴᠥᠮ ᠫᠣᠷᠲᠸᠯ ᠰᠦᠯᠵᠢᠶᠡᠨ ᠳᠡᠭᠡᠷ᠎ᠡ ᠨᠡᠶ᠋ᠢᠲᠡᠯᠡᠪᠡ᠃ ᠬᠣᠶᠠᠷ᠎ᠲᠤ᠂ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠪᠠ᠃ ᠮᠠᠨ᠎ᠤ ᠲᠢᠩᠬᠢᠮ᠎ᠤᠨ 2018 ᠣᠨ᠎ᠤ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠭᠡᠯ᠂ 2019 ᠣᠨ᠎ᠤ ᠰᠠᠯᠠᠭ᠎ᠠ ᠮᠥᠴᠢᠷ᠎ᠤᠨ ᠲᠥᠰᠦᠪ ᠪᠠ 2019 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠰᠦᠪ᠎ᠢ ᠢᠯᠡ ᠪᠣᠯᠭ᠋ᠠᠬᠤ ᠬᠣᠯᠪᠣᠭᠳᠠᠯ ᠪᠥᠬᠥᠶ ᠵᠦᠢ᠍ᠯᠡᠰ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠠᠭ ᠲᠤᠬᠠᠶ᠎ᠳᠤᠨᠢ ᠪᠡᠶᠡᠯᠡᠭᠦᠯᠪᠡ᠃ ᠭᠤᠷᠪᠠ᠎ᠳᠤ᠂ ᠴᠢᠬᠤᠯᠠ ᠶᠡᠬᠡ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠭᠠᠴᠠᠭ᠎ᠠ ᠲᠣᠰᠬᠣᠨ᠎ᠳᠤ ᠨᠡᠪᠲᠡᠷᠡᠬᠦ ᠪᠠᠷᠤᠭᠰᠢᠨ ᠱᠦᠢ᠍ᠨᠢ ᠵᠠᠮ ᠪᠠ ᠵᠠᠮ ᠬᠠᠷᠢᠯᠴᠠᠭ᠎ᠠ᠎ᠪᠠᠷ ᠶᠠᠳᠠᠭᠤ ᠵᠢ ᠲᠡᠳᠬᠦᠬᠦ ᠪᠠᠷᠢᠯᠭ᠎ᠠ ᠵᠡᠷᠭᠡ ᠣᠯᠠᠨ ᠨᠡᠶ᠋ᠢᠲᠡ ᠵᠢᠨ ᠠᠰᠢᠭ ᠲᠤᠰᠠ ᠪᠠ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠬᠣᠯᠪᠣᠭᠳᠠᠬᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠲᠣᠭᠣᠷᠢᠨ᠎ᠳᠤ᠂ ᠲᠥᠷᠥᠯ ᠵᠦᠢ᠍ᠯ᠎ᠤᠨ ᠦᠨᠳᠦᠰᠦᠨ ᠮᠡᠳᠡᠭᠡ ᠵᠠᠩᠭᠢ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠴᠢᠬᠤᠯᠠ ᠶᠡᠬᠡ ᠵᠢᠷᠤᠭ ᠲᠥᠯᠥᠪᠯᠡᠭᠡ ᠵᠢ ᠬᠤᠪᠢᠷᠠᠭᠤᠯᠬᠤ᠂ ᠪᠠᠷᠢᠯᠭ᠎ᠠ ᠪᠠᠷᠢᠬᠤ ᠵᠢ ᠬᠠᠮᠢᠶᠠᠷᠬᠤ᠂ ᠭᠡᠷ᠎ᠡ ᠵᠢ ᠭᠦᠢ᠍ᠴᠡᠳᠬᠡᠬᠦ᠂ ᠶᠠᠰᠤ ᠴᠢᠨᠠᠷ᠎ᠤᠨ ᠠᠮᠤᠷ ᠲᠦᠪᠰᠢᠨ᠎ᠢ ᠪᠠᠶ᠋ᠢᠴᠠᠭ᠋ᠠᠬᠤ᠂ ᠪᠡᠯᠡ ᠮᠥᠩᠭᠥ ᠵᠢ ᠬᠠᠮᠢᠶᠠᠷᠬᠤ᠂ ᠰᠢᠯᠭ᠋ᠠᠨ ᠬᠤᠷᠢᠶᠠᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠦᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠪᠠ᠃ ᠪᠥᠬᠥ ᠣᠷᠣᠨ᠎ᠤ ᠡᠵᠡᠩᠨᠡᠯᠲᠡ ᠵᠢᠨ ᠴᠢᠨᠠᠷᠲᠠᠶ ᠵᠠᠰᠠᠮᠠᠯ ᠵᠠᠮ᠎ᠤᠨ ᠠᠶᠠᠨᠴᠢᠳ ᠪᠠ ᠠᠴᠢᠶᠠᠨ᠎ᠤ ᠲᠡᠭᠡᠭᠡᠪᠦᠷᠢ ᠵᠢᠨ ᠬᠡᠮᠵᠢᠶ᠎ᠡ ᠵᠢ ᠪᠡᠶᠡᠯᠡᠭᠦᠯᠦᠭᠰᠡᠨ ᠪᠠᠢ᠌ᠳᠠᠯ᠂ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠰᠠᠷ᠎ᠠ ᠪᠦᠷᠢ ᠲᠢᠩᠬᠢᠮ᠎ᠤᠨ ᠰᠦᠯᠵᠢᠶᠡᠨ ᠳᠡᠭᠡᠷ᠎ᠡ ᠢᠯᠡ ᠪᠣᠯᠭ᠋ᠠᠵᠤ᠂ ᠵᠠᠰᠠᠮᠠᠯ ᠵᠠᠮ᠎ᠤᠨ ᠪᠠᠷᠢᠯᠭ᠎ᠠ ᠵᠢᠨ ᠭᠣᠤᠯ ᠪᠣᠯᠬᠤ ᠪᠠᠷᠢᠯᠭ᠎ᠠ ᠵᠢᠨ ᠮᠠᠲ᠋ᠧᠷᠢᠶᠠᠯ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠤᠯᠠᠷᠢᠯ ᠵᠶ᠋ᠠᠷ ᠢᠯᠡ ᠪᠣᠯᠭ᠋ᠠᠪᠠ᠃ 2019 ᠣᠨ᠎ᠳᠤ᠂ ᠲᠢᠩᠬᠢᠮ᠎ᠤᠨ ᠫᠤᠷᠲ᠋ᠧᠯ ᠰᠦᠯᠵᠢᠶ᠎ᠡ᠎ᠪᠠᠷ ᠳᠠᠮᠵᠢᠭᠤᠯᠤᠨ ᠡᠯ᠎ᠡ ᠲᠥᠷᠥᠯ᠎ᠤᠨ ᠮᠡᠳᠡᠭᠡ ᠵᠠᠩᠭᠢ ᠵᠢ 27719 ᠵᠤᠷᠪᠤᠰ ᠨᠡᠶ᠋ᠢᠲᠡᠯᠡᠪᠡ᠃ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠪᠢᠴᠢᠭ ᠮᠠᠲ᠋ᠧᠷᠢᠶᠠᠯ᠎ᠢ 85 ᠬᠤᠪᠢ ᠢᠯᠡ ᠪᠣᠯᠭ᠋ᠠᠵᠤ᠂ ᠲᠢᠩᠬᠢᠮ᠎ᠤᠨ ᠫᠤᠷᠲ᠋ᠧᠯ ᠰᠦᠯᠵᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠳᠠᠬᠢ ᠰᠤᠷᠪᠤᠯᠵᠢᠯᠠᠭ᠎ᠠ ᠵᠢᠨ ᠲᠣᠭ᠎ᠠ 63 ᠲᠦᠮᠡ ᠭᠠᠷᠤᠶ ᠤᠳᠠᠭ᠎ᠠ᠎ᠳᠤ ᠬᠥᠷᠪᠡ᠃ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ 1013 ᠵᠣᠷᠪᠤᠰ᠂ ᠳᠠᠭ᠋ᠠᠭ᠋ᠠᠴᠢᠯᠠᠯᠲᠠ ᠣᠯᠤᠭᠰᠠᠨ ᠢᠯᠡ ᠨᠡᠢ᠌ᠲᠡᠯᠡᠯ 1051 ᠵᠣᠷᠪᠤᠰ᠂ ᠭᠥᠯᠢᠶᠡᠨ ᠠᠪᠴᠤ ᠰᠢᠢ᠍ᠳᠪᠦᠷᠢᠯᠡᠭᠰᠡᠨ ᠢᠯᠡ ᠨᠡᠢ᠌ᠲᠡᠯᠡᠯ 29 ᠵᠣᠷᠪᠤᠰ᠎ᠢ ᠢᠯᠡ ᠪᠣᠯᠭ᠋ᠠᠪᠠ᠃
(ᠬᠣᠶᠠᠷ) ᠨᠡᠶ᠋ᠢᠲᠡ ᠣᠯᠠᠨ ᠵᠶ᠋ᠠᠷ ᠵᠶ᠋ᠠᠨ ᠣᠷᠣᠯᠴᠠᠵᠤ᠂ ᠠᠩᠬᠠᠷᠴᠤ ᠪᠥᠬᠥᠶ ᠶᠠᠪᠤᠳᠠᠯ᠎ᠳᠤ ᠬᠠᠷᠢᠭᠤ ᠥᠭᠴᠦ᠂ ᠭᠤᠶᠤᠴᠢᠯᠠᠯ ᠵᠶ᠋ᠠᠷ ᠢᠯᠡ ᠪᠣᠯᠭ᠋ᠠᠬᠤ ᠮᠡᠳᠡᠭᠡ ᠵᠠᠩᠭᠢ᠎ᠳᠤ ᠴᠠᠭ ᠲᠤᠬᠠᠶ᠎ᠳᠤᠨᠢ ᠬᠠᠷᠢᠭᠤᠯᠲᠠ ᠦᠭᠪᠡ᠃ ᠨᠢᠭᠡ᠎ᠳᠤ᠂ ᠪᠥᠬᠥ ᠵᠢᠯ᠎ᠳᠤ ᠭᠤᠶᠤᠴᠢᠯᠠᠯ ᠵᠶ᠋ᠡᠷ ᠢᠯᠡ ᠪᠣᠯᠭ᠋ᠠᠬᠤ 14 ᠬᠤᠪᠢ ᠪᠢᠴᠢᠭ ᠮᠠᠲ᠋ᠧᠷᠢᠶᠠᠯ᠎ᠢ ᠭᠥᠯᠢᠶᠡᠨ ᠠᠪᠴᠤ᠂ ᠨᠢᠭᠡᠨᠲᠡ ᠪᠦᠬᠦᠨ᠎ᠢ ᠬᠠᠷᠢᠭᠤᠯᠲᠠ ᠥᠭᠴᠦ᠂ ᠭᠤᠶᠤᠴᠢᠯᠠᠯ ᠵᠶ᠋ᠡᠷ ᠬᠠᠮᠢᠶ᠎ᠠ ᠪᠥᠬᠥᠶ ᠵᠦᠢ᠍ᠯᠡᠰ᠎ᠲᠤ ᠲᠣᠭᠲᠠᠭ᠋ᠠᠯ᠎ᠠᠴᠠ ᠵᠥᠷᠢᠴᠡᠨ ᠰᠦᠢ᠍ᠳᠭᠡᠯ ᠬᠤᠷᠢᠶᠠᠭᠰᠠᠨ ᠪᠠᠶ᠋ᠢᠳᠠᠯ ᠣᠷᠤᠰᠢᠵᠤ ᠪᠠᠢ᠌ᠬᠤ ᠥᠬᠡᠶ᠃ ᠬᠣᠶᠠᠷ᠎ᠲᠤ᠂ ᠲᠢᠩᠬᠢᠮ᠎ᠤᠨ ᠫᠤᠷᠲ᠋ᠧᠯ ᠰᠦᠯᠵᠢᠶ᠎ᠡ᠎ᠳᠤ ᠣᠯᠠᠨ ᠨᠡᠢ᠌ᠲᠡ ᠵᠢᠨ ᠣᠷᠤᠯᠴᠠᠬᠤ ᠪᠣᠯᠤᠩ ᠭᠠᠷᠬᠠᠵᠤ᠂ ᠡᠭᠦᠨ᠎ᠳᠤ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠶ᠋ᠢᠷᠴᠠᠭ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠦᠭᠡ ᠦᠯᠡᠳᠡᠭᠡᠬᠦ ᠵᠥᠪᠯᠡᠯᠭᠡ᠂ ᠵᠠᠭ᠋ᠠᠯᠳᠤᠬᠤ ᠰᠠᠨᠠᠭᠤᠯᠭ᠎ᠠ᠂ ᠠᠷᠠᠳ᠎ᠤᠨ ᠰᠠᠨᠠᠭ᠎ᠠ ᠵᠢ ᠴᠤᠭᠯᠠᠭᠤᠯᠬᠤ᠂ ᠰᠦᠯᠵᠢᠶᠡᠨ ᠳᠡᠭᠡᠷᠡᠬᠢ ᠪᠠᠶ᠋ᠢᠴᠠᠭ᠋ᠠᠯᠲᠠ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠪᠤᠯᠤᠩ᠎ᠢ ᠪᠠᠭᠲᠠᠭ᠋ᠠᠨ᠎ᠠ᠃ ᠫᠣᠷᠲᠸᠯ ᠰᠦᠯᠵᠢᠶ᠎ᠡ᠎ᠨᠢ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠶ᠋ᠢᠷᠴᠠᠭ᠎ᠲᠤ ᠢᠷᠡᠭᠦᠯᠦᠭᠰᠡᠨ ᠵᠠᠬᠢᠳᠠᠯ 42 ᠵᠤᠷᠪᠤᠰ ᠂ ᠦᠭᠡ ᠦᠯᠡᠳᠡᠭᠡᠬᠦ ᠵᠥᠪᠯᠡᠯᠭᠡ 112 ᠵᠤᠷᠪᠤᠰ ᠬᠦᠯᠢᠶᠡᠨ ᠠᠪᠴᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ 18 ᠵᠤᠷᠪᠤᠰ ᠪᠠ ᠵᠠᠭ᠋ᠠᠯᠳᠤᠬᠤ ᠰᠠᠨᠠᠭᠤᠯᠭ᠎ᠠ 52 ᠵᠤᠷᠪᠤᠰ᠎ᠲᠤ ᠴᠥᠮ ᠴᠠᠭ ᠲᠤᠬᠠᠶ᠎ᠳᠤᠨᠢ ᠬᠠᠷᠢᠭᠤ ᠦᠭᠪᠡ᠃ ᠭᠤᠷᠪᠠ᠎ᠳᠤ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠴᠤᠭᠯᠠᠭᠤᠯᠬᠤ᠂ ᠰᠤᠳᠤᠯᠤᠨ ᠮᠠᠭ᠋ᠠᠳᠯᠠᠬᠤ ᠪᠠ ᠬᠠᠷᠢᠭᠤ ᠥᠭᠬᠦ ᠲᠣᠭᠲᠠᠴᠠ ᠵᠢ ᠪᠦᠷᠢᠨᠰᠢᠬᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠎ᠳᠤ ᠬᠣᠯᠪᠣᠭᠳᠠᠭᠰᠠᠨ ᠴᠢᠬᠤᠯᠠ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠂ ᠬᠦᠨᠳᠦ ᠶᠡᠬᠡ ᠭᠡᠨᠡᠳᠲᠡ ᠵᠢᠨ ᠬᠡᠷᠡᠭ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠷᠡᠭ ᠵᠡᠷᠭᠡ ᠬᠠᠯᠠᠮᠰᠢᠯ ᠠᠰᠠᠭᠤᠳᠠᠯ᠎ᠳᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠱᠠᠭ᠋ᠠᠷᠳᠠᠵᠤ ᠪᠠᠶ᠋ᠢᠭ᠋ᠠᠳ ᠬᠠᠤᠯᠢ ᠶᠣᠰᠣᠭ᠋ᠠᠷ ᠳᠡᠰ ᠳᠠᠷᠠᠭ᠋ᠠᠯᠠᠯ ᠵᠶ᠋ᠠᠷ ᠬᠠᠮᠤᠭ᠎ᠤᠨ ᠲᠡᠷᠢᠭᠦᠨ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠮᠡᠳᠡᠭᠦᠯᠬᠦ ᠵᠢᠨ ᠬᠠᠮᠲᠤ᠂ ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶ᠋ᠢᠲᠡᠯᠡᠬᠦ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠬᠤ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠬᠦ ᠵᠡᠷᠭᠡ ᠠᠷᠭ᠎ᠠ ᠮᠠᠶᠢᠭ ᠵᠶ᠋ᠠᠷ ᠬᠠᠷᠢᠭᠤ ᠲᠤᠰᠬᠠᠵᠤ᠂ ᠡᠭᠦᠨ᠎ᠤ ᠬᠠᠮᠲᠤ᠂ ᠠᠵᠢᠯ᠎ᠤᠨ ᠠᠬᠢᠴᠠ ᠵᠢ ᠦᠨᠳᠦᠰᠦᠯᠡᠨ ᠬᠥᠳᠡᠯᠦᠩᠭᠦᠶ ᠮᠡᠳᠡᠭᠡ ᠵᠠᠩᠭᠢ ᠵᠢ ᠦᠷᠭᠦᠯᠵᠢᠯᠡᠨ ᠨᠡᠶ᠋ᠢᠲᠡᠯᠡᠵᠦ᠂ ᠵᠥᠪ ᠲᠠᠯ᠎ᠠ ᠵᠢᠨ ᠬᠥᠲᠥᠯᠦᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠪᠠ᠃
(ᠭᠤᠷᠪᠠ) ᠳᠦᠷᠢᠮ ᠵᠶ᠋ᠠᠨ ᠪᠦᠷᠢᠨᠰᠢᠭᠦᠯᠵᠦ᠂ ᠬᠠᠷᠢᠭᠤᠴᠠᠯᠭ᠎ᠠ ᠵᠢ ᠪᠣᠲᠠᠲᠠᠢ ᠬᠦᠮᠦᠨ᠎ᠳᠤ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠪᠠ᠃ ᠨᠢᠭᠡ᠎ᠳᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠲᠦᠷᠢᠮ᠎ᠢ ᠬᠢᠨᠠᠮᠠᠭ᠋ᠠᠶ ᠨᠠᠢ᠌ᠳᠠᠪᠤᠷᠢᠵᠢᠭᠤᠯᠪᠠ᠃ ᠲᠢᠩᠬᠢᠮ᠎ᠤᠨ 《ᠮᠡᠳᠡᠭᠡ ᠵᠠᠩᠭᠢ ᠨᠡᠶ᠋ᠢᠲᠡᠯᠡᠬᠦ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠳᠦᠷᠢᠮ》᠎ᠤᠨ ᠶᠣᠰᠣᠭ᠋ᠠᠷ᠂ 《ᠤᠷᠢᠳᠠᠪᠠᠷ ᠬᠢᠨᠠᠨ ᠪᠠᠶ᠋ᠢᠴᠠᠭ᠋ᠠᠵᠤ᠂ ᠳᠠᠷᠠᠭ᠎ᠠ᠎ᠨᠢ ᠢᠯᠡ ᠪᠣᠯᠭ᠋ᠠᠬᠤ》 ᠪᠠ 《ᠬᠡᠨ ᠬᠢᠨᠠᠨ ᠪᠠᠢ᠌ᠴᠠᠭ᠋ᠠᠪᠠᠯ ᠬᠡᠨ ᠬᠠᠷᠢᠭᠤᠴᠠᠬᠤ》 ᠵᠠᠷᠴᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠮᠡᠳᠡᠭᠡ ᠵᠠᠩᠭᠢ ᠵᠢ ᠢᠯᠡ ᠪᠣᠯᠭ᠋ᠠᠬᠤ᠎ᠠᠴᠠ ᠡᠮᠦᠨᠡᠬᠢ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠯᠲᠠ ᠵᠢᠨ ᠪᠣᠳᠠᠲᠤ ᠦᠷ᠎ᠡ ᠪᠦᠲᠦᠮᠵᠢᠲᠦ ᠴᠢᠨᠠᠷ᠎ᠢ ᠡᠬᠢ ᠡᠭᠦᠰᠦᠯ᠎ᠠᠴᠠ᠎ᠨᠢ ᠪᠠᠲᠤᠯᠠᠪᠠ᠃ ᠬᠣᠶᠠᠷ᠎ᠲᠤ᠂ ᠮᠡᠳᠡᠭᠡ ᠵᠠᠩᠭᠢ ᠵᠢ ᠢᠯᠡ ᠪᠣᠯᠭ᠋ᠠᠬᠤ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠪᠠ ᠨᠡᠶ᠋ᠢᠲᠡᠯᠡᠬᠦ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠲᠣᠭᠲᠠᠭ᠋ᠠᠯ᠎ᠤᠨ ᠰᠠᠭᠤᠷᠢᠨ ᠳᠡᠭᠡᠷ᠎ᠡ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠦ ᠬᠠᠷᠢᠭᠤ ᠥᠭᠬᠦ᠂ ᠭᠣᠶᠤᠴᠢᠯᠠᠯ ᠵᠶ᠋ᠠᠷ ᠢᠯᠡ ᠪᠣᠯᠭ᠋ᠠᠬᠤ ᠠᠵᠢᠯ᠎ᠤᠨ ᠨᠠᠷᠢᠨ ᠪᠠᠶ᠋ᠢᠳᠠᠯ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠂ ᠰᠠᠨᠠᠭᠤᠯᠭ᠎ᠠ ᠳᠤᠷᠠᠳᠤᠯᠭ᠎ᠠ ᠵᠢ ᠭᠦᠢ᠍ᠴᠡᠳᠭᠡᠭᠰᠡᠨ ᠦᠷ᠎ᠡ ᠳ᠋ᠦᠩ᠎ᠢ ᠢᠯᠡ ᠪᠣᠯᠭ᠋ᠠᠬᠤ ᠵᠡᠷᠭᠡ ᠠᠭᠤᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠲᠢᠩᠬᠢᠮ᠎ᠤᠨ ᠫᠣᠷᠲ᠋ᠧᠯ ᠰᠦᠯᠵᠢᠶ᠎ᠡ᠎ᠳᠤ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠣᠨ᠎ᠤ ᠮᠡᠳᠡᠭᠦᠯᠦᠯᠲᠡ》 ᠵᠢᠨ ᠲᠤᠰᠬᠠᠶ ᠪᠤᠯᠤᠩ᠎ᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠬᠠᠤᠯᠢ ᠶᠣᠰᠣᠭ᠋ᠠᠷ᠂ ᠪᠦᠬᠦ ᠲᠠᠯ᠎ᠠ᠎ᠪᠠᠷ᠂ ᠣᠨᠣᠪᠴᠢᠲᠠᠶ᠂ ᠴᠠᠭ ᠲᠤᠬᠠᠶ᠎ᠳᠤᠨᠢ ᠨᠡᠶ᠋ᠢᠭᠡᠮ᠎ᠳᠤ ᠨᠡᠢ᠌ᠲᠠᠯᠡᠪᠡ᠃ ᠭᠤᠷᠪᠠ᠎ᠳᠤ᠂ ᠰᠣᠨᠢᠨ ᠮᠡᠳᠡᠭᠡᠨ᠎ᠤ ᠥᠭᠦᠯᠡᠭᠴᠢ ᠵᠢᠨ ᠲᠦᠷᠢᠮ᠎ᠢ ᠢᠳᠡᠪᠬᠢᠲᠡᠶ ᠨᠠᠶ᠋ᠢᠳᠠᠪᠤᠷᠢᠵᠢᠭᠤᠯᠪᠠ᠃ ᠰᠣᠨᠢᠨ ᠮᠡᠳᠡᠭᠡᠨ᠎ᠤ ᠥᠭᠦᠯᠡᠭᠴᠢ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠪᠠ᠃ ᠰᠣᠨᠢᠨ ᠮᠡᠳᠡᠭᠡᠨ᠎ᠤ ᠶᠠᠷᠢᠶᠠᠨ᠎ᠤ ᠠᠵᠢᠯ᠎ᠤᠨ ᠴᠣᠪᠤᠷᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠴᠢᠬᠤᠯᠠ ᠮᠡᠳᠡᠭᠡ ᠵᠠᠩᠭᠢ ᠵᠢᠴᠢ ᠬᠠᠯᠠᠮᠰᠢᠯ ᠠᠰᠠᠭᠤᠳᠠᠯ᠎ᠢ ᠨᠡᠶ᠋ᠢᠲᠡᠯᠡᠵᠦ ᠲᠠᠶ᠋ᠢᠯᠪᠤᠷᠢᠯᠠᠬᠤ ᠵᠢ ᠴᠢᠩᠭ᠋ᠠᠳᠬᠠᠪᠠ᠃ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠬᠠᠭᠤᠯᠭ᠎ᠠ ᠵᠢᠨ ᠲᠣᠤᠷ ᠰᠦᠯᠵᠢᠶ᠎ᠡ ᠵᠢ ᠦᠨᠳᠦᠰᠦᠨ ᠱᠠᠲᠤ ᠲᠡᠰᠢ ᠪᠥᠷᠬᠥᠭᠦᠯᠬᠦ ᠵᠢ ᠲᠦᠯᠬᠢᠨ ᠠᠬᠢᠭᠤᠯᠵᠤ᠂ ᠭᠡᠨᠡᠳᠲᠡ ᠵᠢᠨ ᠬᠡᠷᠡᠭ ᠭᠠᠷᠤᠭᠰᠠᠨ ᠲᠡᠷᠡ ᠳᠠᠷᠤᠶᠳᠤᠨᠢ ᠣᠷᠣᠯᠴᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠂ ᠬᠣᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ᠂ ᠣᠨᠣᠪᠴᠢᠲᠠᠶ ᠨᠡᠶ᠋ᠢᠲᠡᠯᠡᠵᠦ᠂ ᠶᠠᠷᠢᠶ᠎ᠠ ᠬᠡᠯᠡᠯᠴᠡᠭᠡ ᠵᠢ ᠵᠥᠪ ᠵᠶ᠋ᠠᠷ ᠬᠥᠲᠥᠯᠥᠨ ᠵᠢᠯᠣᠭᠣᠳᠴᠤ᠂ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠠᠬᠤᠶ ᠵᠢ ᠪᠣᠶ ᠪᠣᠯᠭ᠋ᠠᠪᠠ᠃ ᠳᠥᠷᠪᠡ᠎ᠳᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠯᠪᠠᠰᠤᠷᠠᠭᠤᠯᠤᠯ᠎ᠢ ᠪᠠᠢ᠌ᠩᠭᠤᠵᠢᠭᠤᠯᠪᠠ᠃ ᠮᠠᠨ᠎ᠤ ᠲᠢᠩᠬᠢᠮ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠳᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠯᠪᠠᠰᠤᠷᠠᠭᠤᠯᠤᠯ᠎ᠤᠨ ᠪᠠᠢ᠌ᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ ᠠᠯᠪᠠᠲᠠᠨ᠎ᠤ ᠣᠨ᠎ᠤ ᠪᠣᠯᠪᠠᠰᠤᠷᠠᠭᠤᠯᠤᠯ᠎ᠳᠤ ᠣᠷᠣᠭᠤᠯᠤᠨ᠂ 2019 ᠣᠨ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠭᠤᠯᠤᠯ᠎ᠢ 1 ᠬᠤᠭᠤᠴᠠᠭ᠎ᠠ ᠡᠷᠭᠢᠯᠡᠵᠦ᠂ ᠠᠵᠢᠯᠲᠠᠨ᠎ᠤ ᠲᠥᠷᠥ ᠵᠢᠨ ᠪᠣᠳᠣᠯᠭ᠎ᠠ ᠵᠢᠨ ᠬᠢᠷᠢ ᠲᠦᠪᠰᠢᠨ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠴᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠪᠡ᠃
(ᠳᠥᠷᠪᠡ) ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠪᠤᠯᠤᠩ᠎ᠢ ᠰᠢᠯᠢᠳᠡᠭᠵᠢᠭᠦᠯᠦᠨ᠂ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠨᠢᠭᠡ᠎ᠳᠤ᠂ ᠮᠠᠨ᠎ᠤ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ᠎ᠪᠠᠨ ᠲᠢᠩᠬᠢᠮ᠎ᠤᠨ ᠫᠣᠷᠲ᠋ᠧᠯ ᠰᠦᠯᠵᠢᠶᠡᠨ ᠥᠷᠲᠡᠭᠡ᠎ᠪᠠᠷ ᠭᠣᠣᠯᠳᠠᠯᠭ᠎ᠠ᠎ᠲᠠᠢ ᠢᠯᠡ ᠪᠣᠯᠭ᠋ᠠᠬᠤ ᠲᠠᠪᠴᠠᠩ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶᠡᠨ ᠥᠷᠲᠡᠭᠡ᠎ᠳᠤ ᠬᠠᠤᠯᠢ ᠲᠣᠭᠲᠠᠭ᠋ᠠᠯ ᠠᠯᠪᠠᠨ ᠪᠢᠴᠢᠭ᠂ ᠲᠥᠯᠥᠪᠵᠢᠭᠦᠯᠭᠡ ᠲᠥᠯᠥᠪᠯᠡᠭᠡ᠂ ᠵᠠᠰᠠᠭ ᠵᠠᠬᠢᠷᠭ᠋ᠠᠨ᠎ᠤ ᠡᠷᠬᠡ ᠲᠤᠰᠢᠶᠠᠯ᠂ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠵᠡᠷᠭᠡ᠎ᠪᠠᠷ ᠢᠯᠡ ᠪᠣᠯᠭ᠋ᠠᠪᠠ᠃ ᠠᠵᠢᠯ ᠶᠠᠪᠤᠳᠠᠯ ᠭᠦᠢ᠍ᠴᠡᠳᠭᠡᠬᠦ ᠲᠢᠩᠬᠢᠮ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠵᠠᠯᠭ᠋ᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠨᠤᠲᠠᠯᠠᠯᠲᠠ ᠵᠡᠷᠭᠡ ᠵᠦᠢ᠍ᠯᠡᠰ᠎ᠢ ᠭᠦᠢ᠍ᠴᠡᠳᠭᠡᠨ᠎ᠡ᠃ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠤᠯᠤᠩ᠎ᠢ ᠵᠢᠷᠤᠮᠵᠢᠭᠤᠯᠵᠤ᠂ ᠬᠠᠤᠯᠢ᠎ᠪᠠᠷ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰᠬᠠᠶ ᠠᠭᠤᠯᠭ᠎ᠠ ᠵᠢ ᠨᠡᠢ᠌ᠲᠡᠯᠡᠬᠦ ᠪᠠ ᠬᠠᠮᠢᠶᠠᠷᠬᠤ᠎ᠪᠠᠷ ᠰᠦᠯᠵᠢᠶᠡᠨ᠎ᠤ ᠥᠷᠲᠡᠭᠡ ᠵᠢᠨ ᠪᠤᠯᠤᠩ᠎ᠢ ᠰᠢᠯᠢᠳᠡᠭᠵᠢᠭᠦᠯᠵᠦ᠂ ᠮᠡᠳᠡᠭᠡ ᠵᠠᠩᠭᠢ ᠵᠢᠨ ᠬᠡᠮᠵᠢᠶ᠎ᠡ ᠶᠡᠬᠡ᠎ᠠᠴᠠ ᠪᠣᠯᠵᠤ ᠡᠮᠬᠢ ᠵᠠᠮᠪᠠᠷᠠᠭ᠎ᠠ ᠦᠭᠡᠶ ᠪᠣᠯᠬᠤ᠎ᠠᠴᠠ ᠵᠠᠶ᠋ᠢᠯᠠᠰᠬᠢᠵᠦ᠂ ᠲᠡᠭᠦᠨ᠎ᠢ ᠨᠡᠶ᠋ᠢᠭᠡᠮ ᠨᠡᠶ᠋ᠢᠲᠡ ᠵᠢᠨ ᠳᠥᠭᠥᠮ ᠳᠥᠲᠡ᠂ ᠮᠠᠨ᠎ᠤ ᠲᠢᠩᠬᠢᠮ᠎ᠤᠨ ᠭᠣᠣᠯᠳᠠᠯᠭ᠎ᠠ᠎ᠲᠠᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠪᠦᠬᠦ ᠲᠠᠯ᠎ᠠ᠎ᠪᠠᠷ ᠣᠯᠬᠤ ᠡᠷᠬᠡ ᠰᠦᠷᠲᠦ ᠠᠷᠭ᠎ᠠ ᠵᠠᠮ ᠪᠣᠯᠭ᠋ᠠᠨ ᠪᠠᠶ᠋ᠢᠭᠤᠯᠬᠤ᠎ᠪᠠᠷ ᠴᠢᠷᠮᠠᠶ᠋ᠢᠪᠠ᠃
(ᠲᠠᠪᠤ) ᠬᠢᠨᠠᠨ ᠰᠢᠯᠭ᠋ᠠᠬᠤ ᠵᠢ ᠴᠢᠩᠭ᠋ᠠᠳᠬᠠᠨ᠂ ᠪᠠᠲᠤᠯᠠᠭ᠎ᠠ᠎ᠳᠤ ᠬᠢᠨᠠᠯᠲᠠ ᠲᠠᠯᠪᠢᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠢᠯᠡ ᠪᠣᠯᠭ᠋ᠠᠬᠤ ᠵᠢ ᠦᠨᠡᠨ ᠬᠦ᠌ ᠪᠠᠲᠤᠯᠠᠪᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠬᠢᠨᠠᠯᠲᠠ ᠲᠠᠯᠪᠢᠵᠤ ᠰᠢᠯᠭ᠋ᠠᠨ ᠬᠢᠨᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ᠎ᠢ ᠬᠢᠨᠠᠮᠠᠭ᠋ᠠᠶ ᠨᠠᠢ᠌ᠳᠠᠪᠦᠷᠢᠵᠢᠭᠤᠯᠪᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠲᠢᠩᠬᠢᠮ᠎ᠤᠨ ᠣᠨ᠎ᠤ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠵᠤ᠂ ᠲᠦᠪ᠎ᠤᠨ ᠠᠵᠢᠯ᠎ᠯᠤᠭ᠎ᠠ ᠪᠦᠬᠦᠯᠢ ᠴᠣᠭᠴᠠ᠎ᠪᠠᠷ᠎ᠨᠢ ᠵᠡᠷᠭᠡ᠎ᠳᠤ᠎ᠨᠢ ᠲᠦᠯᠬᠢᠨ ᠠᠬᠢᠭᠤᠯᠵᠤ᠂ ᠶᠡᠷᠦᠩᠬᠡᠶ᠋ᠢᠯᠡᠨ ᠪᠠᠶ᠋ᠢᠴᠠᠭ᠋ᠠᠵᠤ ᠬᠢᠨᠠᠨ ᠰᠢᠯᠭ᠋ᠠᠪᠠ᠃ ᠥᠪᠡᠷᠲᠡᠭᠡᠨ ᠵᠠᠰᠠᠬᠤ ᠣᠷᠣᠨ᠎ᠠᠴᠠ ᠪᠠᠶ᠋ᠢᠷᠢᠯᠠᠭᠤᠯᠤᠭᠰᠠᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ᠂ ᠡᠭᠦᠷᠭᠡ ᠵᠢ ᠴᠠᠭ ᠲᠤᠬᠠᠶ᠎ᠳᠤᠨᠢ ᠵᠠᠳᠠᠯᠵᠤ᠂ ᠠᠵᠢᠯ᠎ᠤᠨ ᠪᠠᠷᠢᠮᠵᠢᠶ᠎ᠠ ᠪᠠ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠬᠢᠨᠠᠮᠠᠭ᠋ᠠᠶ ᠪᠡᠶᠡᠯᠡᠭᠦᠯᠪᠡ᠃
ᠬᠣᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ


ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠶ᠋ᠢᠳᠠᠯ






ᠳᠦᠷᠪᠡ᠂ ᠵᠠᠰᠠᠭ᠎ᠤᠨ ᠣᠷᠳᠤᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠠᠰᠠᠭ ᠵᠠᠬᠢᠷᠭ᠋ᠠᠨ᠎ᠤ ᠳᠠᠬᠢᠨ ᠵᠦᠪᠯᠡᠭᠰᠡᠨ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ

ᠲᠠᠪᠤ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ ᠵᠢᠴᠢ ᠦᠭᠡᠷᠡᠴᠢᠯᠡᠨ ᠰᠠᠶ᠋ᠢᠵᠢᠷᠠᠭᠤᠯᠤᠭᠰᠠᠨ ᠪᠠᠶ᠋ᠢᠳᠠᠯ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠳᠤ ᠵᠠᠰᠠᠪᠤᠷᠢ ᠣᠷᠣᠭᠤᠯᠬᠤ ᠵᠢ ᠳᠠᠭ᠋ᠠᠯᠳᠤᠨ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠡᠪᠴᠢᠶ᠎ᠡ ᠲᠠᠰᠤᠷᠠᠯᠲᠠ ᠤᠢ᠍ᠭᠡᠢ ᠥᠷᠭᠡᠳᠴᠦ᠂ ᠵᠢᠴᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠎ᠬᠢ ᠨᠡᠶ᠋ᠢᠭᠡᠮ᠎ᠤᠨ ᠨᠡᠶ᠋ᠢᠲᠡ ᠣᠯᠠᠨ᠎ᠤ ᠬᠡᠷᠡᠭᠴᠡᠭᠡ ᠱᠠᠭ᠋ᠠᠷᠳᠠᠯᠭ᠎ᠠ ᠡᠬᠢᠯᠡᠨ ᠰᠡᠬᠡᠭᠡᠷᠡᠵᠦ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ 2019 ᠣᠨ᠎ᠳᠤ᠂ ᠬᠡᠳᠦᠶ᠋ᠢᠪᠡᠷ ᠮᠠᠨ᠎ᠤ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨ ᠬᠦ᠌ ᠠᠰᠠᠭᠤᠳᠠᠯ ᠣᠷᠣᠰᠢᠵᠤ ᠪᠠᠶ᠋ᠢᠨ᠎ᠠ᠃ ᠨᠢᠭᠡ᠎ᠳᠤ᠂ ᠢᠯᠡ ᠪᠣᠯᠭ᠋ᠠᠬᠤ ᠬᠦᠷᠢᠶ᠎ᠡ ᠪᠠ ᠬᠡᠪᠴᠢᠶ᠎ᠡ ᠵᠢ ᠪᠠᠰᠠ ᠥᠷᠭᠡᠳᠬᠡᠬᠦ ᠴᠢᠬᠤᠯᠠᠲᠠᠶ ᠪᠠᠶ᠋ᠢᠵᠤ᠂ ᠣᠯᠠᠨ ᠲᠦᠮᠡᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠵᠦᠢ᠍ᠯᠡᠰ᠂ ᠣᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠵᠦᠢ᠍ᠯᠡᠰ᠂ ᠢᠯᠵᠠᠷᠠᠯ᠎ᠤᠨ ᠠᠰᠠᠭᠤᠳᠠᠯ ᠠᠮᠠᠷᠬᠠᠨ ᠡᠭᠦᠰᠬᠦ ᠬᠦᠷᠢᠶ᠎ᠡ ᠪᠠ ᠵᠠᠩᠭᠢᠯᠠᠭ᠎ᠠ ᠵᠢᠨ ᠵᠦᠢ᠍ᠯᠡᠰ᠎ᠤᠨ ᠢᠯᠡ ᠪᠣᠯᠭ᠋ᠠᠬᠤ ᠬᠡᠪᠴᠢᠶ᠎ᠡ ᠵᠢ ᠪᠠᠰᠠ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠲᠠᠶ ᠪᠠᠶ᠋ᠢᠨ᠎ᠠ᠃ ᠬᠣᠶᠠᠷ᠎ᠲᠤ᠂ ᠲᠢᠩᠬᠢᠮ᠎ᠤᠨ ᠫᠣᠷᠲᠸᠯ ᠰᠦᠯᠵᠢᠶ᠎ᠡ ᠵᠢᠨ ᠠᠵᠢᠯ ᠶᠠᠪᠤᠳᠠᠯ ᠭᠦᠢ᠍ᠴᠡᠳᠭᠡᠬᠦ ᠲᠢᠩᠬᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠭᠡᠬᠦ ᠪᠠ ᠦᠢ᠍ᠯᠡᠴᠢᠯᠡᠭᠡᠨ᠎ᠤ ᠴᠢᠳᠠᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ ᠲᠡᠭᠦᠯᠳᠡᠷᠵᠢᠭᠦᠯᠬᠦ ᠴᠢᠬᠤᠯᠠᠲᠠᠶ᠃ ᠭᠤᠷᠪᠠ᠎ᠳᠤ᠂ ᠮᠠᠨ᠎ᠤ ᠲᠢᠩᠬᠢᠮ᠎ᠤᠨ ᠮᠡᠳᠡᠭᠡ ᠵᠠᠩᠭᠢ ᠨᠡᠶ᠋ᠢᠲᠡᠯᠡᠬᠦ ᠲᠠᠪᠴᠠᠩ ᠲᠡᠶ᠋ᠢᠮᠦ ᠪᠠᠶᠠᠯᠢᠭ ᠪᠢᠰᠢ᠂ ᠬᠡᠳᠦᠶ᠋ᠢᠪᠡᠷ ᠸᠢᠴᠠᠲ᠎ᠤᠨ ᠤᠯᠠᠨ ᠨᠡᠶ᠋ᠢᠲᠡ ᠵᠢᠨ ᠳ᠋ᠤᠭ᠋ᠠᠷ᠎ᠢ ᠪᠠᠶ᠋ᠢᠭᠤᠯᠤᠭᠰᠠᠨ ᠪᠥᠭᠡᠳ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠭᠰᠡᠨ ᠪᠣᠯᠪᠠᠴᠤ᠂ ᠪᠢᠴᠢᠯ ᠪᠦᠷᠭᠡ ᠵᠢᠨ ᠲᠠᠪᠴᠠᠩ᠎ᠢ ᠬᠠᠷᠠᠬᠠᠨ ᠪᠠᠶ᠋ᠢᠭᠤᠯᠤᠭ᠋ᠠᠳᠤᠢ ᠪᠠᠶ᠋ᠢᠭᠰᠠᠭ᠋ᠠᠷ᠂ 《ᠪᠢᠴᠢᠯ ᠪᠥᠷᠬᠡ ᠸᠢᠴᠠᠲ ᠨᠢᠭᠡ ᠰᠢᠯᠵᠢᠶ᠎ᠡ》 ᠵᠢᠨ ᠪᠠᠶ᠋ᠢᠭᠤᠯᠤᠯᠲᠠ ᠵᠢ ᠪᠠᠰᠠ ᠴᠢᠩᠭ᠋ᠠᠳᠬᠠᠨ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠨ᠎ᠠ᠃
ᠲᠠᠷᠠᠭ᠋ᠠᠴᠢ ᠵᠢᠨ ᠠᠯᠬᠤᠮ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠵᠢ ᠦᠷᠭᠦᠯᠵᠢᠯᠡᠨ ᠪᠥᠬᠥ ᠲᠠᠯ᠎ᠠ᠎ᠪᠠᠷ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠪ᠎ᠤᠨ ᠠᠵᠢᠯ ᠵᠢᠴᠢ ᠣᠯᠠᠨ ᠨᠡᠶ᠋ᠢᠲᠡ ᠵᠢᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠤᠨ ᠲᠣᠭᠣᠷᠢᠨ᠎ᠳᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ ᠵᠶ᠋ᠠᠨ ᠢᠳᠡᠪᠬᠢᠲᠡᠶ ᠴᠢᠩᠭ᠋ᠠᠷᠠᠭᠤᠯᠵᠤ᠂ ᠮᠡᠳᠡᠭᠡ ᠵᠠᠩᠭᠢ ᠨᠡᠶ᠋ᠢᠲᠡᠯᠡᠬᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠪᠠ ᠨᠡᠶ᠋ᠢᠭᠡᠮ᠎ᠤᠨ ᠬᠠᠷᠢᠭᠤ ᠥᠭᠬᠦ ᠠᠵᠢᠯ᠎ᠢ ᠴᠢᠩᠭ᠋ᠠᠳᠬᠠᠨ᠂ ᠲᠦᠷᠢᠮ ᠲᠣᠭᠲᠠᠴᠠ ᠪᠠ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠣᠳᠠᠲᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠮ ᠬᠠᠷᠢᠯᠴᠠᠭ᠎ᠠ᠂ ᠰᠢᠨ᠎ᠡ ᠵᠢ ᠡᠭᠦᠳᠬᠦ ᠵᠠᠮ ᠬᠠᠷᠢᠯᠴᠠᠭ᠎ᠠ᠂ ᠠᠷᠢᠭᠤᠨ ᠴᠢᠬᠡᠴᠢ ᠵᠠᠮ ᠬᠠᠷᠢᠯᠴᠠᠭ᠎ᠠ ᠪᠠ ᠦᠢ᠍ᠯᠡᠴᠢᠯᠡᠬᠦ ᠵᠠᠮ ᠬᠠᠷᠢᠯᠴᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
ᠵᠢᠷᠭᠤᠭ᠎ᠠ᠂ ᠮᠡᠳᠡᠭᠦᠯᠬᠦ ᠴᠢᠬᠤᠯᠠᠲᠠᠢ ᠪᠤᠰᠤᠳ ᠵᠦᠢ᠍ᠯᠡᠰ
ᠪᠤᠰᠤᠳ ᠮᠡᠳᠡᠭᠦᠯᠦᠯᠲᠡ ᠵᠢᠨ ᠵᠦᠢ᠍ᠯᠡᠰ ᠪᠠᠢ᠌ᠬᠤ ᠦᠭᠡᠢ᠃