2021 ᠣᠨ᠎ᠳᠤ᠂ ᠮᠠᠨ᠎ᠤ ᠲᠢᠩᠬᠢᠮ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠥᠪᠯᠡᠯ᠎ᠤᠨ ᠠᠩᠬᠠᠳᠤᠭ᠋ᠠᠷ᠂ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021-2025 ᠣᠨ)》 ᠪᠣᠯᠤᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠳᠤ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠪᠠ᠃ ᠡᠳᠦᠭᠡ ᠮᠠᠨ᠎ᠤ ᠲᠢᠩᠬᠢᠮ᠎ᠤᠨ 2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠢ ᠳᠤᠤᠷᠠᠬᠢ ᠮᠡᠲᠦ ᠮᠡᠳᠡᠭᠦᠯᠦᠶ᠎ᠡ᠄
ᠨᠢᠭᠡ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠳᠠᠬᠢ ᠨᠠᠮ᠎ᠤᠨ ᠭᠣᠣᠯᠯᠠᠬᠤ ᠤᠳᠤᠷᠢᠳᠬᠤ ᠦᠢ᠍ᠯᠡᠳᠦᠯ᠎ᠢ ᠴᠢᠩᠭ᠋ᠠᠳᠬᠠᠪᠠ
(ᠨᠢᠭᠡ) ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠠ ᠲᠥᠪ ᠬᠣᠷᠢᠶᠠᠨ᠎ᠤ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠣᠭᠤᠰᠢᠯᠠᠭᠤᠯᠪᠠ᠃ ᠮᠠᠨ᠎ᠤ ᠲᠢᠩᠬᠢᠮ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢ ᠴᠠᠭ ᠲᠤᠬᠠᠶ᠎ᠳᠤᠨᠢ ᠲᠣᠬᠢᠷᠠᠭᠤᠯᠵᠤ᠂ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ ᠲᠤᠰᠬᠠᠶ ᠰᠡᠳᠦᠪᠲᠦ ᠰᠤᠷᠤᠯᠴᠠᠯᠭ᠎ᠠ ᠬᠢᠪᠠ᠃ ᠤᠷᠢᠳ ᠬᠣᠵᠢᠳ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠭᠠᠵᠠᠷ᠎ᠤᠨ ᠲᠠᠰ᠎ᠤᠨ ᠺᠠᠳ᠋ᠷ᠎ᠤᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠬᠤ ᠵᠢᠴᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠣᠶ ᠪᠣᠯᠭ᠋ᠠᠬᠤ》 ᠪᠣᠯᠪᠠᠰᠤᠷᠠᠯ᠎ᠤᠨ ᠠᠩᠭᠢ ᠪᠠ ᠪᠥᠬᠥ ᠰᠢᠰᠲ᠋ᠧᠮ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠸᠢᠳᠢᠣ᠋ ᠪᠣᠯᠪᠠᠰᠤᠷᠠᠯ᠎ᠤᠨ ᠠᠩᠭᠢ ᠡᠷᠭᠢᠯᠡᠪᠡ᠃ 《ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ 2021 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠤᠤᠯᠳᠠᠯᠭ᠎ᠠ》᠂ 《ᠲᠢᠩᠬᠢᠮ᠎ᠤᠨ 2021 ᠣᠨ᠎ᠤ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠠᠵᠢᠯ᠎ᠤᠨ ᠭᠤᠤᠯᠳᠠᠯᠭ᠎ᠠ》᠂ 《2021 ᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠭᠤᠤᠯᠳᠠᠯᠭ᠎ᠠ》᠂ 《ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠦᠯ》 ᠵᠢᠴᠢ ᠬᠠᠮᠢᠶ᠎ᠠ ᠪᠥᠬᠥᠶ ᠡᠬᠡ ᠲᠠᠩᠰᠠ ᠵᠢ ᠲᠣᠭᠲᠠᠭ᠋ᠠᠵᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠬᠠᠮᠢᠶ᠎ᠠ ᠪᠥᠬᠥᠶ ᠠᠵᠢᠯ᠎ᠢ ᠰᠠᠷ᠎ᠠ᠎ᠪᠠᠷ ᠲᠣᠬᠢᠷᠠᠭᠤᠯᠵᠤ᠂ ᠰᠠᠷ᠎ᠠ᠎ᠪᠠᠷ ᠵᠠᠷᠯᠠᠨ ᠮᠡᠳᠡᠭᠳᠡᠪᠡ᠃
(ᠬᠣᠶᠠᠷ) 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠤᠬᠠᠢ ᠲᠣᠭᠲᠠᠭ᠋ᠠᠯ》᠎ᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠪᠠ᠃ ᠲᠢᠩᠬᠢᠮ᠎ᠤᠨ ᠭᠣᠣᠯ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠭᠣᠣᠯᠳᠠᠯᠭ᠎ᠠ᠎ᠲᠠᠢ ᠠᠵᠢᠯ᠎ᠢ ᠴᠥᠮ ᠬᠢᠨᠠᠮᠠᠭ᠋ᠠᠢ ᠰᠤᠳᠤᠯᠤᠨ ᠪᠣᠳᠠᠲᠠᠢ ᠱᠠᠭ᠋ᠠᠷᠳᠠᠯᠭ᠎ᠠ ᠳᠤᠷᠠᠳᠬᠤ ᠵᠢᠨ ᠬᠠᠮᠲᠤ ᠪᠡᠶ᠎ᠡ᠎ᠪᠠᠷ ᠵᠶ᠋ᠠᠨ ᠰᠢᠪᠠᠳᠠᠨ ᠰᠢᠢ᠍ᠳᠪᠦᠷᠢᠯᠡᠭᠦᠯᠪᠡ᠃ ᠲᠢᠩᠬᠢᠮ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠᠶ᠋ᠢᠭᠤᠯᠤᠯᠲᠠ ᠵᠢ ᠲᠥᠯᠬᠢᠨ ᠠᠬᠢᠭᠤᠯᠬᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠳᠤᠭᠤᠶ᠋ᠢᠯᠠᠩ᠎ᠳᠤ ᠴᠠᠭ ᠲᠤᠬᠠᠢᠳᠤᠨᠢ ᠲᠣᠬᠢᠷᠠᠭᠣᠯᠣᠯᠳᠠ ᠬᠢᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ 2 ᠤᠳᠠᠭ᠎ᠠ᠂ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ 2 ᠤᠳᠠᠭ᠎ᠠ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠲᠤᠰᠬᠠᠢ ᠰᠡᠳᠦᠪ ᠵᠶ᠋ᠠᠷ ᠰᠣᠨᠣᠰᠴᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠰᠠᠭᠤᠳᠠᠯ᠎ᠢ ᠰᠤᠳᠤᠯᠪᠠ᠃ 《ᠲᠢᠩᠬᠢᠮ᠎ᠤᠨ ᠨᠠᠮ ᠵᠠᠰᠠᠭ᠎ᠤᠨ ᠭᠤᠤᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠲᠣᠭᠲᠠᠭ᠋ᠠᠯ᠎ᠢ ᠲᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ》 《ᠲᠢᠩᠬᠢᠮ᠎ᠤᠨ ᠨᠠᠮ ᠵᠠᠰᠠᠭ᠎ᠤᠨ ᠭᠤᠤᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠲᠤᠬᠠᠶ ᠵᠢᠯᠣᠭᠣᠳᠤᠮᠵᠢ ᠵᠢᠨ ᠨᠠᠷᠢᠨ ᠬᠠᠭᠤᠳᠠᠰᠤ》 《ᠲᠢᠩᠬᠢᠮ᠎ᠤᠨ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠲᠦᠷᠢᠮ》 ᠵᠡᠷᠭᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠶ᠋ᠢᠳᠠᠯ᠎ᠢ ᠲᠤᠰᠢᠶᠠᠯ᠎ᠤᠨ ᠮᠡᠳᠡᠭᠦᠯᠦᠯᠲᠡ ᠵᠢᠨ ᠴᠢᠬᠤᠯᠠ ᠠᠭᠤᠯᠭ᠎ᠠ ᠪᠣᠯᠭ᠋ᠠᠪᠠ᠃
ᠬᠣᠶᠠᠷ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠦᠷᠭᠡᠳᠬᠡᠨ ᠪᠠᠢ᠌ᠭᠤᠯᠪᠠ
(ᠨᠢᠭᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠶᠡᠬᠡ᠎ᠪᠠᠷ ᠰᠢᠯᠢᠳᠡᠭᠵᠢᠭᠦᠯᠪᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠳᠥᠷᠪᠡᠨ ᠭᠦᠢ᠍ᠴᠡᠳᠭᠡᠬᠦ》 ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ 《ᠳᠥᠷᠪᠡᠨ ᠬᠠᠰᠤᠯᠲᠠ》 ᠵᠢ ᠭᠦᠨᠵᠡᠭᠡᠶ ᠠᠬᠢᠭᠤᠯᠵᠤ᠂ ᠨᠢᠭᠡ ᠪᠦᠯᠦᠭ ᠵᠠᠰᠠᠭ ᠵᠠᠬᠢᠷᠭ᠋ᠠᠨ᠎ᠤ ᠡᠷᠬᠡ ᠵᠢ ᠬᠦᠴᠦᠨ ᠥᠬᠡᠶ ᠪᠣᠯᠭ᠋ᠠᠭᠰᠠᠨ ᠪᠠ ᠳᠣᠷᠣᠭᠰᠢ ᠪᠠᠭᠤᠯᠭ᠋ᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠣᠶ ᠪᠥᠬᠥᠶ ᠵᠦᠢ᠍ᠯᠡᠰ᠎ᠢ ᠴᠥᠮ ᠶᠡᠬᠡ ᠲᠢᠩᠬᠢᠮ᠎ᠳᠤ ᠣᠷᠣᠭᠤᠯᠤᠨ ᠭᠦᠢ᠍ᠴᠡᠳᠭᠡᠵᠦ᠂ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠬᠠᠤᠯᠢ᠎ᠪᠠᠷ ᠲᠣᠭᠲᠠᠭ᠋ᠠᠭᠰᠠᠨ ᠴᠠᠭ᠎ᠤᠨ ᠬᠢᠵᠠᠭ᠋ᠠᠷ᠎ᠤᠨ ᠰᠠᠭᠤᠷᠢᠨ ᠳᠡᠭᠡᠷ᠎ᠡ 20%᠎ᠠᠴᠠ ᠳᠡᠭᠡᠭᠰᠢ ᠪᠠᠭ᠋ᠠᠰᠬᠠᠬᠤ ᠵᠢᠨ ᠬᠠᠮᠲᠤ᠂ ᠡᠯᠧᠺᠲᠷᠣᠨ ᠭᠡᠷᠡᠴᠢ ᠦᠨᠡᠮᠯᠡᠯ᠎ᠤᠨ ᠳ᠋ᠠᠶ᠋ᠢᠲ᠋ᠠ ᠵᠢ ᠬᠠᠮᠲᠤ᠎ᠪᠠᠷ ᠭᠥᠷᠳᠡᠬᠦ᠎ᠪᠠᠷ ᠳᠠᠮᠵᠢᠭᠤᠯᠤᠨ ᠭᠡᠷᠡᠴᠢ ᠦᠨᠡᠮᠯᠡᠯ᠎ᠤᠨ ᠲᠥᠷᠥᠯ᠎ᠤᠨ ᠠᠵᠢᠯ ᠶᠠᠪᠤᠳᠠᠯ ᠭᠦᠢ᠍ᠴᠡᠳᠭᠡᠬᠦ ᠮᠠᠲ᠋ᠧᠷᠢᠶᠠᠯ᠎ᠢ ᠲᠤᠰᠢᠶᠠᠬᠤ ᠥᠬᠡᠶ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 45 ᠵᠦᠢ᠍ᠯ᠎ᠤᠨ ᠵᠦᠢ᠍ᠯᠡᠰ᠎ᠢ ᠪᠥᠬᠥ ᠶᠠᠪᠤᠴᠠ᠎ᠳᠤ ᠰᠦᠯᠵᠢᠶ᠎ᠡ᠎ᠪᠠᠷ ᠭᠦᠢ᠍ᠴᠡᠳᠭᠡᠬᠦ ᠵᠢ ᠪᠡᠶᠡᠯᠡᠭᠦᠯᠪᠡ᠃ 《ᠪᠢ ᠰᠦᠯᠵᠢᠶ᠎ᠡ᠎ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠵᠢᠨ ᠬᠢᠷᠢ ᠬᠡᠮ᠎ᠤᠨ ᠦᠨᠡᠮᠯᠡᠯ ᠭᠦᠢ᠍ᠴᠡᠳᠭᠡᠬᠦ》 ᠪᠠ 《ᠪᠢ ᠪᠠᠷᠠᠭ᠎ᠠ ᠲᠡᠭᠡᠭᠡᠪᠦᠷᠢᠯᠡᠬᠦ ᠵᠢ ᠡᠵᠡᠩᠨᠡᠬᠦ》 ᠵᠡᠷᠭᠡ ᠵᠦᠢ᠍ᠯᠡᠰ᠎ᠢ ᠣᠯᠠᠨ ᠲᠦᠮᠡᠨ᠎ᠳᠤ ᠦᠢ᠍ᠯᠡᠴᠢᠯᠡᠬᠦ 《ᠨᠢᠭᠡ ᠶᠠᠪᠤᠳᠠᠯ》 ᠪᠣᠯᠭ᠋ᠠᠨ ᠬᠤᠪᠢᠷᠠᠭᠤᠯᠵᠤ᠂ ᠲᠣᠮᠣ ᠵᠦᠢ᠍ᠯᠡᠰ᠎ᠢ ᠲᠡᠭᠡᠭᠡᠪᠦᠷᠢᠯᠡᠬᠦ ᠪᠠ ᠵᠠᠮ ᠲᠡᠭᠡᠭᠡᠪᠦᠷᠢ ᠵᠢᠨ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠮᠤᠵᠢ ᠠᠯᠤᠰᠯᠠᠨ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠪᠡ᠃ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ᠎ᠳᠤ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠵᠢᠨ 《ᠬᠣᠶᠠᠷ ᠬᠢᠨᠠᠬᠤ ᠵᠢ ᠨᠢᠭᠡᠳᠬᠡᠬᠦ》 ᠵᠢ ᠪᠡᠶᠡᠯᠡᠭᠦᠯᠪᠡ᠃ 《ᠢᠲᠡᠭᠡᠮᠵᠢᠲᠦ ᠵᠠᠮ ᠬᠠᠷᠢᠯᠴᠠᠭ᠋ᠠᠨ᠎ᠤ ᠮᠤᠵᠢ》 ᠵᠢ ᠡᠭᠦᠳᠦᠨ ᠪᠠᠶ᠋ᠢᠭᠤᠯᠬᠤ ᠵᠢ ᠭᠦᠨᠵᠡᠭᠡᠶ ᠠᠬᠢᠭᠤᠯᠵᠤ᠂ ᠭᠡᠷᠡᠴᠢᠯᠡᠬᠦ ᠵᠦᠢ᠍ᠯᠡᠰ ᠪᠠ ᠠᠵᠤ ᠠᠬᠤᠶ᠋ᠢᠯᠠᠯ᠎ᠳᠤ ᠬᠣᠯᠪᠣᠭᠳᠠᠬᠤ ᠡᠵᠡᠩᠨᠡᠯᠲᠡ ᠵᠢᠨ ᠵᠥᠪᠰᠢᠶᠡᠷᠡᠯ᠎ᠤᠨ ᠵᠦᠢ᠍ᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠢ ᠶᠡᠬᠡ᠎ᠪᠠᠷ ᠬᠡᠷᠡᠭᠵᠢᠭᠦᠯᠬᠦ ᠵᠢᠨ ᠬᠠᠮᠲᠤ᠂ ᠵᠠᠰᠠᠭ᠎ᠤᠨ ᠶᠠᠪᠤᠳᠠᠯ᠎ᠤᠨ ᠭᠡᠷ᠎ᠡ᠎ᠪᠠᠨ ᠭᠦᠢ᠍ᠴᠡᠳᠭᠡᠬᠦ ᠪᠠ ᠠᠮᠠᠯᠠᠯᠲᠠ᠎ᠪᠠᠨ ᠭᠦᠢ᠍ᠴᠡᠳᠭᠡᠬᠦ ᠦᠢ᠍ᠯᠡᠴᠢᠯᠡᠭᠡ ᠵᠢ ᠣᠨ᠎ᠤ ᠰᠢᠯᠭ᠋ᠠᠨ ᠬᠢᠨᠠᠬᠤ ᠭᠦᠢ᠍ᠴᠡᠳᠭᠡᠯ ᠲᠣᠭ᠎ᠠ᠎ᠳᠤ ᠣᠷᠤᠭᠤᠯᠪᠠ᠃
(ᠬᠣᠶᠠᠷ) ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠢᠨ ᠲᠤᠰᠬᠠᠶ ᠴᠡᠭᠴᠡᠯᠡᠨ ᠵᠠᠰᠠᠯᠲᠠ ᠵᠢ ᠦᠷᠨᠢᠭᠦᠯᠪᠡ᠃ ᠪᠥᠬᠥ ᠰᠢᠰᠲ᠋ᠧᠮ᠎ᠳᠤ ᠬᠢᠨᠠᠨ ᠵᠥᠪᠰᠢᠶᠡᠷᠡᠬᠦ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠳᠡᠭᠡᠭᠰᠢᠯᠡᠭᠦᠯᠬᠦ᠂ ᠡᠰᠡ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦᠢ ᠵᠡᠷᠭᠡ ᠵᠢ ᠬᠣᠷᠢᠭᠯᠠᠬᠤ᠎ᠪᠠᠷ ᠭᠤᠤᠯᠳᠠᠯᠭ᠎ᠠ ᠪᠣᠯᠭ᠋ᠠᠭᠰᠠᠨ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠵᠦ᠂ ᠪᠤᠰᠤᠳ ᠭᠤᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠤᠨ ᠲᠢᠩᠬᠢᠮ᠎ᠤᠨ ᠤᠳᠤᠷᠢᠳᠤᠯᠭ᠎ᠠ ᠪᠥᠬᠥ ᠰᠢᠰᠲ᠋ᠧᠮ᠎ᠢ ᠬᠠᠮᠤᠷᠤᠭᠰᠠᠨ ᠰᠢᠮᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠪᠡ᠃ ᠪᠥᠬᠥ ᠰᠢᠰᠲ᠋ᠧᠮ ᠵᠶ᠋ᠠᠷ ᠵᠶ᠋ᠠᠨ ᠬᠢᠨᠠᠨ ᠵᠥᠪᠰᠢᠶᠡᠷᠡᠬᠦ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠳᠡᠭᠡᠭᠰᠢᠯᠡᠭᠦᠯᠬᠦ᠂ ᠡᠰᠡ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦᠢ᠎ᠳᠤ ᠬᠣᠯᠪᠣᠭᠳᠠᠭᠰᠠᠨ ᠨᠡᠶ᠋ᠢᠲᠡ 185 ᠠᠰᠠᠭᠤᠳᠠᠯ᠎ᠢ ᠤᠶ᠋ᠢᠯᠠᠭ᠋ᠠᠨ ᠵᠢᠭᠰᠠᠭ᠋ᠠᠬᠤ ᠪᠤᠶᠤ ᠳᠡᠭᠡᠭᠰᠢ ᠮᠡᠳᠡᠭᠦᠯᠵᠦ᠂ ᠡᠮᠬᠢᠯᠡᠨ ᠨᠡᠶ᠋ᠢᠯᠡᠭᠦᠯᠦᠭᠰᠡᠨ᠎ᠤ ᠳᠠᠷᠠᠭ᠎ᠠ ᠨᠠᠷᠢᠨ ᠬᠠᠭᠤᠳᠠᠰᠤ᠎ᠳᠤ ᠣᠷᠣᠭᠤᠯᠤᠭᠰᠠᠨ 59 ᠠᠰᠠᠭᠤᠳᠠᠯ᠎ᠢ ᠨᠢᠭᠡᠨᠲᠡ ᠪᠦᠬᠦᠨ᠎ᠢ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠳᠤ ᠭᠤᠶᠤᠴᠢᠯᠠᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠭᠡᠬᠦ᠎ᠪᠠᠷ ᠯᠠᠪᠯᠠᠯᠲᠠ ᠪᠣᠯᠭ᠋ᠠᠬᠤ ᠵᠦᠭᠯᠡᠭᠦᠷ》᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ 12328 ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠴᠢᠯᠡᠭᠡ᠎ᠳᠤ ᠬᠢᠨᠠᠯᠲᠠ ᠲᠠᠯᠪᠢᠬᠤ ᠤᠲᠠᠰᠤ ᠵᠢᠨ ᠠᠵᠢᠯ᠎ᠤᠨ ᠲᠤᠰᠬᠠᠶ ᠠᠩᠭᠢ ᠵᠢ ᠪᠠᠶ᠋ᠢᠭᠤᠯᠵᠤ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠤᠤᠯ ᠪᠣᠯᠭ᠋ᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠭᠦᠢ᠍ᠴᠡᠳᠭᠡᠬᠦ ᠲᠣᠭᠲᠠᠴᠠ ᠵᠢ ᠪᠠᠶ᠋ᠢᠭᠤᠯᠪᠠ᠃
(ᠭᠤᠷᠪᠠ) ᠲᠥᠪ ᠭᠣᠣᠯᠴᠢ ᠡᠷᠬᠡ ᠲᠡᠭᠰᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠠᠢ᠌ᠭᠤᠯᠪᠠ᠃ 《ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠲᠤᠬᠠᠶ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠳᠥᠯᠭᠢᠨ ᠠᠬᠢᠭᠤᠯᠪᠠ᠃ 《ᠰᠢᠦᠳᠠᠨ᠎ᠤ ᠡᠩ᠎ᠤᠨ ᠦᠢ᠍ᠯᠡᠴᠢᠯᠡᠭᠡᠨ᠎ᠤ ᠲᠤᠰᠬᠠᠢ ᠬᠡᠷᠡᠭᠯᠡᠬᠦ ᠲᠡᠷᠭᠡ ᠬᠥᠰᠬᠡ ᠵᠢᠨ ᠨᠡᠪᠲᠡᠷᠡᠬᠦ ᠰᠦᠢ᠍ᠳᠬᠡᠯ ᠬᠤᠷᠢᠶᠠᠬᠤ ᠪᠠᠷᠢᠮᠵᠢᠶ᠎ᠠ᠎ᠳᠤ ᠲᠤᠬᠢᠷᠠᠭᠤᠯᠤᠯᠳᠠ ᠬᠢᠬᠦ ᠲᠤᠬᠠᠢ ᠲᠢᠩᠬᠢᠮ᠎ᠤᠨ ᠮᠡᠳᠡᠭᠳᠡᠯ》 ᠵᠡᠷᠭᠡ ᠵᠢᠷᠤᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ᠎ᠳᠤ ᠢᠯᠭ᠋ᠠᠷᠠᠭᠤᠯᠬᠤ ᠠᠵᠢᠯ ᠥᠷᠨᠢᠭᠦᠯᠵᠦ᠂ 1 ᠬᠤᠪᠢ ᠵᠢ ᠬᠦᠴᠦᠨ ᠦᠭᠡᠢ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠠᠮᠢᠶᠠᠷᠤᠯᠲᠠ᠎ᠲᠠᠢ ᠬᠣᠯᠪᠤᠭᠳᠠᠬᠤ ᠵᠡᠷᠭᠡ ᠲᠠᠯ᠎ᠠ ᠵᠢᠨ 42 ᠬᠤᠪᠢ ᠵᠢᠷᠤᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ᠎ᠢ ᠨᠡᠢ᠌ᠲᠡᠯᠡᠵᠤ ᠬᠦᠴᠦᠨ ᠦᠭᠡᠢ ᠪᠣᠯᠭ᠋ᠠᠪᠠ᠃ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠪᠠ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠨᠡᠶ᠋ᠢᠲᠡ 39 ᠬᠤᠪᠢ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ ᠪᠠ 13 ᠬᠤᠪᠢ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠭᠠᠷᠭ᠋ᠠᠪᠠ᠃
ᠭᠤᠷᠪᠠ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠰᠢᠨᠵᠢᠯᠡᠬᠦ ᠤᠬᠠᠭ᠋ᠠᠨᠴᠢᠯᠠᠬᠤ ᠠᠷᠠᠳᠴᠢᠯᠠᠬᠤ ᠬᠠᠤᠯᠢᠵᠢᠭᠤᠯᠬᠤ ᠵᠢ ᠦᠷᠭᠦᠯᠵᠢᠯᠡᠨ ᠲᠦᠯᠬᠢᠨ ᠠᠬᠢᠭᠤᠯᠪᠠ
(ᠨᠢᠭᠡ) ᠡᠷᠬᠡ ᠵᠢᠨ ᠬᠢᠵᠠᠭ᠋ᠠᠷᠯᠠᠯ᠎ᠢ ᠴᠢᠩᠭ᠋ᠠᠳᠬᠠᠪᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠲᠢᠩᠬᠢᠮ᠎ᠤᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠵᠢᠯᠣᠭᠣᠳᠤᠮᠵᠢ》 ᠵᠢ ᠨᠠᠶ᠋ᠢᠷᠠᠭᠤᠯᠤᠨ ᠵᠣᠬᠢᠶᠠᠵᠤ᠂ 《ᠲᠢᠩᠬᠢᠮ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠠᠰ ᠳᠠᠷᠠᠭ᠋ᠠᠯᠠᠯ᠎ᠤᠨ ᠵᠢᠯᠣᠭᠣᠳᠤᠮᠵᠢ》 《ᠵᠠᠰᠠᠭ ᠠᠵᠤ ᠠᠬᠤᠶ᠋ᠢᠯᠠᠯ᠎ᠯᠤᠭ᠎ᠠ ᠨᠡᠪᠲᠡᠷᠡᠯᠴᠡᠬᠦ ᠪᠠ ᠪᠠᠶ᠋ᠢᠩᠭᠤ ᠬᠠᠷᠢᠯᠴᠠᠬᠤ ᠵᠢ ᠴᠢᠩᠭ᠋ᠠᠳᠬᠠᠵᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠶᠠᠪᠤᠴᠠ᠎ᠳᠤ ᠠᠵᠢᠯ ᠲᠥᠷᠥᠯ᠎ᠤᠨ ᠠᠵᠤ ᠠᠬᠤᠶ᠋ᠢᠯᠠᠯ ᠪᠠ ᠨᠡᠶ᠋ᠢᠭᠡᠮᠯᠢᠭ᠎ᠤᠨ ᠰᠠᠨᠠᠯ᠎ᠢ ᠭᠦᠢ᠍ᠴᠡᠳ ᠰᠣᠨᠣᠰᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠢᠴᠢᠭ ᠮᠠᠲ᠋ᠧᠷᠢᠶᠠᠯ᠎ᠤᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠠᠤᠯᠢ ᠴᠠᠭ᠋ᠠᠵᠠ ᠵᠢᠨ ᠵᠥᠪᠯᠡᠭᠴᠢ ᠵᠢ ᠵᠢᠯ ᠲᠤᠷᠰᠢ ᠤᠷᠢᠨ ᠬᠡᠷᠡᠭᠯᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡ ᠵᠢ ᠪᠠᠶ᠋ᠢᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠪᠠ ᠲᠢᠩᠬᠢᠮ᠎ᠤᠨ ᠶᠠᠪᠤᠳᠠᠯ᠎ᠤᠨ ᠬᠤᠷᠠᠯ ᠵᠡᠷᠭᠡ ᠬᠠᠮᠢᠶ᠎ᠠ ᠪᠦᠬᠦᠢ ᠬᠤᠷᠠᠯ᠎ᠳᠤ ᠰᠤᠯᠠ ᠣᠷᠣᠯᠴᠠᠬᠤ ᠵᠢ ᠲᠣᠳᠣᠷᠬᠠᠢ ᠱᠠᠭ᠋ᠠᠷᠳᠠᠪᠠ᠃
(ᠬᠣᠶᠠᠷ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠳᠦᠷᠢᠮ᠎ᠤᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠪᠡ᠃ 《ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠳᠦᠷᠢᠮ》᠎ᠤᠨ ᠬᠠᠤᠯᠢ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠯᠲᠡ ᠵᠢ ᠥᠷᠨᠢᠭᠦᠯᠵᠦ᠂ 《ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠳᠦᠷᠢᠮ》 《ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠳᠦᠷᠢᠮ》 《ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠳᠦᠷᠢᠮ》 《ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ》᠎ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠵᠢ ᠮᠡᠳᠡᠭᠦᠯᠦᠨ ᠬᠦᠷᠭᠡᠵᠦ᠂ ᠵᠦᠢ ᠵᠣᠬᠢᠰ ᠦᠭᠡᠶ ᠵᠣᠭᠣᠰ ᠵᠶ᠋ᠠᠷ ᠲᠣᠷᠭ᠋ᠠᠬᠤ ᠲᠣᠭᠲᠠᠭ᠋ᠠᠯ᠎ᠢ ᠢᠯᠭ᠋ᠠᠷᠠᠭᠤᠯᠬᠤ ᠵᠢ ᠦᠷᠨᠢᠭᠦᠯᠪᠡ᠃
(ᠭᠤᠷᠪᠠ) ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠮᠠᠨ᠎ᠤ ᠲᠢᠩᠬᠢᠮ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠎ᠳᠤ ᠲᠣᠬᠢᠷᠠᠭᠤᠯᠤᠯᠲᠠ ᠬᠢᠵᠦ᠂ ᠲᠣᠰ ᠤᠳᠠᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠳᠦᠰᠦᠯᠡᠯ᠎ᠢ ᠳᠣᠭᠢᠷᠠᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ᠎ᠢ ᠵᠠᠳᠠᠯᠤᠭᠰᠠᠨ ᠪᠥᠭᠡᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢ ᠲᠣᠭᠲᠠᠭ᠋ᠠᠪᠠ᠃ ᠨᠡᠶ᠋ᠢᠲᠡ 35 ᠵᠦᠢ᠍ᠯ᠎ᠢ ᠰᠢᠨ᠎ᠡ᠎ᠪᠠᠷ ᠨᠡᠮᠡᠭᠳᠡᠭᠦᠯᠵᠦ᠂ 26 ᠵᠦᠢ᠍ᠯ᠎ᠢ ᠨᠡᠶ᠋ᠢᠯᠡᠭᠦᠯᠦᠨ᠂ 3 ᠵᠦᠢ᠍ᠯ᠎ᠢ᠎ᠨᠢ ᠬᠦᠴᠦᠨ ᠦᠭᠡᠶ ᠪᠣᠯᠭ᠋ᠠᠵᠤ᠂ 1 ᠵᠦᠢ᠍ᠯ᠎ᠢ ᠳᠣᠷᠣᠭᠰᠢ ᠪᠠᠭᠤᠯᠭ᠋ᠠᠨ᠂ ᠬᠠᠤᠯᠢ ᠬᠡᠷᠡᠭᠵᠢᠭᠦᠯᠬᠦ ᠭᠣᠣᠯᠳᠠᠯᠭ᠎ᠠ᠎ᠪᠠᠨ 6 ᠵᠦᠢ᠍ᠯ᠎ᠢ ᠳᠣᠷᠣᠭᠰᠢ ᠰᠢᠯᠵᠢᠭᠦᠯᠪᠡ᠃ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠨᠡᠶ᠋ᠢᠲᠡ 118 ᠵᠦᠢ᠍ᠯ᠎ᠢ ᠦᠯᠡᠳᠡᠭᠡᠵᠦ᠂ ᠡᠭᠦᠨ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ 14 ᠵᠦᠢ᠍ᠯ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠥᠷᠥᠯ 71 ᠵᠦᠢ᠍ᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠲᠥᠷᠥᠯ 4 ᠵᠦᠢ᠍ᠯ᠂ ᠵᠠᠰᠠᠭ ᠵᠠᠬᠢᠷᠭ᠋ᠠᠨ᠎ᠤ ᠨᠤᠲᠠᠯᠠᠯᠲᠠ ᠵᠢᠨ ᠲᠥᠷᠥᠯ 11 ᠵᠦᠢ᠍ᠯ᠂ ᠵᠠᠰᠠᠭ ᠵᠠᠬᠢᠷᠭ᠋ᠠᠨ᠎ᠤ ᠲᠠᠲᠠᠪᠤᠷᠢᠯᠠᠬᠤ ᠲᠥᠷᠥᠯ 1 ᠵᠦᠢ᠍ᠯ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠷᠥᠯ 8 ᠵᠦᠢ᠍ᠯ᠂ ᠵᠠᠰᠠᠭ ᠵᠠᠬᠢᠷᠭ᠋ᠠᠨ᠎ᠤ ᠳᠠᠩᠰᠠᠯᠠᠭᠤᠯᠬᠤ ᠲᠥᠷᠥᠯ 5 ᠵᠦᠢ᠍ᠯ᠂ ᠪᠤᠰᠤᠳ ᠵᠠᠰᠠᠭ ᠵᠠᠬᠢᠷᠭ᠋ᠠᠨ᠎ᠤ ᠡᠷᠬᠡ ᠵᠢᠨ ᠲᠥᠷᠥᠯ 4 ᠵᠦᠢ᠍ᠯ ᠪᠣᠶ᠃
ᠳᠥᠷᠪᠡ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠪᠠ
(ᠨᠢᠭᠡ) ᠬᠠᠤᠯᠢ ᠬᠡᠷᠡᠭᠵᠢᠭᠦᠯᠬᠦ ᠠᠵᠢᠯᠲᠠᠳ᠎ᠤᠨ ᠬᠡᠪ ᠴᠢᠨᠠᠷ ᠪᠣᠯᠤᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠪᠡ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠬᠤ ᠵᠢ 《2021 ᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠬᠤ ᠲᠥᠯᠥᠪᠯᠡᠭᠡ》 ᠪᠣᠯᠤᠨ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠤᠳᠤᠷᠢᠳᠬᠤ ᠺᠠᠳ᠋ᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ᠎ᠢ ᠪᠣᠯᠪᠠᠰᠤᠷᠠᠭᠤᠯᠬᠤ ᠭᠤᠤᠯ ᠠᠭᠤᠯᠭ᠎ᠠ᠎ᠳᠤ ᠣᠷᠤᠭᠤᠯᠪᠠ᠃ ᠪᠥᠬᠥ ᠰᠢᠰᠲ᠋ᠧᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢᠵᠢᠭᠤᠯᠤᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠤᠨ ᠪᠠᠶ᠋ᠢᠭᠤᠯᠤᠯᠲᠠ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠪᠥᠬᠥ ᠰᠢᠰᠲ᠋ᠧᠮ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠬᠡᠪ ᠴᠢᠨᠠᠷ᠎ᠢ ᠳᠡᠭᠡᠭᠰᠢᠯᠡᠭᠦᠯᠬᠦ ᠪᠠ ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠬᠣᠶᠠᠷ᠎ᠤᠨ ᠭᠤᠷᠪᠠᠨ ᠵᠢᠯ᠎ᠤᠨ ᠠᠵᠢᠯᠯᠠᠭ᠎ᠠ ᠵᠢ ᠪᠠᠶ᠋ᠢᠷᠢᠯᠠᠭᠤᠯᠵᠤ᠂ 《ᠤᠯᠤᠰ ᠲᠥᠷᠥ ᠵᠢ ᠡᠷᠬᠢᠮᠯᠡᠬᠦ᠂ ᠣᠪᠤᠷ ᠰᠤᠷᠲᠠᠯ᠎ᠢ ᠰᠢᠯᠢᠳᠡᠭᠵᠢᠭᠦᠯᠬᠦ᠂ ᠦᠢ᠍ᠯᠡᠴᠢᠯᠡᠭᠡ ᠵᠢ ᠴᠢᠩᠭ᠋ᠠᠳᠬᠠᠬᠤ》 ᠲᠤᠰᠬᠠᠶ ᠰᠡᠳᠦᠪᠲᠦ ᠬᠥᠮᠦᠵᠢᠯ ᠪᠠ ᠬᠠᠤᠯᠢ ᠬᠡᠷᠡᠭᠵᠢᠭᠦᠯᠬᠦ ᠠᠵᠢᠯᠲᠠᠨ᠎ᠢ ᠡᠭᠡᠯᠵᠢᠯᠡᠨ ᠪᠣᠯᠪᠠᠰᠤᠷᠠᠭᠤᠯᠬᠤ ᠠᠵᠢᠯ᠎ᠢ ᠱᠠᠲᠤ ᠬᠤᠪᠢᠶᠠᠨ ᠥᠷᠨᠢᠭᠦᠯᠪᠡ᠃ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠬᠡᠷᠡᠭ ᠵᠶ᠋ᠠᠷ ᠰᠡᠷᠡᠮᠵᠢᠯᠡᠭᠦᠯᠬᠦ ᠠᠵᠢᠯ ᠪᠠ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠬᠦ ᠵᠢᠨ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠲᠢᠩᠬᠢᠮ᠎ᠤᠨ ᠰᠢᠭᠤᠳ ᠬᠠᠷᠢᠶ᠎ᠠ ᠬᠠᠤᠯᠢ ᠬᠡᠷᠡᠭᠵᠢᠭᠦᠯᠬᠦ ᠨᠢᠭᠡᠴᠢ ᠵᠢᠨ 《ᠶᠡᠬᠡ ᠮᠥᠷᠥᠶ᠋ᠢᠴᠡᠭᠡᠨ》᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠶᠡᠬᠡ ᠪᠣᠯᠪᠠᠰᠤᠷᠠᠭᠤᠯᠬᠤ ᠶᠡᠭᠡ ᠮᠥᠷᠥᠶ᠋ᠢᠴᠡᠭᠡᠨ᠎ᠤ ᠴᠤᠪᠤᠷᠠᠯ ᠪᠠ ᠪᠠᠷᠢᠮᠵᠢᠶ᠎ᠠ ᠵᠢ ᠲᠣᠭᠲᠠᠭ᠋ᠠᠪᠠ᠃
(ᠬᠣᠶᠠᠷ) ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠠᠷᠯᠠᠯ ᠵᠡᠷᠭᠡ ᠭᠤᠷᠪᠠᠨ ᠵᠦᠢ᠍ᠯ᠎ᠤᠨ ᠲᠦᠷᠢᠮ᠎ᠢ ᠨᠠᠷᠢᠯᠢᠬ᠍ᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠬᠡᠷᠡᠭᠵᠢᠭᠦᠯᠦᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠡᠷᠬᠡ (ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ) ᠵᠢᠨ ᠵᠦᠢ᠍ᠯᠡᠰ᠎ᠤᠨ ᠵᠢᠯᠣᠭᠣᠳᠬᠤ ᠭᠠᠷᠴᠠᠭ》᠎ᠢ ᠰᠤᠳᠤᠯᠤᠨ ᠲᠤᠭᠤᠷᠪᠢᠵᠤ᠂ 《ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭ᠋ᠠᠯᠠᠯ᠂ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ᠂ ᠠᠷᠭ᠎ᠠ ᠮᠠᠶᠢᠭ᠎ᠲᠤ ᠰᠢᠨ᠎ᠡ ᠵᠢ ᠡᠭᠦᠳᠬᠦ᠂ ᠠᠷᠠᠳ᠎ᠲᠤ ᠲᠥᠬᠥᠮ ᠦᠵᠡᠭᠦᠯᠬᠦ᠎ᠳᠤ ᠦᠢ᠍ᠯᠡᠴᠢᠯᠡᠬᠦ ᠵᠡᠷᠭᠡ ᠠᠷᠭ᠎ᠠ ᠪᠠᠷᠢᠯ ᠵᠢ ᠲᠣᠳᠣᠷᠬᠠᠶ᠋ᠢᠯᠠᠪᠠ᠃ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠵᠢ ᠵᠠᠰᠠᠬᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠪᠠ ᠲᠤᠬᠠᠶ ᠵᠢᠨ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠪᠠᠷᠠᠭ᠋ᠠᠨ᠎ᠤ ᠲᠡᠷᠭᠡ ᠵᠢ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠵᠢ ᠲᠤᠰᠬᠠᠶ ᠴᠡᠭᠴᠡᠯᠡᠨ ᠵᠠᠰᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠢᠭᠡ ᠴᠣᠭᠴᠠᠵᠢᠭᠤᠯᠤᠭᠰᠠᠨ ᠲᠠᠪᠴᠠᠩ᠎ᠯᠤᠭ᠎ᠠ ᠵᠣᠯᠭ᠋ᠠᠭᠤᠯᠬᠤ ᠵᠢ ᠪᠡᠶᠡᠯᠡᠭᠦᠯᠵᠦ᠂ ᠵᠠᠮ ᠲᠡᠭᠡᠭᠡᠪᠦᠷᠢ ᠵᠢᠨ ᠬᠢᠷᠢ ᠬᠡᠮ᠎ᠤᠨ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠵᠣᠯᠭ᠋ᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠥᠬᠥ ᠰᠢᠰᠲ᠋ᠧᠮ᠎ᠤᠨ 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》 ᠬᠠᠤᠯᠢ ᠬᠡᠷᠡᠭᠵᠢᠭᠦᠯᠬᠦ ᠲᠠᠪᠴᠠᠩ᠎ᠤᠨ ᠪᠠᠶ᠋ᠢᠭᠤᠯᠤᠯᠲᠠ ᠵᠢ ᠡᠬᠢᠯᠡᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠠᠭᠲᠠᠭ᠋ᠠᠮᠵᠢᠲᠠᠶ ᠪᠥᠭᠡᠳ ᠪᠣᠯᠭᠣᠮᠵᠢᠲᠠᠶ ᠬᠢᠨᠠᠨ ᠬᠠᠮᠢᠶᠠᠷᠬᠤ ᠵᠢ ᠪᠠᠷᠢᠮᠲᠠᠯᠠᠵᠤ᠂ ᠣᠯᠠᠨ ᠭᠠᠵᠠᠷ᠎ᠤᠨ᠎ᠬᠢᠨ ᠰᠦᠯᠵᠢᠶ᠎ᠡ᠎ᠪᠠᠷ ᠲᠡᠷᠭᠡ ᠪᠣᠯᠵᠣᠬᠤ ᠵᠢ ᠡᠨᠡ ᠵᠢᠯ ᠵᠢᠷᠤᠮᠵᠢᠭᠤᠯᠤᠭᠰᠠᠨ ᠰᠠᠭᠤᠷᠢᠨ ᠳᠡᠭᠡᠷᠡᠬᠢ ᠰᠢᠪᠲᠤᠯᠤᠯᠲᠠ᠎ᠲᠠᠢ ᠬᠥᠭᠵᠢᠯᠲᠡ ᠵᠢ ᠪᠡᠶᠡᠯᠡᠭᠦᠯᠪᠡ᠃
(ᠭᠤᠷᠪᠠ) ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ 《ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠲᠤᠬᠠᠶ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠢᠨᠠᠬᠤ ᠬᠠᠮᠢᠶᠠᠷᠬᠤ ᠵᠢ ᠵᠣᠯᠭ᠋ᠠᠯᠳᠤᠭᠤᠯᠬᠤ ᠵᠢ ᠴᠢᠩᠭ᠋ᠠᠳᠬᠠᠬᠤ᠂ ᠬᠠᠤᠯᠢ ᠬᠡᠷᠡᠭᠵᠢᠭᠦᠯᠬᠦ ᠶᠠᠪᠤᠴᠠ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠬᠡᠷᠡᠭ᠎ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭ᠋ᠠᠬᠢ ᠡᠯ᠎ᠡ ᠬᠦᠷᠢᠶᠡᠨ᠎ᠤ ᠲᠤᠰᠢᠶᠠᠯ ᠬᠠᠷᠢᠭᠤᠴᠠᠯᠭ᠎ᠠ ᠵᠢ ᠪᠦᠲᠦᠮᠵᠢᠲᠡᠶ ᠵᠠᠭ᠋ᠠᠭᠯᠠᠨ ᠲᠣᠭᠲᠠᠭ᠋ᠠᠪᠠ᠃ 《ᠬᠣᠶᠠᠷ᠎ᠢ ᠲᠠᠰᠢᠷᠠᠮ ᠳᠠᠭ᠋ᠠᠤ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠭᠦᠨᠵᠡᠭᠡᠶ ᠨᠠᠶ᠋ᠢᠳᠠᠪᠤᠷᠢᠵᠢᠭᠤᠯᠤᠨ᠂ 《ᠨᠢᠭᠡ ᠬᠠᠭᠤᠳᠠᠰᠤ ᠬᠣᠶᠠᠷ ᠬᠥᠮᠥᠷᠭᠡ》 ᠵᠢ ᠬᠥᠳᠡᠯᠦᠩᠭᠦᠶ᠎ᠪᠠᠷ ᠳᠣᠭᠢᠷᠠᠭᠤᠯᠵᠤ᠂ ᠲᠢᠩᠬᠢᠮ᠎ᠤᠨ ᠲᠣᠰ ᠱᠠᠲᠤᠨ᠎ᠤ 2021 ᠣᠨ᠎ᠤ 《ᠬᠣᠶᠠᠷ᠎ᠢ ᠲᠠᠰᠢᠷᠠᠮ ᠳᠠᠭ᠋ᠠᠤ ᠬᠢᠬᠦ》 ᠬᠢᠨᠠᠯᠲᠠ ᠬᠠᠮᠢᠶᠠᠷᠤᠯᠲᠠ ᠵᠢᠨ ᠲᠥᠯᠥᠪᠯᠡᠭᠡ ᠵᠢᠨ ᠡᠭᠦᠷᠭᠡ ᠵᠢ ᠪᠡᠶᠡᠯᠡᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠪᠠᠶ᠋ᠢᠴᠠᠭ᠋ᠠᠯᠲᠠ ᠵᠢ ᠦᠷᠨᠢᠭᠦᠯᠦᠭᠰᠡᠨ ᠪᠦᠭᠡᠳ ᠲᠢᠩᠬᠢᠮ᠎ᠤᠨ ᠫᠤᠷᠲ᠋ᠧᠯ ᠰᠦᠯᠵᠢᠶ᠎ᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠵᠠᠷᠯᠠᠨ ᠨᠡᠢ᠌ᠲᠡᠯᠡᠪᠡ᠃
(ᠳᠥᠷᠪᠡ) ᠭᠤᠤᠯᠳᠠᠯᠭ᠎ᠠ᠎ᠲᠠᠢ ᠬᠦᠷᠢᠶᠡᠨ᠎ᠤ ᠲᠤᠰᠬᠠᠶ ᠴᠡᠭᠴᠡᠯᠡᠨ ᠵᠠᠰᠠᠯᠲᠠ ᠵᠢ ᠴᠢᠩᠭ᠎ᠠ ᠠᠩᠬᠠᠷᠪᠠ᠃ ᠮᠠᠨ᠎ᠤ ᠲᠢᠩᠬᠢᠮ᠎ᠨᠢ 2021 ᠣᠨ᠎ᠤ 5 ᠳ᠋ᠤᠭ᠋ᠠᠷ ᠰᠠᠷ᠎ᠠ᠎ᠠᠴᠠ 10 ᠳ᠋ᠤᠭ᠋ᠠᠷ ᠰᠠᠷ᠎ᠠ ᠪᠣᠯᠲᠠᠯ᠎ᠠ ᠪᠥᠬᠥ ᠰᠢᠰᠲ᠋ᠧᠮ᠎ᠳᠤ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠣᠲᠣᠭ᠋ᠠᠳᠤ ᠬᠢᠵᠠᠭ᠋ᠠᠷᠯᠠᠯ ᠪᠠ ᠭᠠᠳᠠᠭ᠋ᠠᠳᠤ ᠬᠢᠨᠠᠯᠲᠠ ᠵᠢᠨ ᠲᠠᠯ᠎ᠠ᠎ᠪᠠᠷ ᠰᠢᠨ᠎ᠡ ᠠᠷᠭ᠎ᠠ ᠵᠠᠮ᠎ᠢ ᠰᠤᠳᠤᠯᠪᠠ᠃ 《ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢᠨ ᠭᠤᠤᠯᠳᠠᠯᠭ᠎ᠠ᠎ᠲᠠᠢ ᠡᠭᠦᠷᠭᠡ ᠵᠢᠨ ᠨᠠᠷᠢᠨ ᠬᠠᠭᠤᠳᠠᠰᠤ》᠂ 《ᠠᠷᠬᠠᠭ ᠬᠡᠮ᠎ᠢ ᠴᠡᠭᠴᠡᠯᠡᠨ ᠵᠠᠰᠠᠬᠤ ᠨᠠᠷᠢᠨ ᠬᠠᠭᠤᠳᠠᠰᠤ》᠂ 《ᠴᠡᠭᠴᠡᠯᠡᠨ ᠵᠠᠰᠠᠬᠤ ᠠᠵᠢᠯ᠎ᠤᠨ ᠡᠬᠡ ᠲᠠᠩᠰᠠ》 ᠵᠢ ᠨᠠᠶ᠋ᠢᠷᠠᠭᠤᠯᠤᠨ ᠵᠣᠬᠢᠶᠠᠵᠤ᠂ ᠰᠠᠷ᠎ᠠ ᠪᠦᠷᠢ ᠬᠣᠶᠠᠷ ᠤᠳᠠᠭ᠎ᠠ ᠲᠣᠬᠢᠷᠠᠭᠤᠯᠤᠯᠲᠠ ᠬᠢᠵᠦ᠂ ᠲᠢᠩᠬᠢᠮ᠎ᠤᠨ ᠭᠤᠤᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠠᠴᠠ ᠤᠷᠢᠳ ᠬᠣᠵᠢᠳ ᠦᠨᠳᠦᠰᠦᠨ ᠱᠠᠲᠤᠨ᠎ᠳᠤ ᠬᠦᠷᠴᠦ ᠳᠠᠯᠳᠠᠭᠤᠷ ᠰᠤᠷᠪᠤᠯᠵᠢᠯᠠᠨ ᠰᠢᠮᠳᠠᠭᠤᠯᠤᠨ ᠵᠢᠯᠣᠭᠣᠳᠴᠤ᠂ ᠲᠤᠰᠬᠠᠶ ᠬᠥᠮᠦᠨ ᠲᠣᠭᠲᠠᠭ᠋ᠠᠵᠤ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠵᠠᠰᠠᠪᠠ᠃ 《ᠡᠷᠭᠢᠵᠦ ᠬᠠᠷᠠᠬᠤ》 ᠠᠵᠢᠯ᠎ᠤᠨ ᠳᠤᠭᠤᠶ᠋ᠢᠯᠠᠩ 125 ᠵᠢ ᠪᠦᠷᠢᠯᠳᠦᠭᠦᠯᠵᠦ᠂ ᠡᠯ᠎ᠡ ᠬᠦᠷᠢᠶᠡᠨ᠎ᠳᠠᠬᠢ ᠵᠦᠶ ᠵᠣᠬᠢᠰ ᠥᠬᠡᠶ ᠲᠣᠭᠲᠠᠭ᠋ᠠᠯ᠎ᠢ ᠱᠠᠯᠠᠪᠳᠠᠨ ᠢᠯᠭ᠋ᠠᠷᠠᠭᠤᠯᠤᠨ ᠳᠢᠭᠯᠡᠬᠦ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ ᠵᠢ ᠴᠢᠩᠭ᠎ᠠ ᠴᠠᠭ᠋ᠠᠵᠠᠯᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠥᠨᠳᠥᠷ ᠳᠠᠪᠲᠠᠮᠵᠢ᠎ᠲᠠᠢ᠂ ᠥᠨᠳᠥᠷ ᠲᠣᠭ᠎ᠠ ᠬᠡᠮᠵᠢᠶ᠎ᠡ᠎ᠲᠠᠢ᠂ ᠥᠨᠳᠥᠷ ᠵᠠᠭ᠋ᠠᠯᠳᠤᠯᠭ᠎ᠠ᠎ᠲᠠᠢ᠂ ᠥᠨᠳᠥᠷ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠲᠠᠢ ᠵᠦᠢ᠍ᠯᠡᠰ᠎ᠢ ᠲᠥᠪᠯᠡᠷᠡᠭᠦᠯᠦᠨ᠂ ᠭᠦᠨᠵᠡᠭᠡᠶ ᠤᠶ᠋ᠢᠯᠠᠭ᠋ᠠᠨ ᠪᠠᠶ᠋ᠢᠴᠠᠭ᠋ᠠᠵᠤ ᠵᠠᠯᠠᠷᠠᠭᠤᠯᠤᠨ᠂ ᠠᠵᠢᠯᠯᠠᠵᠤ ᠪᠠᠶ᠋ᠢᠭ᠎ᠠ ᠬᠥᠮᠦᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠪᠠ᠃ 《ᠡᠷᠬᠢᠨ ᠬᠠᠷᠠᠬᠤ》᠎ᠳᠤ ᠢᠯᠡᠷᠡᠭᠦᠯᠦᠭᠰᠡᠨ ᠴᠡᠭᠴᠡᠯᠡᠨ ᠰᠠᠶ᠋ᠢᠵᠢᠷᠠᠭᠤᠯᠤᠭ᠋ᠠᠳ ᠪᠠᠷᠢᠮᠵᠢᠶ᠎ᠠ᠎ᠳᠤ ᠭᠦᠷᠦᠭᠰᠡᠨ ᠥᠬᠡᠶ ᠠᠰᠠᠭᠤᠳᠠᠯ᠎ᠢ ᠣᠲᠣ ᠨᠢᠭᠡᠨᠲᠡ ᠪᠦᠬᠦᠨ᠎ᠢ ᠴᠡᠭᠴᠡᠯᠡᠨ ᠰᠠᠶ᠋ᠢᠵᠢᠷᠠᠭᠤᠯᠪᠠ᠃
ᠲᠠᠪᠤ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠡᠬᠢᠯᠡᠭᠦᠯᠪᠡ
《ᠲᠢᠩᠬᠢᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠡᠷᠡᠭᠵᠢᠭᠦᠯᠬᠦ ᠰᠠᠨᠠᠯ (2021-2025)》 ᠪᠠ 《ᠲᠢᠩᠬᠢᠮ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤ》 ᠵᠢ ᠲᠣᠭᠲᠠᠭ᠋ᠠᠭᠰᠠᠨ ᠪᠥᠭᠡᠳ 《〈ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ〉 ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ ᠲᠤᠬᠠᠶ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ ᠵᠡᠷᠭᠡ ᠵᠢ ᠭᠤᠤᠯᠳᠠᠯᠭ᠎ᠠ᠎ᠲᠠᠢ ᠰᠤᠷᠤᠯᠴᠠᠨ ᠤᠬᠠᠭᠤᠯᠬᠤ ᠠᠭᠤᠯᠭ᠎ᠠ᠎ᠳᠤ ᠣᠷᠣᠭᠤᠯᠵᠤ᠂ ᠭᠠᠵᠠᠷ᠎ᠤᠨ ᠲᠠᠰ᠎ᠤᠨ ᠺᠠᠳ᠋ᠷ᠎ᠤᠨ ᠪᠣᠯᠪᠠᠰᠤᠷᠠᠯ᠎ᠤᠨ ᠠᠩᠭᠢ᠂ ᠵᠠᠯᠠᠭᠤ ᠺᠠᠳ᠋ᠷ᠎ᠤᠨ ᠪᠣᠯᠪᠠᠰᠤᠷᠠᠯ᠎ᠤᠨ ᠠᠩᠭᠢ᠂ ᠬᠠᠤᠯᠢ᠎ᠪᠠᠷ ᠵᠠᠰᠠᠬᠤ ᠭᠤᠤᠯᠯᠠᠭᠴᠢ ᠵᠢᠨ ᠪᠣᠯᠪᠠᠰᠤᠷᠠᠯ᠎ᠤᠨ ᠠᠩᠭᠢ ᠪᠠ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠥᠪᠥᠷ ᠮᠣᠩᠭᠣᠯ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠯᠲᠠ ᠵᠢᠨ ᠪᠣᠯᠪᠠᠰᠤᠷᠠᠯ᠎ᠤᠨ ᠠᠩᠭᠢ ᠵᠢ ᠵᠣᠬᠢᠶᠠᠨ ᠪᠠᠶ᠋ᠢᠭᠤᠯᠤᠭᠰᠠᠨ ᠪᠥᠭᠡᠳ 《ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ》 ᠪᠣᠯᠤᠨ 《ᠢᠷᠭᠡᠨ᠎ᠤ ᠬᠠᠤᠯᠢ ᠵᠢᠨ ᠪᠢᠴᠢᠭ》᠎ᠤᠨ ᠲᠤᠰᠬᠠᠶ ᠰᠡᠳᠦᠪᠲᠦ ᠲᠠᠶ᠋ᠢᠯᠤᠮᠵᠢ ᠵᠢ ᠦᠷᠨᠢᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ 《12.4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ ᠪᠠ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠂ ᠵᠠᠮ᠎ᠤᠨ ᠶᠠᠪᠤᠳᠠᠯ᠎ᠤᠨ ᠤᠬᠠᠭᠤᠯᠭ᠎ᠠ ᠵᠢᠨ ᠰᠠᠷ᠎ᠠ᠂ 《4.15》᠎ᠤ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠦᠨᠡᠨᠴᠢ ᠢᠲᠡᠭᠡᠮᠵᠢᠲᠡᠢ᠎ᠪᠠᠷ ᠬᠤᠳᠠᠯᠳᠤᠭ᠎ᠠ ᠵᠢ ᠬᠥᠭᠵᠢᠭᠦᠯᠬᠦ ᠤᠬᠠᠭᠤᠯᠭ᠎ᠠ ᠵᠢᠨ ᠰᠠᠷ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠯᠠᠨ ᠵᠦᠢ᠍ᠯ᠎ᠤᠨ ᠬᠡᠯᠪᠡᠷᠢ᠎ᠪᠠᠷ ᠬᠠᠤᠯᠢ᠎ᠪᠠᠷ ᠵᠠᠰᠠᠬᠤ ᠤᠬᠠᠭᠤᠯᠭ᠎ᠠ ᠵᠢ ᠦᠷᠨᠢᠭᠦᠯᠪᠡ᠃
ᠵᠢᠷᠭᠤᠭ᠎ᠠ᠂ ᠣᠷᠣᠰᠢᠵᠤ ᠪᠠᠶ᠋ᠢᠬᠤ ᠬᠦᠷᠦᠯᠴᠡᠬᠦ ᠥᠬᠡᠶ ᠲᠠᠯ᠎ᠠ ᠵᠢᠴᠢ ᠲᠠᠷᠠᠭ᠋ᠠᠴᠢ ᠵᠢᠨ ᠠᠯᠬᠤᠮ᠎ᠤᠨ ᠲᠣᠬᠢᠷᠠᠭᠤᠯᠤᠯᠲᠠ
ᠮᠠᠨ᠎ᠤ ᠲᠢᠩᠬᠢᠮ᠎ᠨᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠬᠡᠳᠦᠶ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ᠎ᠲᠠᠢ ᠵᠦᠢ᠍ᠯ ᠳᠠᠷᠠᠭ᠋ᠠᠯᠠᠨ ᠬᠠᠷᠢᠴᠠᠭᠤᠯᠵᠤ᠂ ᠬᠥᠭᠵᠢᠭᠰᠡᠨ ᠭᠠᠵᠠᠷ ᠣᠷᠣᠨ᠎ᠤ ᠠᠵᠢᠯ᠎ᠤᠨ ᠪᠠᠷᠢᠮᠵᠢᠶ᠎ᠠ᠎ᠪᠠᠷ ᠪᠠᠷᠢᠮᠵᠢᠶᠠᠯᠠᠨ ᠵᠢᠭᠰᠠᠭ᠋ᠠᠨ ᠪᠠᠶ᠋ᠢᠴᠠᠭ᠋ᠠᠵᠤ ᠡᠮᠬᠢᠯᠡᠭᠰᠡᠨ᠎ᠤ ᠳᠠᠷᠠᠭ᠎ᠠ᠂ ᠣᠳᠣᠬᠠᠨ᠎ᠳᠤ ᠮᠠᠨ᠎ᠤ ᠲᠢᠩᠬᠢᠮ᠎ᠳᠤ ᠮᠥᠨ ᠬᠦ᠌ ᠠᠰᠠᠭᠤᠳᠠᠯ ᠪᠠ ᠵᠥᠷᠢᠶ᠎ᠡ ᠣᠷᠣᠰᠢᠵᠤ ᠪᠠᠶ᠋ᠢᠨ᠎ᠠ᠂ ᠵᠢᠱ᠌ᠢᠶᠡᠯᠡᠪᠡᠯ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠤᠰᠬᠠᠶ ᠮᠡᠷᠭᠡᠵᠢᠯᠲᠡᠨ ᠨᠤᠲᠠᠯᠠᠬᠤ ᠪᠠ ᠠᠶᠤᠯ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠬᠦ ᠵᠢ ᠮᠥᠨ ᠬᠦ᠌ ᠪᠦᠷᠢᠨ ᠪᠥᠷᠬᠥᠭᠦᠯᠬᠦ ᠵᠢ ᠪᠡᠶᠡᠯᠡᠭᠦᠯᠦᠭᠡᠳᠦᠶ ᠪᠠᠶ᠋ᠢᠨ᠎ᠠ; ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠨᠡᠶ᠋ᠢᠳᠡᠮ᠎ᠤᠨ ᠳᠤᠲᠠᠭᠤᠳᠠᠯ ᠨᠡᠯᠢᠶᠡᠳ ᠶᠡᠬᠡ ᠪᠠᠶ᠋ᠢᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠡᠷᠡᠭᠯᠡᠬᠦ ᠡᠷᠴᠢᠮ᠎ᠢ ᠪᠠᠰᠠ ᠴᠢᠩᠭ᠋ᠠᠷᠠᠭᠤᠯᠬᠤ ᠴᠢᠬᠤᠯᠠᠲᠠᠢ ᠪᠠᠶ᠋ᠢᠨ᠎ᠠ; ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠨᠠᠰᠤ᠎ᠨᠢ ᠨᠡᠶ᠋ᠢᠳᠡᠮ᠎ᠳᠤ᠎ᠪᠠᠨ ᠶᠡᠬᠡ ᠰᠢᠭ ᠪᠠᠶ᠋ᠢᠵᠤ᠂ ᠬᠡᠰᠡᠭ ᠨᠢᠭᠡᠴᠢ᠎ᠨᠢ ᠲᠤᠰᠠᠯᠠᠬᠤ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠮᠦᠨ ᠬᠦ᠌ ᠳᠤᠲᠠᠮᠠᠭ ᠪᠠᠶ᠋ᠢᠵᠤ᠂ ᠠᠵᠢᠯᠲᠠᠨ᠎ᠤ ᠮᠡᠳᠡᠯᠭᠡ ᠵᠢᠨ ᠨᠥᠭᠡᠴᠡ ᠪᠠ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ᠎ᠨᠢ ᠵᠣᠬᠢᠴᠠᠯᠳᠤᠬᠤ ᠥᠬᠡᠶ᠂ ᠬᠠᠤᠯᠢ ᠬᠡᠷᠡᠭᠵᠢᠭᠦᠯᠬᠦ ᠠᠵᠢᠯᠲᠠᠨ᠎ᠤ ᠤᠯᠤᠰ ᠲᠥᠷᠥ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠮᠥᠨ ᠬᠦ᠌ ᠳᠡᠭᠡᠭᠰᠢᠯᠡᠭᠦᠯᠬᠦ ᠴᠢᠬᠤᠯᠠᠲᠠᠶ ᠪᠠᠶ᠋ᠢᠵᠤ᠂ ᠬᠠᠤᠯᠢ ᠴᠠᠭ᠋ᠠᠵᠠ ᠵᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠬᠡᠯᠪᠡᠷᠢ᠎ᠨᠢ ᠨᠡᠯᠢᠶᠡᠳ ᠲᠠᠩ ᠴᠤᠯᠭᠤᠶ᠂ ᠤᠬᠠᠭᠤᠯᠤᠨ ᠲᠣᠭᠤᠰᠢᠯᠠᠭᠤᠯᠬᠤ᠎ᠨᠢ ᠪᠠᠰᠠ ᠲᠡᠶ᠋ᠢᠮᠦ ᠭᠦᠨᠵᠡᠭᠡᠶ ᠪᠤᠰᠤ ᠪᠠᠶ᠋ᠢᠬᠤ ᠵᠡᠷᠭᠡ ᠪᠣᠯᠤᠨ᠎ᠠ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ ᠦᠷᠭᠦᠯᠵᠢᠯᠡᠨ ᠠᠵᠢᠯ᠎ᠤᠨ ᠳᠤᠲᠠᠭᠤᠳᠠᠯ ᠪᠠᠭᠤᠷᠠᠶ ᠲᠠᠯ᠎ᠠ ᠪᠠ ᠣᠯᠠᠨ ᠲᠦᠮᠡᠨ᠎ᠤ ᠪᠠᠴᠢᠮ ᠬᠦᠴᠢᠷᠳᠡᠯ ᠵᠣᠪᠠᠨᠢᠯ ᠡᠷᠡᠮᠡᠯᠵᠡᠯ᠎ᠢ ᠴᠢᠩᠭ᠎ᠠ ᠠᠩᠬᠠᠷᠴᠤ᠂ ᠬᠠᠤᠯᠢ᠎ᠪᠠᠷ ᠵᠠᠰᠠᠬᠤ ᠵᠢᠯᠣᠭᠣᠳᠤᠮᠵᠢ ᠵᠢ ᠴᠢᠩᠭ᠋ᠠᠳᠬᠠᠵᠤ᠂ ᠤᠳᠤᠷᠢᠳᠬᠤ ᠺᠠᠳ᠋ᠷ᠎ᠤᠨ ᠡᠨᠡ ᠬᠦ᠌ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠢᠲᠡᠭᠡᠮᠵᠢ ᠵᠢᠨ ᠰᠢᠰᠲᠸᠮᠵᠢ ᠵᠢᠨ ᠪᠠᠶ᠋ᠢᠭᠤᠯᠤᠯᠲᠠ ᠵᠡᠷᠭᠡ ᠠᠵᠢᠯ᠎ᠢ ᠨᠢᠭᠡ ᠴᠤᠭᠴᠠᠵᠢᠭᠤᠯᠤᠨ ᠠᠬᠢᠭᠤᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ᠂ ᠬᠡᠪ᠎ᠤᠨ ᠪᠠᠶ᠋ᠢᠳᠠᠯ ᠳᠡᠭᠡᠷ᠎ᠡ ᠬᠦᠴᠦᠯᠡᠵᠦ᠂ ᠥᠩᠭᠡᠨ ᠲᠠᠯ᠎ᠠ ᠵᠢ ᠵᠠᠰᠠᠬᠤ ᠪᠠ ᠦᠨᠳᠦᠰᠦ ᠰᠤᠷᠪᠤᠯᠵᠢ ᠵᠢ ᠵᠠᠰᠠᠬᠤ ᠵᠢ ᠵᠡᠷᠭᠡ᠎ᠪᠠᠷ ᠬᠠᠷᠠᠭ᠋ᠠᠯᠵᠠᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠡᠷᠡᠭ᠎ᠤᠨ ᠡᠮᠦᠨᠡᠬᠢ᠂ ᠬᠡᠷᠡᠭ᠎ᠤᠨ ᠲᠤᠮᠳᠠᠬᠢ᠂ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠣᠷᠭ᠋ᠠᠨᠢᠭ ᠵᠶ᠋ᠠᠷ ᠵᠣᠯᠭ᠋ᠠᠭᠤᠯᠵᠤ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ 《ᠨᠢᠭᠡ ᠬᠥᠯᠭᠡ ᠰᠢᠲᠠᠷ᠎ᠠ》 ᠵᠢ ᠪᠡᠶᠡᠯᠡᠭᠦᠯᠵᠦ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠬᠤ᠎ᠪᠠᠷ ᠴᠢᠷᠮᠠᠶ᠋ᠢᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠨ᠎ᠠ᠃